4 ᠳ᠋ᠦ᠍ᠭᠡᠷ ᠰᠠᠷ᠎ᠠ ᠵᠢᠨ 7᠎ᠤ ᠡᠳᠦᠷ᠂ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ ᠨᠠᠮ᠎ᠤᠨ ᠡᠭᠦᠷ᠂ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ᠂ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ ᠬᠥᠬᠡᠬᠣᠲᠠ ᠵᠢᠨ ᠤᠮᠠᠷᠠᠲᠤ ᠵᠢᠨ ᠴᠡᠷᠢᠭ᠎ᠤᠨ ᠲᠠᠪᠢ ᠶᠢᠰᠦᠳᠦᠭᠡᠷ ᠠᠷᠮᠢ ᠵᠢᠨ ᠶᠠᠫᠤᠨ᠎ᠢ ᠡᠰᠡᠷᠭᠦᠴᠡᠵᠦ ᠦᠷᠡᠭᠳᠡᠭᠰᠡᠨ ᠪᠠᠭ᠋ᠠᠲᠤᠷᠴᠤᠳ᠎ᠤᠨ ᠨᠡᠶ᠋ᠢᠲᠡ ᠵᠢᠨ ᠣᠩᠭᠣᠨ᠎ᠳᠤ 《ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃
ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢᠨ ᠠᠬᠤᠢ ᠲᠠᠯᠠᠪᠠᠢ
ᠠᠵᠢᠯᠯᠠᠭ᠎ᠠ᠎ᠳᠤ᠂ ᠶᠠᠫᠤᠨ᠎ᠢ ᠡᠰᠡᠷᠭᠦᠴᠡᠬᠦ ᠨᠡᠶ᠋ᠢᠲᠡ ᠵᠢᠨ ᠣᠩᠭᠤᠨ᠎ᠤ ᠡᠮᠦᠨ᠎ᠡ ᠨᠠᠮ᠎ᠤᠨ ᠭᠡᠰᠢᠭᠦᠨ ᠺᠠᠳ᠋ᠷᠴᠤᠳ ᠴᠡᠴᠡᠭ ᠬᠦᠷᠭᠡᠬᠦ ᠵᠢᠨ ᠬᠠᠮᠲᠤ ᠨᠠᠮᠠᠨᠴᠢᠯᠠᠨ ᠭᠠᠰᠢᠭᠤᠳᠠᠵᠤ᠂ ᠬᠤᠪᠢᠰᠬᠠᠯ᠎ᠤᠨ ᠨᠥᠭᠴᠢᠭᠰᠡᠨ ᠪᠠᠭ᠋ᠠᠲᠤᠷᠴᠤᠳ᠎ᠢ ᠭᠦᠨ᠎ᠡ ᠭᠠᠰᠢᠭᠤᠳᠠᠨ ᠮᠦᠷᠦᠭᠡᠳᠴᠦ ᠪᠠᠢ᠌ᠬᠤ᠎ᠪᠠᠨ ᠢᠯᠡᠳᠬᠡᠬᠦ ᠵᠢᠨ ᠬᠠᠮᠲᠤ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠳᠠᠬᠢᠨᠲᠠ ᠡᠷᠭᠢᠴᠡᠭᠦᠯᠪᠡ᠃ ᠡᠨᠡ ᠤᠳᠠᠭ᠎ᠠ ᠵᠢᠨ ᠠᠵᠢᠯᠯᠠᠭ᠎ᠠ᠎ᠪᠠᠷ ᠳᠠᠮᠵᠢᠵᠤ᠂ ᠨᠠᠮ᠎ᠤᠨ ᠭᠡᠰᠢᠭᠦᠨ ᠺᠠᠳ᠋ᠷᠴᠤᠳ ᠦᠷᠡᠭᠳᠡᠭᠰᠡᠨ ᠪᠠᠭ᠋ᠠᠲᠤᠷᠴᠤᠳ᠎ᠤᠨ ᠠᠮᠢ ᠪᠡᠶ᠎ᠡ᠎ᠪᠠᠨ ᠦᠷᠡᠭᠳᠡᠭᠦᠯᠬᠦ᠎ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠬᠤᠪᠢᠰᠬᠠᠯᠲᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠪᠠ᠃ ᠤᠯᠠᠨ ᠵᠶ᠋ᠠᠷ ᠵᠶ᠋ᠠᠨ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠨ ᠤᠯᠠᠮᠵᠢᠯᠠᠵᠤ᠂ ᠢᠮᠠᠭᠲᠠ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠦᠨᠡᠨ ᠬᠦ᠌ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠠᠬᠢᠭᠤᠯᠬᠤ᠎ᠳᠤ ᠡᠯ᠎ᠡ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ᠎ᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠡᠮᠡᠷᠢᠯᠡᠨ᠎ᠡ ᠭᠡᠪᠡ᠃
ᠶᠠᠫᠤᠨ᠎ᠢ ᠡᠰᠡᠷᠭᠦᠴᠡᠭᠰᠡᠨ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠳᠤ ᠴᠡᠴᠡᠭ ᠬᠦᠷᠭᠡᠭᠰᠡᠨ ᠠᠬᠤᠢ ᠲᠠᠯᠠᠪᠠᠶ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠤᠰᠬᠠᠢ ᠲᠤᠰᠢᠶᠠᠯᠲᠤ ᠭᠡᠰᠢᠭᠦᠨ ᠠᠯᠲᠠ᠂ ᠡᠯ᠎ᠡ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ ᠲᠤᠰ ᠤᠳᠠᠭ᠎ᠠ ᠵᠢᠨ ᠠᠵᠢᠯᠯᠠᠭ᠎ᠠ᠎ᠳᠤ ᠣᠷᠣᠯᠴᠠᠪᠠ᠃
ᠣᠷᠴᠢᠭᠤᠯᠤᠭᠴᠢ᠄ ᠣᠶᠤᠨᠲᠠᠨᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ