ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠢ᠎ᠠ 2024 ᠣᠨ᠎ᠤ ᠲᠥᠰᠦᠪ᠎ᠢ ᠭᠦᠢ᠍ᠴᠡᠳᠬᠡᠬᠦ ᠠᠬᠢᠭᠤᠯᠬᠤ ᠬᠤᠷᠠᠯ ᠵᠢᠴᠢ 2025 ᠣᠨ᠎ᠤ ᠲᠥᠰᠦᠪ᠎ᠢ ᠲᠦᠰᠦᠪᠯᠡᠬᠦ ᠠᠵᠢᠯ᠎ᠤᠨ ᠪᠠᠢ᠌ᠷᠢᠯᠠᠭᠤᠯᠤᠯᠳᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-07-26

    2024 ᠣᠨ᠎ᠤ ᠲᠥᠰᠦᠪ᠎ᠤᠨ ᠭᠦᠢᠴᠡᠳᠬᠡᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠬᠠᠮᠲᠤ᠂ 2025 ᠣᠨ᠎ᠤ ᠲᠥᠰᠦᠪ᠎ᠢ ᠲᠦᠰᠦᠪᠯᠡᠬᠦ  ᠠᠵᠢᠯ᠎ᠢ ᠰᠠᠢ᠌ᠲᠤᠷ  ᠬᠢᠵᠦ᠂ ᠲᠥᠰᠦᠪ᠎ᠤᠨ ᠣᠷᠣᠯᠭ᠎ᠠ ᠵᠠᠷᠤᠯᠭ᠎ᠠ ᠵᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠎ᠪᠠᠷ ᠲᠣᠬᠢᠷᠠᠭᠤᠯᠬᠤ ᠵᠢᠨ ᠲᠤᠰᠠᠳᠠ᠂ ᠣᠢ᠌ᠷ᠎ᠠ᠎ᠳᠤ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠢ᠎ᠠ ᠡᠨᠡ ᠲᠤᠬᠠᠢ ᠲᠤᠰᠬᠠᠢ ᠬᠤᠷᠠᠯ᠎ᠢ ᠬᠤᠷᠠᠯᠳᠤᠭᠤᠯᠪᠠ᠃ ᠰᠡᠳᠬᠦᠯ᠎ᠤᠨ ᠬᠤᠷᠢᠶ᠎ᠠ ᠵᠢᠨ ᠤᠳᠤᠷᠢᠳᠤᠯᠭ᠎ᠠ ᠸᠠᠩ ᠰᠢᠤᠸᠠᠢ ᠳ᠋ᠦᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠢᠴᠢ ᠲᠥᠰᠦᠪ᠎ᠢ ᠲᠦᠰᠦᠪᠯᠡᠬᠦ ᠭᠠᠷᠳᠠᠨ ᠭᠦᠢ᠍ᠴᠡᠳᠭᠡᠭᠴᠢ ᠬᠤᠷᠠᠯ᠎ᠳᠤ ᠣᠷᠣᠯᠴᠠᠪᠠ᠃
    ᠬᠤᠷᠠᠯ ᠳᠡᠭᠡᠷ᠎ᠡ᠂  ᠠᠯᠪᠠᠨ ᠬᠡᠷ᠎ᠠᠴᠠ 2024 ᠣᠨ᠎ᠤ 1 ᠳ᠋ᠤᠬᠡᠷ ᠰᠠᠷ᠎ᠠ᠎ᠠᠴᠠ 6 ᠳ᠋ᠤᠭ᠋ᠠᠷ ᠰᠠᠷ᠎ᠠ ᠬᠦᠷᠳᠡᠯᠡᠬᠢ ᠲᠥᠰᠦᠪ᠎ᠢ ᠭᠦᠢᠴᠡᠳᠬᠡᠭᠰᠡᠨ ᠪᠠᠢ᠌ᠳᠠᠯ᠎ᠢ ᠵᠠᠷᠯᠠᠨ ᠮᠡᠳᠡᠭᠳᠡᠵᠦ᠂ 2025 ᠣᠨ᠎ᠤ ᠲᠥᠰᠦᠪ᠎ᠢ ᠲᠦᠰᠦᠪᠯᠡᠬᠦ ᠠᠵᠢᠯ᠎ᠢ ᠪᠣᠳᠠᠲᠠᠶ ᠪᠠᠢ᠌ᠷᠢᠯᠠᠭᠤᠯᠪᠠ᠃
ᠸᠠᠩ ᠰᠢᠤᠸᠠᠢ ᠳ᠋ᠦᠩ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠥᠰᠦᠪ᠎ᠢ ᠭᠦᠢ᠍ᠴᠡᠳᠬᠡᠬᠦ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠨᠢᠭᠡ᠎ᠳᠤ᠂ ᠵᠤᠷᠢᠯᠳᠠ᠎ᠪᠠᠨ ᠴᠢᠩᠭ᠎ᠠ ᠮᠦᠷᠳᠡᠵᠦ ᠲᠥᠰᠦᠪ᠎ᠢ ᠭᠦᠢ᠍ᠴᠡᠳᠬᠡᠬᠦ ᠠᠬᠢᠴᠠ ᠵᠢ ᠲᠦᠷᠬᠡᠳᠬᠡᠬᠦ ᠬᠡᠷᠡᠭᠳᠡᠢ᠃ ᠵᠠᠷᠤᠯᠭ᠎ᠠ ᠵᠢ ᠰᠠᠷ᠎ᠠ᠎ᠪᠠᠷ ᠬᠤᠪᠢᠶᠠᠷᠢᠯᠠᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠵᠠᠷᠤᠯᠭ᠎ᠠ ᠵᠢᠨ ᠠᠬᠢᠴᠠ ᠵᠢ ᠬᠦᠴᠦᠯᠡᠨ ᠲᠦᠷᠭᠡᠳᠬᠡᠵᠦ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠰᠠᠢ᠌ᠳᠤᠷ ᠪᠠᠳᠠᠷᠠᠭᠤᠯᠬᠤ ᠵᠢ ᠦᠨᠡᠨ ᠬᠦ᠌ ᠪᠠᠳᠤᠯᠠᠬᠤ ᠬᠡᠷᠡᠭᠳᠡᠢ᠃ ᠬᠣᠶᠠᠷ᠎ᠲᠤ᠂ ᠣᠨᠢᠨ ᠳᠡᠭᠡᠷ᠎ᠡ᠎ᠨᠢ ᠬᠦᠴᠦᠯᠡᠵᠦ᠂ ᠲᠥᠰᠦᠪ᠎ᠤᠨ  ᠭᠦᠢ᠍ᠴᠡᠳᠬᠡᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠳᠡᠢ᠃ ᠡᠯ᠎ᠡ ᠰᠠᠯᠠᠭ᠎ᠠ ᠲᠠᠰᠤᠭ᠎ᠤᠳ ᠨᠡᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠳᠡᠪᠬᠢᠲᠡᠶ ᠨᠡᠪᠲᠡᠷᠡᠯᠴᠡᠨ ᠵᠣᠯᠭ᠋ᠠᠭᠤᠯᠵᠤ᠂ ᠣᠷᠣᠰᠢᠵᠤ ᠪᠠᠢ᠌ᠭ᠎ᠠ ᠠᠰᠠᠭᠤᠳᠠᠯ᠎ᠢ ᠪᠠᠢ᠌ᠴᠠᠭ᠋ᠠᠨ ᠡᠷᠢᠵᠦ᠂ ᠴᠠᠭ ᠲᠤᠬᠠᠢ᠎ᠳᠤ᠎ᠨᠢ ᠰᠢᠢ᠍ᠳᠪᠤᠷᠢᠯᠡᠵᠦ᠂ ᠲᠥᠰᠦᠪ᠎ᠢ ᠭᠦᠢ᠍ᠴᠡᠳᠬᠡᠬᠦ ᠠᠬᠢᠴᠠ ᠵᠢ ᠲᠤᠬᠢᠷᠠᠭᠤᠯᠵᠤ᠂ ᠲᠥᠰᠦᠪ᠎ᠢ ᠭᠦᠢ᠍ᠴᠡᠳᠬᠡᠬᠦ ᠵᠢᠨ ᠴᠠᠭ ᠬᠤᠭᠤᠴᠠᠭ᠋ᠠᠲᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠥᠰᠦᠪ᠎ᠢ ᠭᠦᠢ᠍ᠴᠡᠳᠬᠡᠬᠦ ᠦᠷ᠎ᠡ ᠪᠦᠲᠦᠮᠵᠢ ᠵᠢ ᠳᠡᠬᠡᠭᠰᠢᠯᠡᠬᠦᠯᠬᠦ ᠬᠡᠷᠡᠭᠳᠡᠢ᠃ ᠬᠢᠨᠠᠨ  ᠪᠠᠢ᠌ᠴᠠᠭ᠋ᠠᠬᠤ ᠳᠦᠷᠢᠮ᠎ᠢ ᠪᠦᠷᠢᠨᠰᠢᠭᠦᠯᠵᠦ᠂ ᠠᠵᠢᠯ᠎ᠤᠨ ᠶᠠᠪᠤᠴᠠ ᠵᠢ ᠰᠢᠯᠢᠳᠡᠭᠵᠢᠬᠦᠯᠵᠦ᠂ ᠲᠣᠪᠣᠢ᠍ᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠰᠠᠯᠠᠭ᠎ᠠ ᠮᠥᠴᠢᠷ᠎ᠤᠨ ᠲᠥᠰᠦᠪ᠎ᠤᠨ ᠬᠠᠮᠢᠶᠠᠷᠤᠯᠲᠠ ᠵᠢᠨ ᠲᠦᠷᠢᠮᠵᠢᠭᠦᠨ ᠪᠥᠭᠡᠳ ᠥᠨᠳᠥᠷ ᠪᠦᠲᠦᠮᠵᠢᠲᠡᠢ ᠪᠠᠢ᠌ᠬᠤ ᠵᠢ ᠠᠬᠢᠭᠤᠯᠬᠤ ᠬᠡᠷᠡᠭᠳᠡᠢ᠃ ᠳᠥᠷᠪᠡ᠎ᠳᠤ᠂ ᠠᠶᠤᠯ ᠲᠦᠭᠰᠢᠭᠦᠷᠢ ᠵᠢ ᠰᠡᠷᠭᠡᠢ᠌ᠯᠡᠵᠦ᠂ ᠲᠣᠭᠲᠠᠭ᠋ᠠᠯ᠎ᠠᠴᠠ ᠵᠥᠷᠢᠴᠡᠭᠰᠡᠨ ᠵᠠᠷᠤᠯᠭ᠎ᠠ ᠵᠢ ᠡᠷᠡᠰ ᠬᠤᠷᠢᠭᠯᠠᠬᠤ ᠬᠡᠷᠡᠭᠳᠡᠢ᠃ 《ᠤᠷᠢᠳ ᠵᠢᠡᠷ ᠲᠥᠰᠦᠪ ᠬᠢᠵᠦ  ᠳᠠᠷᠠᠭ᠎ᠠ᠎ᠨᠢ ᠵᠠᠷᠤᠯᠭ᠎ᠠ ᠭᠠᠷᠭ᠋ᠠᠬᠤ》 ᠲᠤᠭᠳᠠᠯᠴᠠᠭ᠎ᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠭᠠᠮᠨᠠᠵᠤ ᠠᠮᠢᠳᠤᠷᠠᠬᠤ ᠦᠵᠡᠯ ᠰᠠᠨᠠᠭ᠎ᠠ ᠵᠢ ᠪᠠᠲᠤ ᠪᠡᠬᠢ ᠪᠤᠢ ᠪᠣᠯᠭ᠋ᠠᠵᠤ᠂  ᠲᠦᠰᠦᠪ ᠦᠭᠡᠢ ᠵᠠᠷᠤᠯᠭ᠎ᠠ ᠪᠣᠶᠤ ᠲᠥᠰᠦᠪ᠎ᠠᠴᠠ ᠬᠡᠲᠦᠷᠡᠭᠦᠯᠦᠨ ᠪᠡᠯᠡ ᠮᠥᠩᠭᠥ ᠵᠠᠷᠤᠴᠠᠭᠤᠯᠬᠤ ᠵᠢ ᠴᠢᠩᠭ᠎ᠠ ᠬᠢᠵᠠᠭ᠋ᠠᠷᠯᠠᠵᠦ᠂ ᠲᠥᠰᠦᠪ᠎ᠢ ᠭᠦᠢ᠍ᠴᠡᠳᠬᠡᠬᠦ ᠬᠠᠮᠢᠶᠠᠷᠤᠯᠲᠠ ᠵᠢᠨ ᠠᠵᠢᠯ᠎ᠢ ᠤᠷᠲᠤ ᠬᠤᠭᠤᠴᠠᠭ᠎ᠠ᠎ᠪᠠᠷ ᠰᠠᠢ᠌ᠲᠤᠷ ᠬᠢᠬᠦ ᠬᠡᠷᠡᠭᠳᠡᠢ ᠬᠡᠵᠦ ᠢᠯᠡᠷᠬᠡᠢ᠌ᠯᠡᠪᠠ᠃ 
    ᠲᠤᠰ ᠤᠳᠠᠭ᠋ᠠᠨ᠎ᠤ ᠠᠬᠢᠭᠤᠯᠬᠤ ᠬᠤᠷᠠᠯ ᠵᠶ᠋ᠠᠷ ᠳᠠᠮᠵᠢᠭᠤᠯᠵᠤ᠂ ᠳᠣᠣᠷ᠎ᠠ ᠬᠠᠭ᠋ᠠᠰ ᠵᠢᠯ᠎ᠤᠨ ᠲᠥᠰᠦᠪ᠎ᠢ ᠭᠦᠢ᠍ᠴᠡᠳᠬᠡᠬᠦ ᠠᠵᠢᠯ᠎ᠤᠨ ᠬᠠᠷᠠᠯᠲᠠ ᠪᠣᠯᠤᠨ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠲᠥᠰᠦᠪ᠎ᠢ ᠭᠦᠢ᠍ᠴᠡᠳᠬᠡᠬᠦ ᠠᠬᠢᠴᠠ ᠵᠢ ᠲᠦᠷᠭᠡᠳᠬᠡᠬᠦ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ᠎ᠳᠤ ᠪᠠᠲᠤ ᠪᠡᠬᠢ ᠰᠠᠭᠤᠷᠢ ᠵᠢ ᠳᠠᠯᠪᠢᠪᠠ᠃

ᠢᠷᠡᠯᠲᠡ᠄ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠢ᠎ᠠ