6 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 19᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠭ᠎ᠠ ᠵᠢᠴᠢ 《ᠠᠨᠠᠷ᠎ᠤᠨ ᠬᠡᠯᠬᠢᠶ᠎ᠡ》 ᠲᠥᠷᠥ ᠵᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠢ᠍ᠯᠡᠴᠢᠯᠡᠭᠡ ᠬᠦᠷᠭᠡᠬᠦ ᠠᠵᠢᠯᠯᠠᠭ᠎ᠠ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠳᠤ ᠶᠠᠪᠤᠭᠳᠠᠪᠠ᠃ ᠠᠵᠢᠯᠯᠠᠭ᠎ᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠤᠨ ᠨᠠᠮ᠎ᠤᠨ ᠡᠭᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠂ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ ᠨᠠᠮ᠎ᠤᠨ ᠡᠬᠦᠷ᠎ᠨᠢ ᠤᠯᠠᠭ᠋ᠠᠨᠬᠠᠳᠠ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠂ ᠣᠩᠨᠢᠭᠤᠳ ᠬᠣᠰᠢᠭᠤᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ ᠵᠢᠴᠢ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠪᠦᠯᠬᠦᠮᠳᠡᠯ᠎ᠤᠨ ᠲᠣᠣᠷ᠎ᠢ ᠨᠢᠭᠲᠠ ᠰᠦᠯᠵᠢᠵᠦ ᠬᠣᠯᠪᠤᠭ᠋ᠠᠯᠠᠨ ᠰᠤᠷᠤᠯᠴᠠᠵᠤ ᠬᠠᠮᠳᠤ᠎ᠪᠠᠷ ᠪᠠᠢ᠌ᠭᠤᠯᠬᠤ ᠨᠠᠮ᠎ᠤᠨ ᠡᠭᠦᠷᠤᠳᠲᠠᠢ ᠬᠣᠯᠪᠤᠭ᠋ᠠᠯᠠᠵᠦ ᠣᠩᠨᠢᠭᠤᠳ ᠬᠣᠰᠢᠭᠤᠨ᠎ᠤ ᠪᠤᠷᠤᠬᠤᠳᠠ ᠪᠠᠯᠭ᠋ᠠᠰᠤᠨ᠎ᠳᠤ ᠪᠠᠢ᠌ᠭ᠎ᠠ ᠬᠤᠪᠢᠰᠬᠠᠯ᠎ᠤᠨ ᠰᠤᠳᠤᠷ ᠪᠢᠴᠢᠭ᠎ᠤᠨ ᠦᠵᠡᠰᠬᠦᠯᠡᠩ᠎ᠤᠨ ᠣᠷᠳᠣᠨ᠎ᠳᠤ ᠬᠦᠨᠵᠡᠭᠡᠢ᠌ᠷᠡᠵᠦ ᠬᠠᠮᠲᠤᠷᠠᠭᠰᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠪᠦᠬᠦ ᠨᠠᠮ᠎ᠤᠨ ᠬᠡᠰᠢᠬᠦᠨ᠎ᠳᠤ ᠬᠣᠪᠣᠷ ᠨᠠᠨᠳᠢᠨ ᠮᠠᠲ᠋ᠧᠷᠢᠶᠠᠯ᠎ᠠᠴᠠ ᠨᠠᠮ᠎ᠤᠨ ᠬᠥᠭᠵᠢᠯᠲᠡ ᠵᠢᠨ ᠶᠠᠪᠤᠴᠠ ᠵᠢ ᠣᠢ᠌ᠯᠠᠭ᠋ᠠᠭᠤᠯᠵᠦ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠮᠡᠴᠡᠯ᠎ᠤᠨ ᠵᠣᠷᠢᠭ ᠰᠠᠨᠠᠭ᠋ᠠᠨ᠎ᠤ ᠨᠢᠭᠤᠴᠠ ᠨᠣᠮᠧᠷ᠎ᠢ ᠲᠠᠢ᠌ᠯᠪᠤᠷᠢᠯᠠᠭᠰᠠᠨ ᠪᠠᠢ᠌ᠨ᠎ᠠ᠃
ᠣᠩᠨᠢᠭᠤᠳ ᠬᠣᠰᠢᠭᠤᠨ᠎ᠤ ᠬᠤᠪᠢᠰᠬᠠᠯ᠎ᠤᠨ ᠰᠤᠳᠤᠷ ᠪᠢᠴᠢᠭ᠎ᠤᠨ ᠦᠵᠡᠰᠬᠦᠯᠡᠩ᠎ᠤᠨ ᠣᠷᠳᠣᠨ᠎ᠳᠤ ᠶᠡᠬᠡ ᠬᠡᠮᠵᠢᠶᠡᠨ᠎ᠤ ᠭᠡᠷᠡᠯ ᠵᠢᠷᠤᠭ᠂ ᠦᠰᠦᠭ ᠪᠢᠴᠢᠭ᠂ ᠪᠣᠳᠠᠲᠤ ᠪᠣᠳᠠᠰ᠎ᠢ ᠬᠠᠳᠠᠭ᠋ᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠭᠡᠢ ᠪᠠᠢ᠌ᠭᠰᠠᠨ᠎ᠠᠴᠠ᠎ᠪᠠᠨ ᠪᠠᠢ᠌ᠬᠤ ᠪᠣᠯᠵᠤ᠂ ᠬᠥᠭᠵᠢᠨ ᠪᠤᠵᠠᠭ᠋ᠠᠢ᠌ᠷᠠᠭᠰᠠᠨ ᠲᠡᠦᠬᠡᠨ ᠠᠬᠢᠴᠨ ᠵᠢ ᠢᠯᠡᠷᠡᠭᠦᠯᠦᠭᠰᠡᠨ ᠪᠠᠢ᠌ᠪᠠ᠃ ᠦᠵᠡᠰᠬᠦᠯᠡᠩ᠎ᠤᠨ ᠣᠷᠳᠣᠨ᠎ᠳᠤ ᠬᠠᠳᠠᠭ᠋ᠠᠯᠠᠭᠳᠠᠵᠤ ᠪᠠᠢ᠌ᠭ᠎ᠠ 《ᠵᠠᠭᠤᠨ ᠮᠧᠲᠷ᠎ᠤᠨ ᠣᠷᠳᠣ ᠡᠪᠬᠡᠮᠡᠯ》᠎ᠨᠢ ᠨᠠᠩ ᠴᠤ᠌ ᠬᠣᠪᠣᠷ ᠨᠠᠨᠳᠢᠨ ᠲᠡᠦᠬᠡᠨ ᠮᠠᠲ᠋ᠧᠷᠢᠶᠠᠯ ᠵᠶ᠋ᠠᠷ 《ᠦᠷᠡᠭᠳᠡᠭᠰᠡᠨ ᠪᠠᠭ᠋ᠠᠲᠤᠷᠴᠤᠳ᠎ᠤᠨ ᠴᠠᠳᠢᠭ》᠎ᠢ ᠳᠡᠯᠭᠡᠨ ᠦᠵᠡᠬᠦᠯᠵᠦ᠂ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠵᠠᠯᠠᠭᠤ ᠨᠠᠰᠤ᠎ᠪᠠᠨ ᠵᠣᠷᠢᠭᠤᠯᠤᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠵᠢ ᠢᠯᠡᠷᠡᠭᠦᠯᠦᠭᠰᠡᠨ ᠪᠠᠢ᠌ᠨ᠎ᠠ᠃
ᠠᠵᠢᠯᠯᠠᠭ᠎ᠠ ᠵᠢᠨ ᠳᠤᠮᠳᠠ᠂ ᠪᠦᠬᠦ ᠨᠠᠮ᠎ᠤᠨ ᠭᠡᠰᠢᠭᠦᠨ ᠨᠠᠮ᠎ᠤᠨ ᠲᠤᠭ᠎ᠲᠤ ᠬᠠᠨᠳᠤᠵᠤ᠂ ᠪᠠᠷᠠᠭᠤᠨ ᠨᠢᠳᠤᠷᠭ᠎ᠠ᠎ᠪᠠᠨ ᠥᠨᠳᠥᠷ ᠡᠷᠭᠦᠵᠦ᠂ ᠲᠥᠪ ᠴᠢᠩᠭ᠎ᠠ᠎ᠪᠠᠷ ᠲᠠᠩᠭ᠋ᠠᠷᠢᠭᠯᠠᠪᠠ᠃ ᠢᠳᠡ ᠬᠦᠴᠦᠲᠠᠢ ᠲᠠᠩᠭ᠋ᠠᠷᠢᠭ᠎ᠨᠢ ᠨᠠᠮ᠎ᠤᠨ ᠭᠡᠰᠢᠭᠦᠨ ᠺᠠᠳ᠋ᠷ᠎ᠤᠨ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ᠎ᠢ ᠭᠦᠢ᠍ᠴᠡᠳ ᠬᠠᠷᠠᠭᠤᠯᠵᠠᠢ᠃ ᠲᠠᠢ᠌ᠯᠪᠤᠷᠢᠯᠠᠭᠴᠢ ᠵᠢᠨ ᠨᠠᠷᠢᠨ ᠨᠢᠮᠪᠠᠢ ᠬᠤᠪᠢᠰᠬᠠᠯ᠎ᠤᠨ ᠲᠤᠷᠠᠳᠬᠠᠯ ᠵᠶ᠋ᠠᠷ ᠬᠤᠪᠢᠰᠬᠠᠯ᠎ᠤᠨ ᠦᠯᠢᠭᠡᠷ ᠪᠣᠯᠣᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠰᠣᠨᠣᠰᠴᠤ᠂ ᠪᠦᠬᠦ ᠨᠠᠮ᠎ᠤᠨ ᠭᠡᠰᠢᠭᠦᠨ᠎ᠤ ᠰᠡᠳᠬᠢᠯ ᠰᠠᠨᠠᠭ᠎ᠠ ᠵᠢ ᠠᠷᠢᠭᠤᠳᠬᠠᠭᠰᠠᠨ ᠪᠠᠢ᠌ᠨ᠎ᠠ᠃ ᠠᠯᠢ ᠤᠯᠠᠨ ᠬᠣᠪᠣᠷ ᠨᠠᠨᠳᠢᠨ ᠡᠳ᠋ ᠪᠣᠳᠠᠰ᠂ ᠰᠡᠳᠬᠢᠯ ᠲᠤᠭᠳᠤᠯᠤᠮ᠎ᠠ ᠭᠡᠷᠡᠯ ᠵᠢᠷᠤᠭ᠎ᠤᠳ᠎ᠨᠢ ᠤᠯᠠᠨ᠎ᠤ ᠪᠤᠳᠤᠯ᠎ᠢ ᠲᠡᠷᠨ ᠬᠦ᠌ ᠲᠠᠢ᠍ᠢ᠍ᠨ᠎ᠤ ᠭᠠᠯ ᠳᠦᠷᠡᠯᠵᠡᠵᠦ ᠪᠠᠢ᠌ᠭᠰᠠᠨ ᠴᠠᠭ ᠦᠶ᠎ᠡ ᠵᠢ ᠰᠡᠳᠬᠢᠨ ᠪᠣᠳᠤᠯᠭ᠋ᠠᠰᠢᠷᠠᠭᠤᠯᠵᠦ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠴᠢᠰᠤ ᠤᠷᠤᠰᠬᠠᠨ ᠡᠷᠡᠯᠬᠡᠭᠯᠡᠨ ᠪᠠᠢ᠌ᠯᠳᠤᠵᠤ᠂ ᠦᠬᠦᠵᠦ ᠰᠡᠭᠡᠬᠦ᠎ᠪᠠᠨ ᠦᠯᠦ ᠬᠠᠢ᠌ᠬᠤᠷᠴᠦ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠣᠯᠣᠨ ᠴᠢᠯᠦᠭᠡᠯᠡᠯᠲᠡ ᠵᠢᠨ ᠲᠥᠯᠥᠭᠡ᠂ ᠠᠷᠠᠳ ᠲᠦᠮᠡᠨ᠎ᠤ ᠡᠷᠬᠡ ᠴᠢᠯᠦᠭᠡ ᠪᠣᠯᠣᠨ ᠵᠣᠯ ᠵᠢᠷᠭ᠋ᠠᠯ᠎ᠤᠨ ᠲᠥᠯᠥᠭᠡ ᠠᠮᠢ ᠪᠡᠶ᠎ᠡ᠎ᠪᠠᠨ ᠴᠦᠯᠡᠵᠦ ᠬᠠᠯᠠᠭᠤᠨ ᠴᠢᠰᠤ᠎ᠪᠠᠨ ᠤᠷᠤᠰᠬᠠᠭᠰᠠᠨ ᠪᠠᠭ᠋ᠠᠲᠤᠷᠯᠢᠭ ᠰᠦᠰᠦ ᠵᠤᠷᠢᠭ᠎ᠢ ᠭᠦᠨᠵᠡᠭᠡᠢ ᠮᠡᠳᠡᠷᠡᠭᠦᠯᠪᠡ᠃
ᠣᠯᠠᠨ ᠵᠶ᠋ᠠᠷ ᠵᠶ᠋ᠠᠨ ᠬᠣᠢ᠌ᠰᠢᠳᠠ ᠵᠢᠨ ᠠᠵᠢᠯ᠎ᠤᠨ ᠳᠤᠮᠳᠠ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠤᠪᠢᠰᠬᠠᠯ᠎ᠤᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠪᠦᠯᠬᠦᠮᠳᠡᠯ᠎ᠤᠨ ᠲᠣᠣᠷ᠎ᠢ ᠨᠢᠭᠲᠠ ᠰᠦᠯᠵᠢᠵᠦ ᠬᠠᠮᠲᠤᠷᠠᠨ ᠰᠤᠷᠤᠯᠴᠠᠵᠤ ᠬᠠᠮᠲᠤ᠎ᠪᠠᠷ ᠪᠠᠶ᠋ᠢᠭᠤᠯᠬᠤ ᠨᠠᠮ᠎ᠤᠨ ᠡᠭᠦᠷ᠎ᠤᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠭ᠎ᠠ ᠵᠢᠴᠢ 《ᠠᠨᠠᠷ᠎ᠤᠨ ᠬᠡᠯᠬᠢᠶ᠎ᠡ》 ᠭᠤᠷᠪᠠ ᠵᠢ ᠬᠦᠷᠭᠡᠬᠦ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠤᠶᠤᠨ ᠰᠠᠨᠠᠭ᠋ᠠᠨ᠎ᠳᠤ᠎ᠨᠢ ᠬᠠᠳᠠᠩᠰᠢᠭᠤᠯᠵᠤ᠂ ᠤᠢ᠌ᠯᠡ ᠪᠦᠲᠦᠮᠵᠢ ᠭᠠᠷᠭ᠋ᠠᠵᠤ᠂ ᠪᠣᠳᠠᠲᠠᠢ ᠲᠥᠷᠥᠭᠳᠡᠯ᠎ᠲᠠᠢ ᠪᠦᠳᠦᠮᠵᠢᠲᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠭᠡᠵᠡᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ