ᠣᠶ᠋ᠢᠷ᠎ᠠ᠎ᠳᠤ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠤᠷᠢᠶ᠎ᠠ᠎ᠠᠴᠠ ᠬᠠᠪᠰᠤᠷᠤᠨ ᠡᠷᠬᠢᠯᠡᠭᠰᠡᠨ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠦᠨᠳᠦᠰᠦᠨ ᠱᠠᠲᠤᠨ᠎ᠳᠤ᠎ᠬᠢ ᠠᠶᠠᠯᠠᠯ ᠭᠡᠬᠦ ᠭᠤᠤᠯ ᠰᠡᠳᠦᠪᠲᠦ ᠤᠬᠠᠭᠤᠯᠤᠨ ᠲᠠᠢ᠌ᠯᠪᠦᠷᠢᠯᠠᠬᠤ ᠵᠢᠴᠢ 《ᠠᠨᠠᠷ᠎ᠤᠨ ᠬᠡᠯᠬᠢᠶ᠎ᠡ— ᠲᠥᠷᠥ ᠵᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠢ᠍ᠯᠡᠴᠢᠯᠡᠭᠡ ᠬᠦᠷᠭᠡᠬᠦ》 ᠠᠵᠢᠯᠯᠠᠭ᠎ᠠ ᠤᠯᠠᠭ᠋ᠠᠨᠬᠠᠳᠠ ᠬᠤᠲᠠ ᠵᠢᠨ ᠣᠩᠨᠢᠭᠤᠳ ᠬᠤᠰᠢᠭᠤᠨ᠎ᠳᠤ ᠠᠮᠵᠢᠯᠲᠠ᠎ᠲᠠᠢ ᠶᠠᠪᠤᠭᠳᠠᠪᠠ᠃
ᠠᠵᠢᠯᠯᠠᠭ᠋ᠠᠨ᠎ᠤ ᠠᠬᠤᠢ ᠲᠠᠯᠠᠪᠠᠢ
ᠲᠣᠰ ᠤᠳᠠᠭ᠋ᠠᠨ᠎ᠤ ᠰᠢᠷᠢᠰ ᠠᠵᠢᠯᠯᠠᠭ᠎ᠠ᠎ᠨᠢ ᠭᠤᠤᠯ ᠰᠡᠳᠦᠪᠲᠦ ᠤᠬᠠᠭᠤᠯᠤᠨ ᠲᠠᠢ᠌ᠯᠪᠦᠷᠢᠯᠠᠬᠤ᠂ ᠲᠤᠰᠬᠠᠶ ᠰᠡᠳᠦᠪᠲᠦ ᠲᠠᠶ᠋ᠢᠯᠤᠮᠵᠢ ᠬᠢᠬᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠵᠦ ᠲᠠᠨᠢᠯᠴᠠᠭᠤᠯᠬᠤ ᠵᠡᠷᠭᠡ ᠪᠠᠶᠠᠯᠢᠭ ᠰᠠᠶ᠋ᠢᠬᠠᠨ ᠬᠡᠯᠪᠡᠷᠢ᠎ᠪᠠᠷ ᠠᠴᠢᠶᠠᠯᠠᠭᠴᠢ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷ ᠪᠣᠯᠤᠨ ᠠᠷᠠᠳ ᠣᠯᠠᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠᠶᠠᠯᠢᠭ ᠠᠭᠤᠯᠤᠭᠳᠠᠬᠤᠨ᠎ᠢ ᠭᠦᠨᠵᠡᠭᠡᠶ ᠲᠠᠨᠢᠭᠤᠯᠵᠤ᠂ ᠨᠠᠮ᠎ᠤᠨ ᠦᠭᠡ ᠵᠢ ᠡᠷᠡᠰ ᠪᠠᠲᠦ ᠰᠣᠨᠣᠰᠴᠤ᠂ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠡᠷᠡᠰ ᠭᠤᠶ᠋ᠢᠪᠢᠰᠢ ᠥᠬᠡᠶ᠎ᠪᠠᠷ ᠨᠠᠮ ᠵᠶ᠋ᠠᠨ᠎ᠲᠠᠭᠠᠨ ᠤᠷᠤᠭᠰᠢᠯᠠᠬᠤ᠂ ᠶᠠᠳᠠᠭᠤ᠎ᠠᠴᠠ ᠠᠩᠭᠢᠵᠢᠷᠠᠭᠤᠯᠤᠭᠰᠠᠨ ᠪᠣᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠬᠦᠴᠦᠨ ᠨᠡᠮᠡᠷᠢᠯᠡᠪᠡ᠃
ᠠᠬᠤᠢ ᠲᠠᠯᠠᠪᠠᠢ ᠵᠢᠨ ᠦᠵᠡᠭᠦᠯᠭᠡ
ᠳᠠᠷᠠᠭ᠋ᠠᠴᠢ ᠵᠢᠨ ᠠᠯᠬᠤᠮ᠎ᠳᠤ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠤᠷᠢᠶ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ 《ᠪᠠᠭᠪᠠᠭ᠋ᠠᠶ ᠴᠡᠴᠡᠭ》 ᠨᠠᠮ᠎ᠤᠨ ᠪᠠᠶ᠋ᠢᠭᠤᠯᠤᠯᠲᠠ ᠵᠢᠨ ᠨᠡᠷᠡᠲᠦ ᠲᠡᠮᠳᠡᠭ᠎ᠢ ᠢᠳᠡᠪᠬᠢᠲᠡᠢ ᠪᠤᠶ᠋ᠢᠵᠢᠭᠤᠯᠵᠤ᠂ ᠦᠨᠳᠦᠰᠦᠨ ᠱᠠᠲᠤᠨ᠎ᠳᠤ ᠤᠢ᠌ᠯᠡᠴᠢᠯᠡᠬᠦ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃