ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ ᠺᠠᠳ᠋ᠷᠴᠤᠳ᠎ᠤᠨ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠤ᠎ᠪᠠᠨ ᠬᠠᠳᠠᠩᠰᠢᠭᠤᠯᠬᠤ ᠵᠢ ᠬᠥᠲᠥᠯᠥᠨ ᠵᠢᠯᠤᠭᠣᠳᠴᠤ᠂ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ》 ᠵᠢ ᠰᠡᠳᠬᠢᠯ᠎ᠳᠤ᠎ᠪᠠᠨ ᠬᠠᠳᠠᠩᠰᠢᠭᠤᠯᠵᠤ᠂ ᠠᠵᠢᠯᠯᠠᠭ᠎ᠠ᠎ᠳᠤ᠎ᠪᠠᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠵᠢᠨ ᠲᠥᠯᠥᠭᠡ᠂ 2024 ᠣᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ ᠪᠣᠯᠣᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠡᠭᠦᠷ ᠬᠠᠮᠲᠤᠷᠠᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠨᠠᠮ᠎ᠤᠨ ᠬᠢᠴᠢᠶᠡᠯ᠎ᠢ ᠡᠷᠬᠢᠯᠡᠪᠡ᠃
ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ᠎ᠤᠨ ᠱᠦᠵᠢ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠳᠤ ᠨᠠᠷᠢᠨ ᠲᠠᠢ᠌ᠯᠦᠮᠵᠢ ᠬᠢᠬᠦ ᠵᠢᠨ ᠬᠠᠮᠲᠤ ᠬᠤᠪᠢ ᠬᠥᠮᠥᠨ᠎ᠤ ᠰᠤᠷᠤᠯᠴᠠᠭᠰᠠᠨ ᠰᠡᠳᠬᠢᠭᠰᠡᠨ᠂ ᠲᠥᠷᠥᠭᠳᠡᠭᠰᠡᠨ ᠣᠢ᠌ᠯᠠᠭ᠋ᠠᠭᠰᠠᠨᠲᠠᠢᠪᠠᠨ ᠤᠶᠠᠯᠳᠤᠭᠤᠯᠵᠤ᠂ ᠠᠬᠠᠮᠠᠳ ᠺᠠᠳ᠋ᠷᠴᠤᠳ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠦ ᠠᠬᠠᠮᠠᠳ ᠨᠥᠬᠥᠳ᠎ᠲᠠᠢ ᠰᠤᠷᠤᠯᠴᠠᠭᠰᠠᠨ ᠣᠯᠣᠯᠲᠠ ᠲᠥᠷᠥᠭᠳᠡᠯ ᠵᠶ᠋ᠡᠨ ᠭᠦᠨᠵᠡᠭᠡᠢ ᠰᠣᠯᠢᠯᠴᠠᠪᠠ᠃
ᠬᠤᠷᠠᠯ᠎ᠠᠴᠠ᠂ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ ᠰᠤᠷᠤᠯᠴᠠᠨ ᠤᠢ᠌ᠯᠠᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠲᠡᠷᠡ ᠬᠡᠪ ᠵᠶ᠋ᠡᠷ᠎ᠨᠢ ᠰᠤᠷᠤᠯᠴᠠᠬᠤ᠂ ᠪᠦᠯᠦᠭ ᠳᠠᠷᠠᠭ᠋ᠠᠯᠠᠨ ᠰᠤᠷᠤᠯᠴᠠᠬᠤ ᠵᠢ ᠪᠠᠷᠢᠮᠲᠠᠯᠠᠵᠤ᠂ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ》 ᠵᠢᠨ ᠭᠣᠣᠯ ᠵᠣᠷᠢᠯᠲᠠ ᠴᠢᠬᠤᠯᠠ ᠠᠭᠤᠯᠭ᠎ᠠ ᠵᠢ ᠣᠨᠣᠪᠴᠢᠲᠠᠢ ᠡᠵᠡᠮᠰᠢᠵᠦ᠂ ᠢᠯᠠᠩᠭᠤᠶ᠎ᠠ ᠲᠡᠭᠦᠨ᠎ᠤ ᠳᠣᠲᠣᠷᠠᠬᠢ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠤ ᠬᠤᠯᠪᠤᠭᠳᠠᠬᠤ ᠬᠠᠮᠢᠶ᠎ᠠ ᠪᠦᠬᠦᠢ ᠱᠠᠭ᠋ᠠᠷᠳᠠᠯᠭ᠎ᠠ ᠪᠠ ᠲᠣᠭᠲᠠᠭ᠋ᠠᠯ᠎ᠢ ᠣᠨᠣᠪᠴᠢᠲᠠᠢ ᠡᠵᠡᠮᠰᠢᠵᠦ᠂ ᠲᠤᠰ ᠪᠡᠶ᠎ᠡ ᠵᠢᠨ ᠦᠵᠡᠯ ᠰᠠᠨᠠᠭ᠎ᠠ᠂ ᠲᠤᠰ ᠪᠡᠶ᠎ᠡ ᠵᠢᠨ ᠦᠢ᠍ᠯᠡ ᠠᠵᠢᠯᠯᠠᠭ᠎ᠠ᠎ᠪᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠲᠠᠢ ᠵᠤᠷᠪᠤᠰ ᠳᠠᠷᠠᠭ᠋ᠠᠯᠠᠨ ᠬᠠᠷᠢᠴᠠᠭᠤᠯᠤᠨ ᠪᠠᠢ᠌ᠴᠠᠭ᠋ᠠᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠵᠠᠯᠠᠷᠠᠭᠤᠯᠵᠤ᠂ ᠨᠠᠮᠴᠢ ᠴᠢᠨᠠᠷ᠎ᠤᠨ ᠦᠵᠡᠯᠳᠡ ᠪᠠ ᠨᠠᠮ᠎ᠤᠨ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠡᠷᠡᠰ ᠳᠡᠮᠵᠢᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠱᠠᠭ᠋ᠠᠷᠳᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠴᠢᠭᠤᠯᠤᠭᠴᠢ᠄ ᠸᠠᠩ ᠰᠢᠥᠸᠠᠢ ᠳ᠋ᠦᠩ