ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ 《ᠨᠠᠮ᠎ᠤᠨ ᠠᠴᠢ᠎ᠳᠤ ᠳᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-04-02

      2024 ᠣᠨ᠎ᠤ 3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠠᠴᠠ ᠪᠥᠬᠥ ᠨᠠᠮ᠎ᠤᠨ ᠭᠡᠰᠢᠭᠦᠨ ᠺᠠᠳ᠋ᠷ ᠵᠶ᠋ᠠᠨ ᠵᠣᠬᠢᠶᠠᠨ ᠪᠠᠢ᠌ᠭᠤᠯᠵᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

W020240325684699342241.png     

      ᠠᠵᠢᠯᠯᠠᠭ᠎ᠠ ᠵᠢᠨ ᠳᠤᠮᠳᠠ᠂ ᠨᠠᠮ᠎ᠤᠨ ᠡᠭᠦᠷ᠎ᠤᠨ ᠳᠡᠳ᠋ ᠱᠦᠵᠢ ᠯᠢ ᠯᠢ ᠨᠥᠬᠥᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠠᠷᠠᠭ᠋ᠠᠨ᠎ᠳᠠᠬᠢ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠰᠠᠢ᠌ᠲᠤᠷ ᠬᠢᠶ᠎ᠠ》 ᠭᠡᠬᠦ ᠲᠤᠰᠬᠠᠶ ᠰᠡᠳᠦᠪᠲᠦ ᠨᠠᠮ᠎ᠤᠨ ᠬᠢᠴᠢᠶᠡᠯ ᠤᠷᠤᠵᠤ᠂ ᠨᠠᠮ᠎ᠤᠨ ᠭᠡᠰᠢᠭᠦᠨ ᠺᠠᠳ᠋ᠷ᠎ᠲᠤ 《ᠵᠢᠷᠭᠤᠭ᠋ᠠᠨ ᠥᠭᠦᠯᠡᠪᠦᠷᠢ》 ᠦᠬᠡᠨ᠎ᠳᠠᠬᠢ ᠪᠣᠳᠠᠲᠤ ᠶᠠᠪᠤᠳᠠᠯ ᠪᠠ ᠶᠣᠰᠣ ᠵᠦᠢ ᠵᠢ ᠭᠦᠨᠵᠡᠭᠡᠶ ᠲᠠᠢ᠌ᠯᠪᠤᠷᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠤᠳᠤᠷ ᠪᠢᠴᠢᠭ᠎ᠤᠨ ᠠᠵᠢᠯ᠎ᠢ ᠰᠠᠢ᠌ᠲᠤᠷ ᠬᠢᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠤᠷᠪᠠᠨ ᠲᠠᠯ᠎ᠠ᠎ᠠᠴᠠ ᠲᠠᠢ᠌ᠯᠪᠤᠷᠢᠯᠠᠵᠤ᠂ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ ᠶᠡᠷᠦᠩᠬᠡᠶ ᠱᠦᠵᠢ ᠰᠢ ᠵᠢᠨ ᠫᠢᠩ᠎ᠤᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠪᠠ᠃ ᠲᠠᠷᠠᠭ᠎ᠠ᠎ᠨᠢ᠂ ᠪᠦᠬᠦ ᠨᠠᠮ᠎ᠤᠨ ᠭᠡᠰᠢᠭᠦᠨ ᠺᠠᠳ᠋ᠷ ᠠᠵᠢᠯ᠎ᠤᠨ ᠪᠣᠳᠠᠲᠤ ᠪᠠᠢ᠌ᠳᠠᠯ ᠵᠢᠴᠢ ᠦᠵᠡᠯ ᠰᠠᠨᠠᠭ᠎ᠠ ᠲᠠᠨᠢᠯᠲᠠ᠎ᠲᠠᠢ᠎ᠪᠠᠨ ᠤᠶᠠᠯᠳᠤᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠭᠣᠣᠯ ᠰᠡᠳᠦᠪ᠎ᠤᠨ ᠲᠣᠭᠣᠷᠢᠨ᠎ᠳᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠪᠠ᠃
      ᠤᠯᠠᠨ ᠵᠶ᠋ᠠᠷ ᠵᠶ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ 《ᠥᠪᠥᠷ ᠮᠣᠩᠭᠣᠯ᠎ᠤᠨ ᠪᠣᠳᠢ》᠂ 《ᠦᠨᠳᠦᠰᠦᠲᠡᠨ᠎ᠤ ᠪᠣᠳᠢ》 ᠵᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢ᠌ᠯᠠᠭ᠋ᠠᠵᠤ᠂ 《ᠵᠢᠷᠭᠤᠭ᠋ᠠᠨ ᠥᠭᠦᠯᠡᠪᠦᠷᠢ》 ᠦᠬᠡᠨ᠎ᠳᠠᠬᠢ ᠪᠣᠳᠠᠲᠤ ᠶᠠᠪᠤᠳᠠᠯ ᠪᠠ ᠶᠣᠰᠣ ᠵᠦᠢ ᠵᠢ ᠪᠠᠲᠤ ᠴᠡᠭᠡᠵᠢᠯᠡᠵᠦ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃


      ᠣᠷᠴᠢᠭᠤᠯᠤᠭᠴᠢ᠄ ᠣᠶᠤᠨᠰᠡᠴᠡᠨ
       ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
       ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ