ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠪᠠᠶᠠᠷ᠎ᠤᠨ ᠮᠡᠳᠡᠬᠡ — ᠥᠪᠦᠷ ᠮᠤᠩᠭᠤᠯ᠎ᠤᠨ ᠥᠪᠡᠷᠳᠡᠬᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠪᠠᠢ᠌ᠭᠤᠯᠭ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ)᠎ᠤᠨ ᠨᠠᠮ᠎ᠤᠨ ᠡᠭᠦᠷ᠎ᠨᠢ ᠪᠥᠬᠥ ᠣᠷᠣᠨ᠎ᠤ 《ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ》 ᠵᠢᠨ ᠢᠷᠠᠭᠤ ᠠᠯᠳᠠᠷ᠎ᠤᠨ ᠴᠣᠯᠠ ᠵᠢ ᠭᠥᠷᠳᠡᠪᠡ
ᠨᠡᠶ᠋ᠢᠲᠡᠯᠡᠭᠰᠡᠨ ᠴᠠᠭ᠄ 2024-07-17

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯᠲᠠᠨ ᠪᠠ ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠥᠬᠢᠭᠦᠯᠦᠨ ᠰᠠᠢ᠌ᠰᠢᠶᠠᠬᠤ ᠲᠤᠬᠠᠶ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ ᠦᠨᠳᠦᠰᠦᠨ ᠱᠠᠲᠤᠨ᠎ᠤ 99 ᠨᠠᠮ᠎ᠤᠨ ᠵᠣᠬᠢᠶᠠᠨ ᠪᠠᠢ᠌ᠭᠤᠯᠤᠯᠲᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ》 ᠵᠢᠨ ᠢᠷᠠᠭᠤ ᠠᠯᠳᠠᠷ᠎ᠤᠨ ᠴᠣᠯᠠ ᠣᠯᠭᠣᠪᠠ᠃ ᠦᠨᠳᠦᠰᠦᠳᠡᠨ᠎ᠤ ᠵᠦᠪᠯᠡᠯ᠎ᠤᠨ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠪᠠᠢ᠌ᠭᠤᠯᠭ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ)᠎ᠤᠨ ᠨᠠᠮ᠎ᠤᠨ ᠡᠭᠦᠷ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠲᠠᠨᠢᠯᠴᠠᠭᠤᠯᠤᠭᠰᠠᠨ 4 《ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ》 ᠵᠢᠨ ᠨᠢᠭᠡ᠎ᠨᠢ ᠪᠤᠯᠵᠤ ᠲᠤᠰ ᠢᠷᠠᠭᠤ ᠠᠯᠳᠠᠷ᠎ᠢ ᠬᠦᠷᠲᠡᠪᠡ᠃

9.png 

     ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠪᠠᠢ᠌ᠭᠤᠯᠭ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ)᠎ᠤᠨ ᠨᠠᠮ᠎ᠤᠨ ᠡᠭᠦᠷ 2021 ᠣᠨ ᠪᠠ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠢ᠎ᠠ᠎ᠳᠤ 《ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ》᠎ᠪᠠᠷ ᠬᠣᠶᠠᠷ ᠤᠳᠠᠭ᠎ᠠ ᠦᠨᠡᠯᠡᠭᠳᠡᠪᠡ; 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ᠎ᠳᠤ 《ᠬᠠᠮᠤᠭ᠎ᠤᠨ ᠬᠦᠴᠦᠷᠬᠡᠭ ᠨᠠᠮ᠎ᠤᠨ ᠡᠭᠦᠷ᠎ᠤᠨ ᠵᠢᠱ᠌ᠢᠶ᠎ᠡ ᠦᠵᠡᠭᠦᠯᠬᠦ ᠴᠡᠭ》 ᠵᠶ᠋ᠠᠷ ᠨᠡᠷᠡᠢ᠌ᠳᠦᠭᠳᠡᠵᠦ᠂ ᠮᠥᠨ ᠵᠢᠯ᠎ᠳᠤ 《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠢᠬᠡᠴᠢ》 ᠵᠢᠨ ᠢᠷᠠᠭᠤ ᠠᠯᠳᠠᠷ᠎ᠢ ᠭᠥᠷᠳᠡᠪᠡ᠃
      ᠢᠷᠠᠭᠤ ᠠᠯᠳᠠᠷ ᠪᠣᠯ ᠥᠩᠭᠡᠷᠡᠭᠰᠡᠨ᠎ᠤ᠎ᠬᠢ ᠵᠢ ᠨᠤᠲᠠᠯᠠᠭᠰᠠᠨ ᠭᠡᠬᠦ᠎ᠳᠤ ᠢᠷᠡᠭᠡᠳᠦᠢ ᠵᠢᠨ ᠡᠭᠦᠷᠭᠡ ᠬᠦᠨᠳᠦ ᠵᠠᠮ ᠬᠤᠯᠠ ᠪᠠᠢ᠌ᠭ᠎ᠠ ᠶᠤᠮ᠃ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠪᠠᠢ᠌ᠭᠤᠯᠭ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ)᠎ᠤᠨ ᠨᠠᠮ᠎ᠤᠨ ᠡᠭᠦᠷ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠢᠮᠠᠭᠲᠠ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠤᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠦᠨ ᠦᠷᠬᠡᠳᠬᠡᠵᠦ᠂ 《ᠬᠣᠶᠠᠷ᠎ᠢ ᠲᠤᠭᠳᠠᠭ᠋ᠠᠭᠰᠠᠨ》᠎ᠤ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠦᠢ᠍ᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠬᠦᠴᠦ᠎ᠪᠠᠨ ᠲᠥᠪᠯᠡᠷᠡᠭᠦᠯᠦᠨ ᠰᠠᠢ᠌ᠲᠤᠷ ᠬᠢᠵᠦ᠂ ᠡᠷᠡᠯᠬᠡᠭᠯᠡᠨ ᠤᠷᠤᠭᠰᠢᠯᠠᠵᠤ᠂ ᠵᠤᠷᠢᠭᠳᠠᠢ᠎ᠪᠠᠷ ᠡᠬᠦᠷᠬᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠲᠠᠲᠠᠢ ᠲᠦᠷᠦᠭᠳᠠᠯ᠎ᠲᠠᠢ ᠪᠦᠲᠦᠮᠵᠢᠲᠡᠶ ᠪᠠᠳᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ᠎ᠳᠤ ᠰᠢᠨ᠎ᠡ ᠠᠮᠵᠢᠯᠲᠠ ᠭᠠᠷᠭ᠋ᠠᠵᠤ᠂ ᠨᠡᠡᠭ ᠶᠡᠬᠡ ᠬᠤᠪᠢ ᠨᠡᠮᠡᠷᠢ ᠦᠵᠡᠬᠦᠯᠬᠦ᠎ᠨᠢ ᠯᠠᠪᠲᠠᠢ ᠶᠤᠮ᠃



         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ