ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠲᠥᠷᠥ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ᠎ᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-05-16

        ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠣᠢ᠌ᠷ᠎ᠠ᠎ᠳᠤ ᠲᠥᠷᠥ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ᠎ᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃
       ᠲᠦᠷᠦ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ᠎ᠤᠨ ᠨᠠᠮ᠎ᠤᠨ ᠡᠭᠦᠷ᠎ᠤᠨ ᠱᠦᠵᠢ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ᠎ᠢ ᠲᠠᠭ᠋ᠠᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 ᠎ᠤᠨ ᠳᠥᠷᠪᠡᠳᠦᠭᠡᠷ ᠪᠦᠯᠦᠭ᠎ᠢ ᠤᠤᠯ ᠬᠡᠪ ᠵᠶ᠋ᠡᠷ᠎ᠨᠢ ᠰᠤᠷᠤᠯᠴᠠᠵᠤ᠂ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ᠎ᠪᠠᠷ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠵᠠᠷᠢᠮ ᠭᠠᠵᠠᠷ᠎ᠤᠨ ᠤᠳᠤᠷᠢᠳᠬᠤ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠵᠢᠱ᠌ᠢᠶ᠎ᠡ᠎ᠳᠤ ᠭᠦᠨᠵᠡᠭᠡᠢ ᠵᠠᠳᠠᠯᠤᠯᠳᠠ ᠬᠢᠵᠦ᠂ ᠬᠡᠷᠡᠭ ᠵᠶ᠋ᠡᠷ ᠰᠡᠷᠡᠮᠵᠢᠯᠡᠬᠦᠯᠵᠦ᠂ ᠬᠡᠷᠡᠭ ᠵᠶ᠋ᠡᠷ ᠰᠠᠬᠢᠯᠭ᠎ᠠ ᠪᠠᠲᠤ ᠵᠢ ᠣᠢ᠌ᠯᠠᠭ᠋ᠠᠭᠤᠯᠵᠦ᠂ ᠨᠠᠮ᠎ᠤᠨ ᠡᠭᠦᠷ᠎ᠤᠨ ᠨᠠᠮ᠎ᠤᠨ ᠭᠡᠰᠢᠭᠦᠨ᠎ᠤ ᠪᠢᠰᠢᠷᠡᠨ ᠵᠢᠷᠦᠬᠡᠰᠢᠶᠡᠬᠦ ᠵᠢ ᠮᠡᠳᠡᠵᠦ᠂ ᠬᠣᠷᠢᠭ᠎ᠠ ᠱᠤᠭᠤᠮ᠎ᠢ ᠰᠠᠬᠢᠬᠤ ᠵᠢ ᠠᠬᠢᠭᠤᠯᠪᠠ᠃
       ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠬᠦᠨ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠤᠯᠠᠨ ᠲᠦᠮᠡᠨ᠎ᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ ᠵᠢᠨ ᠲᠤᠭᠤᠷᠢᠨ᠎ᠳᠤ ᠲᠤᠰ ᠪᠡᠶ᠎ᠡ ᠵᠢᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠵᠶ᠋ᠠᠨ ᠰᠤᠯᠢᠯᠴᠠᠪᠠ᠃ ᠤᠯᠠᠨ ᠵᠶ᠋ᠠᠷ ᠵᠶ᠋ᠠᠨ 《ᠳᠦᠷᠢᠮ》 ᠪᠣᠯ ᠳᠠᠷᠤᠢ ᠡᠪ ᠬᠠᠮᠲᠤ ᠨᠠᠮ᠎ᠤᠨ ᠭᠡᠰᠢᠭᠦᠨ᠎ᠤ 《ᠶᠣᠰᠣ ᠳᠦᠷᠢᠮ》 ᠮᠥᠨ᠂ ᠲᠦᠷᠦ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ᠎ᠤᠨ ᠨᠠᠮ᠎ᠤᠨ ᠭᠡᠰᠢᠭᠦᠨ ᠺᠠᠳ᠋ᠷ ᠰᠠᠬᠢᠯᠭ᠎ᠠ ᠪᠠᠲᠤ ᠵᠢ ᠰᠤᠷᠤᠯᠴᠠᠵᠤ᠂ ᠰᠠᠬᠢᠯᠭ᠎ᠠ ᠪᠠᠲᠤ ᠵᠢ ᠮᠡᠳᠡᠵᠦ᠂ ᠰᠠᠬᠢᠯᠭ᠎ᠠ ᠪᠠᠲᠤ ᠵᠢ ᠣᠢ᠌ᠯᠠᠭ᠋ᠠᠵᠦ᠂ ᠰᠠᠬᠢᠯᠭ᠎ᠠ ᠪᠠᠲᠤ ᠵᠢ ᠰᠠᠬᠢᠬᠤ ᠬᠡᠷᠡᠭᠲᠡᠢ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠤ᠎ᠪᠠᠨ ᠬᠠᠳᠠᠩᠰᠢᠭᠤᠯᠵᠦ᠂ ᠬᠢᠨᠠᠯᠲᠠ ᠪᠠ ᠬᠢᠵᠠᠭ᠋ᠠᠷᠯᠠᠯ᠎ᠢ ᠬᠦᠯᠢᠶᠡᠬᠦ ᠣᠷᠴᠢᠨ ᠨᠦᠬᠦᠴᠡᠯ᠎ᠳᠤ ᠠᠵᠢᠯᠯᠠᠵᠤ ᠠᠮᠢᠳᠤᠷᠠᠬᠤ ᠳᠠᠳᠬᠠᠯ᠎ᠲᠠᠢ ᠪᠣᠯᠬᠤ ᠬᠡᠷᠡᠭᠲᠡᠢ ᠭᠡᠵᠦ ᠰᠠᠨᠠᠯ ᠨᠢᠭᠡᠳᠠᠢ ᠦᠵᠡᠪᠡ᠃ ᠨᠢᠭᠡ᠎ᠳᠤ᠂ 《ᠳᠦᠷᠢᠮ》 ᠎ᠢ ᠰᠠᠢ᠌ᠲᠤᠷ ᠰᠤᠷᠤᠯᠴᠠᠵᠤ ᠭᠦᠨᠵᠡᠭᠡᠢ ᠰᠤᠷᠤᠯᠴᠠᠵᠦ ᠨᠠᠷᠢᠨ ᠣᠢ᠌ᠯᠠᠭ᠋ᠠᠬᠤ ᠳᠤᠮᠳᠠ 《ᠰᠠᠬᠢᠯᠭ᠎ᠠ ᠪᠠᠲᠤ》 ᠵᠢ ᠰᠡᠳᠬᠢᠯ᠎ᠳᠤ᠎ᠪᠠᠨ ᠬᠠᠳᠠᠩᠰᠢᠭᠤᠯᠬᠤ ᠬᠡᠷᠡᠭᠲᠡᠢ᠃ 《ᠳᠦᠷᠢᠮ》᠎ᠤᠨ 3 ᠭᠡᠰᠡᠭ 11 ᠪᠦᠯᠦᠭ 158 ᠵᠤᠷᠪᠤᠰ᠎ᠢ ᠪᠦᠯᠦᠭ ᠳᠠᠷᠠᠭ᠋ᠠᠯᠠᠨ ᠰᠤᠷᠤᠯᠴᠠᠵᠤ᠂ ᠨᠠᠷᠢᠨ ᠬᠢᠨᠠᠮᠠᠭ᠋ᠠᠢ ᠤᠬᠠᠵᠤ᠂ ᠰᠤᠷᠤᠯᠴᠠᠨ ᠣᠢ᠌ᠯᠠᠭ᠋ᠠᠵᠤ ᠨᠡᠪᠲᠡᠷᠡᠳᠡᠯ᠎ᠠ ᠡᠵᠡᠮᠰᠢᠬᠦ᠂ ᠮᠡᠳᠡᠬᠦᠢ ᠬᠢᠬᠦᠢ ᠵᠢ ᠨᠢᠭᠡᠳᠬᠡᠬᠦ ᠳᠡᠭᠡᠷ᠎ᠡ ᠬᠦᠴᠦ ᠤᠷᠤᠭᠤᠯᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠡᠳᠦᠷ ᠲᠤᠳᠤᠮ᠎ᠤᠨ ᠠᠵᠢᠯ᠎ᠳᠤ᠎ᠪᠠᠨ ᠦᠯᠤ ᠮᠡᠳᠡᠭᠳᠡᠮ᠎ᠡ ᠦᠭᠡᠢ᠎ᠪᠠᠷ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠬᠣᠶᠠᠷ᠎ᠲᠤ᠂ 《ᠳᠦᠷᠢᠮ》᠎ᠢ ᠰᠠᠢ᠌ᠲᠤᠷ ᠬᠡᠷᠡᠭᠯᠡᠵᠦ᠂ ᠡᠳᠦᠷ ᠲᠤᠳᠤᠮ᠎ᠤᠨ ᠠᠵᠢᠯ᠎ᠤᠨ ᠳᠤᠮᠳᠠ 《ᠰᠠᠬᠢᠯᠭ᠎ᠠ ᠪᠠᠲᠤ》 ᠵᠢ ᠬᠡᠷᠡᠭᠵᠢᠭᠦᠯᠬᠦ ᠬᠡᠷᠡᠭᠲᠡᠢ᠃ ᠭᠠᠵᠠᠷ ᠠᠯᠪᠠᠨ ᠭᠡᠷ᠎ᠤᠨ ᠡᠯ᠎ᠡ ᠵᠦᠢ᠍ᠯ᠎ᠤᠨ ᠲᠤᠬᠠᠢ᠌ᠯᠠᠭᠰᠠᠨ ᠠᠵᠢᠯ ᠵᠶ᠋ᠡᠨ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠭᠡᠰᠢᠭᠦᠨ᠎ᠤ ᠤᠯᠤᠰ ᠲᠦᠷᠦ ᠵᠢ ᠴᠢᠩᠭ᠋ᠠᠳᠬᠠᠵᠤ᠂ ᠰᠡᠳᠬᠢᠴᠡ ᠵᠢ ᠠᠮᠢᠳᠤᠯᠢᠭ ᠪᠣᠯᠭ᠋ᠠᠵᠤ᠂ ᠠᠵᠢᠯ᠎ᠢ ᠪᠣᠳᠠᠲᠠᠢ᠌ᠵᠢᠭᠤᠯᠵᠤ᠂ ᠰᠠᠬᠢᠯᠭ᠎ᠠ ᠪᠠᠲᠤ ᠵᠢ ᠴᠢᠩᠳᠠᠯᠠᠵᠤ᠂ ᠰᠤᠷᠲᠠᠯ᠎ᠢ ᠴᠢᠩᠭ᠋ᠠᠳᠬᠠᠵᠤ᠂ ᠦᠢ᠍ᠯᠡᠳᠦᠯᠭᠡ ᠵᠢᠨ ᠳᠤᠮᠳᠠ ᠠᠵᠢᠯ ᠬᠢᠵᠦ ᠦᠢ᠍ᠯᠡᠰ ᠪᠣᠰᠬᠠᠬᠤ ᠵᠢᠩᠬᠢᠨᠢ ᠡᠷᠳᠡᠮ᠂ ᠪᠣᠳᠠᠲᠤ ᠴᠢᠳᠠᠪᠦᠷᠢ ᠵᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠭᠤᠷᠪᠠ᠎ᠳᠤ᠂ 《ᠳᠦᠷᠢᠮ》 ᠎ᠢ ᠰᠠᠢ᠌ᠲᠤᠷ ᠰᠠᠬᠢᠵᠤ᠂ ᠠᠵᠢᠯ ᠬᠢᠵᠦ ᠦᠢ᠍ᠯᠡᠰ ᠪᠣᠰᠬᠠᠬᠤ ᠳᠤᠮᠳᠠ 《ᠦᠷ᠎ᠡ ᠪᠦᠲᠦᠮᠵᠢ》 ᠭᠠᠷᠭ᠋ᠠᠵᠤ ᠠᠮᠵᠢᠯᠳᠠ ᠤᠯᠬᠤ ᠬᠡᠷᠡᠭᠲᠡᠢ᠃ ᠴᠠᠭ ᠢᠮᠠᠭᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠬᠦ ᠡᠨᠡ ᠬᠦ᠌ ᠬᠥᠪᠴᠢ ᠵᠢ ᠴᠢᠩᠭ᠋ᠠᠯᠠᠵᠤ᠂ 《ᠳᠦᠷᠢᠮ》 ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠵᠤ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ ᠰᠠᠢ᠌ᠵᠢᠷᠠᠭᠤᠯᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠱᠤᠭᠤᠮ᠎ᠢ ᠲᠤᠭᠤᠰᠢᠯᠠᠭᠤᠯᠬᠤ ᠲᠠᠯ᠎ᠠ᠎ᠪᠠᠷ ᠳᠤᠳᠠᠭᠤᠳᠠᠭᠤᠯᠬᠤ ᠦᠭᠡᠢ᠂ ᠦᠭᠡᠷᠡᠳᠦᠬᠦᠯᠬᠦ ᠦᠭᠡᠢ᠂  ᠠᠯᠳᠠᠷᠠᠭᠤᠯᠬᠤ ᠦᠭᠡᠢ ᠪᠠᠢ᠌ᠵᠤ᠂ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠵᠢ ᠪᠠᠲᠤᠳᠬᠠᠬᠤ ᠬᠡᠷᠡᠭᠲᠡᠢ ᠭᠡᠵᠦ ᠱᠠᠭ᠋ᠠᠷᠳᠠᠪᠠ᠃


        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ

        ᠶᠡᠷᠤᠩᠬᠡᠢ ᠬᠢᠨᠠᠨ ᠣᠷᠴᠢᠭᠤᠯᠤᠭᠴᠢ᠄ ᠸᠠᠩ ᠰᠢᠤᠸᠠᠢ ᠳ᠋ᠦᠩ

ᠢᠷᠡᠯᠲᠡ᠄ ᠲᠥᠷᠥ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ