4 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 10᠎ᠤ ᠡᠳᠦᠷ ᠪᠣᠯᠲᠠᠯ᠎ᠠ᠂ ᠭᠦᠢᠯᠢᠨᠤ ᠲᠣᠮᠣ ᠵᠥᠴᠦᠭᠡ ᠵᠢᠨ ᠲᠢᠶᠠᠲᠷ᠎ᠲᠤ ᠦᠪᠡᠳᠡᠭᠰᠢ ᠶᠡᠬᠡ᠎ᠪᠠᠷ ᠶᠠᠪᠤᠭᠳᠠᠭᠰᠠᠨ 2024 ᠣᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠳᠠᠭᠤᠤ ᠪᠦᠲᠦᠭᠡᠯ᠎ᠤᠨ ᠦᠵᠡᠭᠦᠯᠭᠡ ᠵᠢᠨ ᠲᠣᠭᠯᠠᠯᠲᠠ᠎ᠳᠤ᠂ ᠮᠠᠨ᠎ᠤ ᠣᠷᠣᠨ᠎ᠤ ᠣᠷᠳᠣᠰ ᠬᠣᠲᠠ ᠵᠢᠨ ᠤᠯᠠᠭ᠋ᠠᠨᠮᠥ᠋ᠴᠢᠷ᠎ᠤᠨ ᠬᠤᠯᠪᠤᠭ᠎ᠠ ᠬᠠᠮᠳᠤᠯᠢᠭ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠮᠠᠭᠲᠠᠭ᠋ᠠᠯ》᠂ ᠪᠤᠭᠤᠲᠤ ᠬᠣᠲᠠ ᠵᠢᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠴᠡᠯᠡᠭᠡᠷ ᠬᠠᠮᠳᠤᠯᠢᠭ᠎ᠤᠨ 《ᠤᠨᠠᠭ᠋ᠠᠨ ᠰᠡᠷᠡᠯ》 ᠵᠢᠴᠢ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠲᠤᠯᠤᠭ᠋ᠠᠨ ᠡᠬᠡᠰᠢᠭ ᠬᠠᠮᠳᠤᠯᠢᠭ᠎ᠤᠨ 《ᠶᠦᠩᠷᠦᠮ᠎ᠠ》 ᠵᠡᠷᠬᠡ ᠭᠤᠷᠪᠠᠨ ᠪᠦᠲᠦᠭᠡᠯ᠎ᠨᠢ ᠰᠤᠳᠤᠨ ᠠᠮᠵᠢᠯᠳᠠ ᠣᠯᠵᠤ᠂ ᠪᠥᠬᠥ ᠤᠯᠤᠰ᠎ᠤᠨ ᠦᠵᠡᠭᠴᠢᠳ᠎ᠤᠨ ᠥᠷᠭᠡᠨ ᠳᠡᠯᠭᠡᠷ ᠮᠠᠭᠲᠠᠭ᠋ᠠᠯ ᠰᠠᠢ᠌ᠰᠢᠶᠠᠯ᠎ᠢ ᠬᠦᠷᠲᠡᠵᠦ᠂ ᠮᠠᠨ᠎ᠤ ᠣᠷᠣᠨ᠎ᠤ ᠰᠣᠶᠣᠯ ᠤᠷᠠᠯᠢᠭ᠎ᠤᠨ ᠴᠠᠷᠠᠭ᠎ᠠ ᠬᠦᠷᠢᠶᠡᠨ᠎ᠤ ᠠᠭᠤᠰᠤᠯᠴᠠᠯ ᠰᠢᠨ᠎ᠠ ᠡᠬᠦᠳᠦᠯᠳᠡ ᠪᠤᠯᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠪᠡ᠃
ᠲᠣᠭᠯᠠᠯᠲᠠ᠎ᠳᠤ ᠣᠷᠣᠯᠴᠠᠭᠰᠠᠨ ᠭᠤᠷᠪᠠᠨ ᠪᠦᠲᠦᠭᠡᠯ ᠪᠤᠯ ᠮᠠᠨ᠎ᠤ ᠣᠷᠣᠨ᠎ᠤ ᠡᠯ᠎ᠡ ᠠᠢ᠌ᠮᠠᠭ ᠬᠣᠲᠠ ᠵᠢᠨ ᠤᠯᠠᠭ᠋ᠠᠨᠮᠥ᠋ᠴᠢᠷ᠂ ᠤᠷᠠᠯᠢᠭ᠎ᠤᠨ ᠳᠡᠭᠡᠳᠦ ᠰᠤᠷᠭ᠋ᠠᠭᠤᠯᠢ᠂ ᠠᠷᠠᠳ᠎ᠤᠨ ᠤᠷᠠᠯᠢᠭᠴᠢᠨ ᠵᠡᠷᠭᠡ ᠪᠦᠯᠬᠦᠮ ᠪᠤᠶᠤ ᠬᠤᠪᠢ ᠬᠥᠮᠦᠨ᠎ᠤ ᠮᠡᠳᠡᠭᠦᠯᠦᠨ ᠬᠦᠷᠭᠡᠭᠰᠡᠨ 176 ᠪᠦᠲᠦᠭᠡᠯ᠎ᠠᠴᠠ ᠴᠢᠩᠭ᠎ᠠ ᠨᠢᠮᠪᠠᠢ ᠰᠣᠩᠭᠣᠨ ᠰᠢᠯᠭ᠋ᠠᠷᠠᠭᠤᠯᠤᠭᠰᠠᠨ᠂ ᠥᠪᠥᠷ ᠮᠣᠩᠭᠣᠯ᠎ᠤᠨ ᠰᠣᠶᠣᠯ ᠤᠷᠠᠯᠢᠭ᠎ᠤᠨ ᠨᠡᠯᠢᠶᠡᠳ ᠥᠨᠳᠥᠷ ᠬᠢᠷᠢ ᠲᠦᠪᠰᠢᠨ᠎ᠢ ᠲᠥᠯᠥᠭᠡᠯᠡᠭᠰᠡᠨ ᠪᠦᠲᠦᠭᠡᠯ ᠪᠣᠯᠬᠤ ᠶᠤᠮ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠮᠠᠭᠲᠠᠭ᠋ᠠᠯ》 ᠪᠣᠯ ᠤᠷᠠᠯᠢᠭ᠎ᠤᠨ ᠨᠥᠯᠥᠭᠡᠯᠡᠬᠦ ᠬᠦᠴᠦᠨ ᠵᠶ᠋ᠡᠷ ᠪᠢᠯᠬᠠᠮ᠎ᠠ 《ᠬᠣᠯᠪᠣᠭ᠎ᠠ》 ᠪᠤᠯᠤᠨ᠎ᠠ᠂ ᠲᠡᠭᠦᠨ᠎ᠤ ᠢᠷᠠᠭᠤ ᠰᠠᠢ᠌ᠬᠠᠨ ᠠᠢ᠌ᠵᠠᠮ ᠴᠣᠬᠢᠯᠭ᠎ᠠ᠂ ᠴᠡᠪᠡᠷ ᠪᠣᠷᠣᠭᠵᠢᠭᠤᠨ ᠳᠠᠭᠤᠯᠠᠯ᠎ᠤᠨ ᠦᠭᠡ᠎ᠨᠢ ᠦᠨᠳᠦᠰᠦᠨ ᠱᠠᠲᠤᠨ᠎ᠤ ᠤᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ᠎ᠢ ᠡᠷᠬᠢᠮᠯᠡᠬᠦ ᠪᠣᠷᠣᠭᠵᠢᠭᠤᠨ ᠰᠡᠳᠬᠢᠯᠭᠡ ᠵᠢ ᠢᠯᠡᠳᠬᠡᠵᠦ᠂ ᠲᠤᠬᠠᠢ ᠵᠢᠨ ᠲᠠᠯᠠᠪᠠᠢ ᠵᠢᠨ ᠦᠵᠡᠭᠴᠢᠳ᠎ᠤᠨ ᠬᠠᠯᠠᠭᠤᠨ ᠠᠯᠠᠭ᠎ᠠ ᠲᠠᠰᠢᠯᠳᠠ ᠵᠢ ᠬᠦᠷᠲᠡᠪᠡ᠃ 《ᠤᠨᠠᠭ᠋ᠠᠨ ᠰᠡᠷᠡᠯ》 ᠪᠣᠯ ᠥᠪᠥᠷ ᠮᠣᠩᠭᠣᠯ ᠪᠣᠯᠤᠨ ᠱᠠᠨ ᠰᠢ ᠵᠢᠨ ᠠᠭᠤᠯᠵᠠᠷ ᠣᠷᠣᠨ᠎ᠳᠤ ᠤᠯᠠᠮᠵᠢᠯᠠᠭᠳᠠᠨ ᠳᠡᠯᠭᠡᠷᠡᠭᠰᠡᠨ ᠠᠷᠠᠳ᠎ᠤᠨ ᠳᠠᠭᠤᠤ ᠵᠢ ᠰᠢᠨᠡᠴᠢᠯᠡᠨ ᠲᠣᠭᠯᠠᠭᠰᠠᠨ ᠪᠦᠲᠦᠭᠡᠯ ᠪᠤᠯᠤᠨ᠎ᠠ᠂ ᠡᠨ᠋ᠨ ᠬᠦ᠌ ᠳᠠᠭᠤᠤ᠎ᠳᠤ 《ᠪᠠᠷᠠᠭᠤᠨᠰᠢ ᠬᠡᠰᠦᠬᠦᠴᠢᠯᠡᠭᠰᠡᠨ》 ᠠᠷᠠᠳ᠎ᠤᠨ ᠦᠨᠳᠦᠰᠦᠲᠡᠨ᠎ᠤ ᠠᠭᠤᠰᠤᠯᠴᠠᠯ ᠪᠠ ᠰᠣᠶᠣᠯ᠎ᠤᠨ ᠠᠭᠤᠰᠤᠯᠴᠠᠯ᠎ᠢ ᠬᠠᠷᠠᠭᠤᠯᠪᠠ᠃ 《ᠶᠦᠩᠷᠤᠮ᠎ᠠ》᠎ᠳᠤ ᠳᠠᠭᠤᠤ ᠬᠥᠭᠵᠢᠮ᠎ᠤᠨ ᠥᠪᠡᠷᠮᠢᠴᠡ ᠬᠡᠯᠡᠯᠭᠡ ᠪᠠ ᠭᠦᠨ ᠰᠡᠳᠬᠢᠯᠭᠡ᠎ᠲᠠᠢ ᠲᠣᠭᠯᠠᠯᠲᠠ᠎ᠪᠠᠷ ᠳᠠᠮᠵᠢᠭᠤᠯᠵᠤ᠂ ᠮᠠᠨ᠎ᠤ ᠣᠷᠣᠨ᠎ᠤ ᠠᠷᠠᠳ᠎ᠤᠨ ᠤᠷᠠᠯᠢᠭ᠎ᠤᠨ ᠭᠦᠨ ᠵᠤᠵᠠᠭ᠋ᠠᠨ ᠠᠭᠤᠯᠤᠭᠳᠠᠬᠤᠨ ᠪᠠ ᠥᠪᠡᠷᠮᠢᠴᠡ ᠬᠡᠪ ᠨᠠᠮᠪᠠ ᠵᠢ ᠢᠯᠡᠷᠡᠭᠦᠯᠵᠦ᠂ ᠦᠵᠡᠭᠴᠢᠳ᠎ᠲᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠵᠢ ᠮᠡᠳᠡᠷᠡᠭᠦᠯᠪᠡ᠃
ᠲᠣᠰ ᠤᠳᠠᠭ᠋ᠠᠨ᠎ᠤ ᠦᠵᠡᠭᠦᠯᠭᠡ᠎ᠨᠢ ᠡᠯ᠎ᠡ ᠭᠠᠵᠠᠷ ᠣᠷᠣᠨ᠂ ᠡᠯ᠎ᠡ ᠦᠨᠳᠦᠰᠦᠲᠡᠨ᠎ᠤ ᠤᠯᠠᠮᠵᠢᠯᠠᠯᠲᠤ ᠳᠠᠭᠤᠤ ᠬᠥᠭᠵᠢᠮ᠎ᠤᠨ ᠤᠬᠢ ᠰᠤᠳᠤ᠎ᠨᠢ ᠴᠤᠭᠯᠠᠭᠤᠯᠵᠤ᠂ ᠦᠨᠳᠦᠰᠦᠲᠡᠨ᠎ᠤ ᠳᠠᠭᠤᠯᠠᠯᠭ᠎ᠠ᠂ ᠡᠸᠦ᠋ᠷᠦᠫᠡ ᠳᠠᠭᠤᠯᠠᠯᠭ᠎ᠠ᠂ ᠰᠢᠨ᠎ᠠ ᠵᠠᠬ᠍ᠪᠤᠷ᠎ᠤᠨ ᠳᠠᠭᠤᠯᠠᠯᠭ᠎ᠠ ᠵᠡᠷᠭᠡ ᠣᠯᠠᠨ ᠲᠦᠷᠦᠯ᠎ᠤᠨ ᠳᠠᠭᠤᠯᠠᠬᠤ ᠠᠷᠭ᠎ᠠ ᠵᠢ ᠪᠠᠭᠳᠠᠭ᠋ᠠᠭᠰᠠᠨ ᠨᠢᠭᠡ ᠤᠳᠠᠭ᠋ᠠᠨ᠎ᠤ ᠦᠨᠳᠦᠰᠦᠲᠡᠨ᠎ᠤ ᠳᠠᠭᠤᠤ ᠬᠥᠭᠵᠢᠮ᠎ᠢ ᠠᠭᠤᠰᠤᠯᠴᠠᠭᠤᠯᠤᠭᠰᠠᠨ ᠦᠪᠡᠳᠡᠭᠰᠢ ᠳᠠᠢ᠌ᠯᠠᠯᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠰᠢᠨ᠎ᠡ ᠴᠠᠭ ᠦᠶ᠎ᠡ ᠵᠢᠨ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠦᠪᠡᠳᠡᠭᠰᠢ ᠴᠤᠭᠯᠠᠭ᠋ᠠᠨ ᠪᠣᠯᠵᠣ᠂ ᠳᠤᠮᠳᠠᠳᠤ ᠤᠯᠤᠰ᠎ᠤᠨ ᠤᠯᠠᠮᠵᠢᠯᠠᠯᠲᠤ ᠳᠠᠭᠤᠤ ᠬᠥᠭᠵᠢᠮ᠎ᠤᠨ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠲᠥᠪᠯᠡᠷᠡᠭᠦᠯᠦᠨ ᠢᠯᠡᠷᠡᠭᠦᠯᠵᠦ᠂ ᠦᠵᠡᠭᠴᠢᠳ᠎ᠲᠤ ᠰᠣᠶᠣᠯ᠎ᠤᠨ ᠠᠭᠤᠰᠤᠯᠴᠠᠯ ᠪᠠ ᠴᠠᠭ ᠦᠶ᠎ᠡ ᠵᠢᠨ ᠴᠤᠤᠷᠢᠶ᠎ᠠ ᠵᠢ ᠮᠡᠳᠡᠷᠡᠭᠦᠯᠪᠡ᠃ ᠡᠭᠦᠨ᠎ᠤ ᠬᠠᠮᠲᠤ᠂ ᠮᠠᠨ᠎ᠤ ᠣᠷᠣᠨ᠎ᠤ ᠰᠣᠶᠣᠯ ᠤᠷᠠᠯᠢᠭ᠎ᠤᠨ ᠴᠠᠭ᠋ᠠᠰᠢᠳᠠ ᠵᠢᠨ ᠬᠥᠭᠵᠢᠯᠲᠡ ᠪᠠ ᠰᠢᠨ᠎ᠡ ᠡᠭᠦᠳᠦᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠮᠠᠨ᠎ᠤ ᠣᠷᠣᠨ᠎ᠨᠢ ᠰᠣᠶᠣᠯ ᠤᠷᠠᠯᠢᠭ᠎ᠤᠨ ᠦᠢ᠍ᠯᠡᠰ᠎ᠤᠨ ᠪᠠᠢ᠌ᠭᠤᠯᠤᠯᠲᠠ ᠪᠠ ᠬᠥᠭᠵᠢᠯᠲᠡ ᠵᠢ ᠦᠷᠭᠦᠯᠵᠢᠯᠡᠨ ᠴᠢᠩᠭ᠋ᠠᠳᠬᠠᠵᠤ᠂ ᠦᠨᠳᠦᠰᠦᠲᠡᠨ᠎ᠤ ᠰᠣᠶᠣᠯ᠎ᠤᠨ ᠤᠬᠢ ᠰᠣᠳᠣ ᠵᠢ ᠭᠦᠨᠵᠡᠭᠡᠢ ᠠᠭᠤᠳᠠᠯᠯᠠᠵᠤ᠂ ᠦᠨᠳᠦᠰᠦᠲᠡᠨ᠎ᠤ ᠰᠣᠶᠣᠯ᠎ᠢ ᠤᠯᠠᠮᠵᠢᠯᠠᠬᠤ ᠪᠠ ᠰᠢᠨ᠎ᠡ ᠵᠢ ᠡᠭᠦᠳᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠬᠦᠯᠬᠦ᠎ᠨᠢ ᠳᠠᠮᠵᠢᠭ ᠦᠭᠡᠢ ᠶᠤᠮ᠃
ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ