ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢᠨ ᠦᠨᠳᠦᠰᠦᠨ ᠱᠠᠲᠤᠨ᠎ᠳᠤ᠎ᠬᠢ ᠠᠶᠠᠯᠠᠯ᠎ᠤᠨ ᠭᠣᠤᠯ ᠰᠡᠳᠦᠪᠲᠦ ᠤᠬᠠᠭᠤᠯᠤᠨ ᠳᠠᠢ᠌ᠯᠪᠤᠷᠢᠯᠠᠯᠳᠠ ᠵᠢᠴᠢ 《ᠠᠨᠠᠷ᠎ᠤᠨ ᠬᠡᠯᠬᠢᠶ᠎ᠡ — ᠲᠥᠷᠥ ᠵᠢᠨ ᠪᠣᠳᠣᠯᠭ᠎ᠠ ᠬᠦᠷᠬᠡᠬᠦ᠂ ᠮᠡᠷᠭᠡᠵᠢᠯ ᠬᠦᠷᠬᠡᠬᠦ᠂ ᠦᠢᠯᠡᠴᠢᠯᠡᠭᠡ ᠬᠦᠷᠭᠡᠬᠦ》 ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2024-07-08

      6 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 28᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢᠨ ᠦᠨᠳᠦᠰᠦᠨ ᠱᠠᠳᠤᠨ᠎ᠳᠤ᠎ᠬᠢ ᠠᠶᠠᠯᠠᠯ᠎ᠤᠨ ᠭᠣᠤᠯ ᠰᠡᠳᠦᠪᠲᠦ ᠤᠬᠠᠭᠤᠯᠤᠨ ᠳᠠᠢ᠌ᠯᠪᠤᠷᠢᠯᠠᠯᠳᠠ ᠵᠢᠴᠢ 《ᠠᠨᠠᠷ᠎ᠤᠨ ᠬᠡᠯᠬᠢᠶ᠎ᠡ — ᠲᠥᠷᠥ ᠵᠢᠨ ᠪᠣᠳᠣᠯᠭ᠎ᠠ ᠬᠦᠷᠬᠡᠬᠦ᠂ ᠮᠡᠷᠭᠡᠵᠢᠯ ᠬᠦᠷᠬᠡᠬᠦ᠂ ᠦᠢᠯᠡᠴᠢᠯᠡᠭᠡ ᠬᠦᠷᠬᠡᠬᠦ》 ᠠᠵᠢᠯᠯᠠᠭ᠎ᠠ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠳᠤ ᠠᠮᠵᠢᠯᠲᠠ᠎ᠲᠠᠢ ᠶᠠᠪᠤᠭᠳᠠᠪᠠ᠃

1.jpg

      ᠡᠬᠢᠯᠡᠯᠲᠡ ᠵᠢᠨ ᠶᠣᠰᠣᠯᠠᠯ 

      ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠭᠣᠤᠯᠯᠠᠨ ᠡᠷᠬᠢᠯᠡᠵᠦ᠂ ᠡᠦᠢᠪᠤᠷ ᠮᠣᠩᠭᠣᠯ᠎ᠤᠨ ᠡᠦᠢᠪᠠᠷᠳᠠᠬᠡᠠ ᠵᠠᠰᠠᠬᠤ ᠣᠷᠣᠨ᠎ᠤ ᠦᠨᠳᠦᠰᠦᠳᠡᠨ᠎ᠤ ᠵᠦᠪᠯᠡᠯ᠎ᠤᠨ ᠤᠷᠤᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠬᠡᠨ᠎ᠤ ᠲᠦᠪ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠣᠷᠴᠢᠭᠤᠯᠤᠨ ᠦᠢᠯᠡᠳᠬᠦ ᠲᠥᠪ᠂ ᠣᠷᠳᠣᠰ ᠬᠣᠲᠠ ᠵᠢᠨ ᠦᠨᠳᠦᠰᠦᠲᠡᠨ᠎ᠤ ᠵᠥᠪᠯᠡᠯ᠎ᠠᠴᠠ ᠳᠠᠭ᠋ᠠᠭ᠋ᠠᠴᠢᠯᠠᠨ ᠡᠷᠬᠢᠯᠡᠵᠦ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠂ ᠥᠪᠥᠷ ᠮᠣᠩᠭᠣᠯ᠎ᠤᠨ ᠺᠢᠨᠣ᠋ ᠵᠢᠨ ᠪᠦᠯᠦᠭᠯᠡᠯ᠂ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠵᠢᠷᠤᠭᠲᠤ ᠰᠡᠳᠬᠦᠯ᠎ᠤᠨ ᠬᠣᠷᠢᠶ᠎ᠠ᠂ ᠥᠪᠥᠷ ᠮᠣᠩᠭᠣᠯ᠎ᠤᠨ ᠤᠮᠠᠷᠠᠲᠤ ᠬᠢᠯᠢ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠪᠠᠲᠤᠯᠠᠭ᠎ᠠ ᠵᠢᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠩᠭᠢ᠂ ᠥᠪᠥᠷ ᠮᠣᠩᠭᠣᠯ᠎ᠤᠨ ᠮᠣᠩᠭᠣᠯ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠨᠡᠢ᠌ᠭᠡᠮᠯᠢᠭ᠂ ᠣᠷᠳᠣᠰ ᠬᠣᠲᠠ ᠵᠢᠨ ᠰᠢᠨᠵᠢᠯᠡᠭᠡ ᠮᠡᠷᠭᠡᠵᠢᠯ᠎ᠤᠨ ᠣᠷᠳᠣᠨ᠂ ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠤ ᠵᠥᠪᠯᠡᠯ᠂ ᠡᠵᠡᠨ ᠬᠣᠷᠣᠭ᠎ᠠ ᠬᠣᠰᠢᠭᠤᠨ᠎ᠤ ᠰᠢᠨᠵᠢᠯᠡᠭᠡ ᠮᠡᠷᠭᠡᠵᠢᠯ᠎ᠤᠨ ᠨᠡᠢ᠌ᠭᠡᠮᠯᠢᠭ᠎ᠠᠴᠠ ᠬᠠᠮᠵᠢᠨ ᠡᠷᠬᠢᠯᠡᠪᠡ᠃

2.jpg

      ᠳᠡᠭᠡᠳᠦ ᠵᠡᠷᠭᠡ ᠵᠢᠨ ᠨᠠᠢ᠌ᠷᠠᠭᠤᠯᠤᠭᠴᠢ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠤᠷᠢᠶ᠎ᠠ ᠵᠢᠨ ᠬᠠᠮ ᠵᠠᠭᠤᠴᠢᠯᠠᠭᠤᠷ᠎ᠤᠨ ᠮᠡᠳᠡᠬᠡ ᠨᠡᠢ᠌ᠲᠡᠯᠡᠬᠦ ᠲᠥᠪ᠎ᠤᠨ ᠳᠡᠳ᠋ ᠡᠷᠬᠢᠯᠡᠭᠴᠢ ᠰᠦ᠍ ᠶᠦᠩ ᠱᠧᠩ᠎ᠢ ᠤᠷᠢᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠶ᠎ᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ᠃

3.png

      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠣᠷᠴᠢᠭᠤᠯᠤᠨ ᠦᠢᠯᠡᠳᠬᠦ ᠲᠥᠪ᠎ᠤᠨ 《ᠪᠢ ᠮᠡᠳᠡᠨ᠎ᠠ》 ᠳᠡᠯᠬᠡᠴᠠ ᠵᠢᠨ᠎ᠬᠢᠨ᠎ᠢ ᠤᠷᠢᠵᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢᠨ ᠫᠷᠤᠭ᠌ᠷᠠᠮ᠎ᠢ ᠰᠢᠩᠭᠡᠭᠡᠨ ᠦᠢ᠍ᠯᠡᠳᠪᠠ᠃

4.jpg

      ᠤᠮᠠᠷᠠᠲᠤ ᠬᠢᠯᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠩᠭᠢ ᠵᠢᠨ ᠳᠠᠷᠤᠭ᠎ᠠ ᠰᠢᠩ ᠳ᠋ᠠᠨ᠎ᠢ ᠤᠷᠢᠵᠤ ᠠᠭᠤᠰᠬᠢ ᠵᠢᠷᠦᠬᠡᠨ᠎ᠤ ᠰᠡᠷᠭᠦᠭᠡᠯᠲᠡ᠂ ᠬᠠᠮᠷᠢᠺ ᠪᠠᠴᠢᠮ ᠠᠪᠤᠷᠠᠯᠳᠠ ᠵᠢᠨ ᠠᠷᠭ᠎ᠠ ᠵᠡᠷᠬᠡ ᠪᠠᠴᠢᠮ ᠪᠠᠢ᠌ᠳᠠᠯ᠎ᠠᠴᠠ ᠠᠪᠤᠷᠠᠬᠤ ᠮᠡᠳᠡᠯᠭᠡ ᠦᠢᠯᠡᠳᠦᠯᠭᠡ ᠵᠢᠨ ᠤᠷ᠎ᠠ ᠴᠢᠳᠠᠪᠤᠷᠢ ᠵᠢᠨ ᠲᠠᠢ᠌ᠯᠤᠮᠵᠢ ᠬᠢᠯᠭᠡᠪᠡ᠃

5.jpg

      ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠡᠯᠧᠺᠲᠷᠣᠨ ᠮᠡᠳᠡᠭᠡ ᠵᠠᠩᠭᠢ ᠵᠢᠨ ᠢᠨᠵᠧᠨᠧᠷᠢᠩ᠎ᠤᠨ ᠳᠡᠭᠡᠳᠦ ᠰᠤᠷᠭ᠋ᠠᠭᠤᠯᠢ ᠵᠢᠨ ᠳᠡᠳ᠋ ᠫᠷᠤᠹᠸᠰᠰᠤᠷ ᠹᠠᠨ ᠲᠤᠷᠵᠢ ᠵᠢ ᠤᠷᠢᠵᠤ 《ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠲᠦᠯᠬᠢᠯᠲᠡ ᠳᠣᠤᠷᠠᠬᠢ ᠣᠶᠤᠨᠴᠢ ᠮᠠᠯ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠪᠣᠳᠣᠯᠭ᠎ᠠ ᠪᠠ ᠦᠢᠯᠡᠳᠦᠯᠭᠡ ᠵᠢᠨ ᠰᠤᠳᠤᠯᠤᠯ》 ᠭᠡᠬᠦ ᠲᠤᠰᠬᠠᠶ ᠰᠡᠳᠦᠪᠲᠦ ᠲᠠᠢ᠌ᠯᠤᠮᠵᠢ ᠬᠢᠯᠭᠡᠪᠡ᠃   

6.jpg  

      ᠥᠪᠥᠷ ᠮᠣᠩᠭᠣᠯ᠎ᠤᠨ ᠵᠢᠷᠤᠭᠲᠤ ᠰᠡᠳᠬᠦᠯ᠎ᠤᠨ ᠬᠤᠷᠢᠶ᠎ᠠ ᠵᠢᠨ ᠤᠷᠠᠨ ᠵᠢᠷᠤᠭ᠎ᠤᠨ ᠨᠠᠢ᠌ᠷᠠᠭᠤᠯᠤᠭᠴᠢ᠂ ᠤᠯᠤᠰ᠎ᠤᠨ ᠬᠣᠶᠠᠳᠤᠭ᠋ᠠᠷ ᠳᠡᠰ᠎ᠤᠨ ᠭᠡᠷᠡᠯ ᠵᠢᠷᠤᠭᠴᠢᠨ ᠰᠦᠩ ᠫᠧᠩ ᠲᠤᠤ ᠵᠢ ᠤᠷᠢᠵᠤ 《ᠭᠡᠷᠡᠯ ᠵᠢᠷᠤᠭ᠎ᠤᠨ ᠲᠤᠬᠠᠢ ᠮᠢᠨᠦ ᠣᠢ᠌ᠯᠠᠭ᠋ᠠᠯᠲᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ᠃

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠡᠶᠡᠴᠢ ᠣᠢ᠌ᠯᠭ᠋ᠠᠯᠲᠠ᠃

      ᠠᠵᠢᠯᠯᠠᠭ᠎ᠠ ᠵᠢᠨ ᠬᠤᠭᠤᠴᠠᠭ᠋ᠠᠨ᠎ᠳᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ — ᠤᠷᠳᠤᠰ᠂ ᠢᠷᠭ᠋ᠠᠢ᠂ ᠳᠡᠮᠡᠬᠡᠳᠦ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ》 ᠵᠢ ᠵᠡᠷᠬᠡ᠎ᠪᠠᠷ ᠡᠷᠭᠢᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠠᠭ᠋ᠠᠳᠤᠮ ᠲᠣᠭᠯᠠᠭ᠋ᠠᠮ᠎ᠤᠨ ᠲᠣᠭᠣᠷᠢᠭ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠤᠨ ᠲᠣᠭᠣᠷᠢᠭ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠤ ᠲᠣᠭᠣᠷᠢᠭ᠎ᠢ ᠪᠠᠢ᠌ᠷᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠪᠡᠶ᠎ᠡ ᠵᠢᠨ ᠲᠠᠮᠢᠷ᠂ ᠨᠠᠭ᠋ᠠᠳᠤᠮ ᠲᠣᠭᠯᠠᠭ᠋ᠠᠮ ᠬᠢᠭᠡᠳ ᠼᠢᠷᠺ᠎ᠤᠨ ᠲᠥᠷᠥᠯ ᠵᠦᠢᠯ ᠵᠢᠴᠢ ᠠᠷᠠᠳ᠎ᠤᠨ ᠵᠠᠩ ᠦᠢᠯᠡ ᠵᠢᠨ ᠲᠥᠷᠥᠯ ᠵᠦᠢᠯ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠡᠮ ᠡᠮᠨᠡᠯᠭᠡ ᠵᠢᠨ ᠲᠥᠷᠥᠯ ᠵᠦᠢᠯ᠎ᠢ ᠳᠡᠯᠬᠡᠨ ᠦᠵᠡᠬᠦᠯᠵᠦ᠂ ᠠᠬᠤᠶ ᠲᠠᠯᠠᠪᠠᠶ᠎ᠳᠤ ᠪᠠᠰᠠ ᠪᠤᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ᠎ᠤᠨ ᠠᠮᠲᠠᠲᠤ ᠢᠳᠡᠭᠡᠨ᠎ᠢ ᠵᠢᠭᠤᠯᠴᠢᠳ᠎ᠲᠤ ᠠᠮᠲᠠᠯᠠᠭᠤᠯᠤᠨ ᠦᠵᠡᠬᠦᠯᠪᠠ ᠁ ᠤᠷᠳᠤᠰ᠂ ᠢᠷᠭ᠋ᠠᠢ᠂ ᠲᠡᠮᠡᠭᠡᠲᠦ᠎ᠠᠴᠠ ᠢᠷᠡᠭᠰᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨᠡᠳᠦ ᠡᠷᠳᠡᠨᠢᠰ᠎ᠨᠢ ᠲᠤᠰ ᠤᠳᠠᠭ᠋ᠠᠨ᠎ᠤ ᠠᠵᠢᠯᠯᠠᠭ᠎ᠠ᠎ᠳᠤ ᠭᠠᠢ᠌ᠬᠠᠮᠰᠢᠭ ᠵᠶ᠋ᠠᠨ ᠢᠯᠡᠷᠡᠬᠦᠯᠵᠦ᠂ ᠬᠥᠮᠦᠰ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ ᠵᠢ ᠪᠡᠶᠡᠴᠢᠯᠡᠨ ᠮᠡᠳᠡᠷᠡᠭᠦᠯᠵᠦ᠂ ᠤᠳᠤᠮᠰᠢᠯᠲᠤ ᠭᠤᠸ᠎ᠠ ᠰᠠᠢ᠌ᠬᠠᠨ᠎ᠢ ᠱᠠᠭᠰᠢᠷᠠᠭᠤᠯᠪᠠ᠃

7.jpg

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ — ᠤᠷᠳᠤᠰ ᠢᠷᠭ᠋ᠠᠢ ᠳᠡᠮᠡᠬᠡᠳᠦ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ

      ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠪᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ᠎ᠤᠨ ᠬᠣᠶᠠᠷ ᠲᠤᠰᠬᠠᠶ ᠮᠡᠷᠭᠡᠵᠢᠯᠲᠡᠨ ᠣᠷᠳᠣᠰ ᠬᠣᠲᠠ ᠵᠢᠨ ᠰᠢᠨᠵᠢᠯᠡᠭᠡ ᠮᠡᠷᠭᠡᠵᠢᠯ᠎ᠤᠨ ᠣᠷᠳᠣᠨ᠂ ᠡᠵᠡᠨ ᠬᠣᠷᠣᠭ᠎ᠠ ᠬᠣᠰᠢᠭᠤᠨ᠎ᠤ  ᠰᠢᠨᠵᠢᠯᠡᠭᠡ ᠮᠡᠷᠭᠡᠵᠢᠯ᠎ᠤᠨ ᠨᠡᠢ᠌ᠭᠡᠮᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠤᠮᠤ ᠬᠦᠰᠬᠡ᠎ᠲᠠᠢ ᠬᠠᠮᠳᠤ᠎ᠪᠠᠷ ᠡᠵᠡᠨ ᠬᠣᠷᠣᠭ᠎ᠠ ᠬᠣᠰᠢᠭᠤᠨ᠎ᠤ ᠬᠣᠨᠢᠴᠢᠨ ᠭᠣᠤᠯ ᠪᠠᠯᠭ᠋ᠠᠰᠤᠨ᠎ᠤ ᠨᠠᠷᠢᠨ ᠰᠢᠯᠢ ᠪᠠᠭ᠎ᠠ ᠰᠤᠷᠭ᠋ᠠᠭᠤᠯᠢ᠎ᠳᠤ ᠬᠦᠷᠴᠦ᠂ ᠰᠤᠷᠤᠭᠴᠢᠳ᠎ᠲᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠪᠡᠳᠡᠭᠰᠢ ᠠᠵᠢᠯᠯᠠᠭ᠎ᠠ ᠦᠷᠨᠢᠬᠦᠯᠪᠠ᠃

8.jpg

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ᠎ᠤᠨ ᠳᠡᠭᠡᠳᠦ ᠵᠡᠷᠭᠡ ᠵᠢᠨ ᠢᠨᠵᠧᠨᠧᠷ ᠯᠢ ᠵᠢᠶ ᠰᠤᠷᠤᠭᠴᠢᠳ᠎ᠲᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠡᠬᠡ ᠤᠯᠤᠰ ᠵᠢᠡᠨ ᠤᠢ᠌ᠯᠠᠭ᠋ᠠᠶ᠎ᠠ》 ᠭᠡᠬᠦ ᠰᠡᠳᠦᠪ ᠵᠶ᠋ᠡᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ ᠣᠷᠤᠪᠠ᠃

9.jpg

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠭᠢ ᠵᠢᠨ ᠲᠥᠪ᠎ᠤᠨ ᠳᠡᠭᠡᠳᠦ ᠵᠡᠷᠬᠡ ᠵᠢᠨ ᠳᠡᠳ᠋ ᠢᠨᠵᠧᠨᠧᠷ ᠷᠧᠨ ᠭᠤᠸᠠᠨ ᠶᠣᠣ ᠰᠤᠷᠤᠭᠴᠢᠳ᠎ᠲᠤ 《ᠥᠪᠥᠷ ᠮᠣᠩᠭᠣᠯ᠎ᠤᠨ ᠨᠢᠭᠡᠳᠦᠭᠡᠷ ᠨᠣᠮᠧᠷᠲᠤ᠂ ᠦᠨᠳᠦᠷᠴᠠ᠎ᠠᠴᠠ ᠢᠷᠡᠭᠡᠳᠦᠢ ᠵᠢ ᠬᠠᠷᠠᠬᠤᠢ》 ᠭᠡᠬᠦ ᠰᠡᠳᠦᠪ ᠵᠶ᠋ᠡᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ ᠣᠷᠤᠪᠠ᠃ 
      ᠬᠣᠶᠠᠷ ᠪᠠᠭᠰᠢ ᠵᠢᠨ ᠨᠠᠷᠢᠯᠢᠭ ᠲᠠᠢ᠌ᠯᠤᠮᠵᠢ᠎ᠨᠢ ᠰᠤᠷᠤᠭᠴᠢᠳ᠎ᠲᠤ ᠤᠯᠤᠰ᠎ᠤᠨ ᠨᠤᠲᠤᠭ ᠳᠡᠪᠢᠰᠬᠡᠷ᠎ᠤᠨ ᠮᠡᠳᠡᠯᠭᠡ ᠵᠢᠴᠢ ᠳᠠᠭ᠋ᠠᠭᠤᠯᠢ ᠣᠲᠣ ᠵᠢ ᠬᠠᠢ᠌ᠨ ᠰᠦᠪᠡᠭᠴᠢᠯᠡᠬᠦ ᠪᠠ ᠳᠠᠭ᠋ᠠᠭᠤᠯᠢ ᠣᠲᠣ ᠵᠢ ᠬᠡᠷᠡᠭᠯᠡᠬᠦ ᠲᠠᠯ᠎ᠠ ᠵᠢᠨ ᠥᠪᠥᠷ ᠮᠣᠩᠭᠣᠯ᠎ᠤᠨ ᠠᠵᠢᠯ᠎ᠤᠨ ᠬᠢᠷᠢ ᠪᠦᠲᠦᠮᠵᠢ ᠵᠢ ᠲᠠᠨᠢᠯᠴᠠᠭᠤᠯᠵᠤ᠂ ᠪᠠᠭᠰᠢ ᠰᠤᠷᠤᠭᠴᠢᠳ᠎ᠤᠨ ᠤᠯᠤᠰ᠎ᠤᠨ ᠨᠤᠲᠤᠭ ᠳᠡᠪᠢᠰᠬᠡᠷ᠎ᠤᠨ ᠦᠵᠡᠯ ᠤᠬᠠᠮᠰᠠᠷ᠎ᠢ ᠦᠨᠡᠨ ᠬᠦ᠌ ᠴᠢᠩᠭ᠋ᠠᠳᠬᠠᠵᠤ᠂ 《ᠡᠬᠡ ᠤᠯᠤᠰ᠎ᠤᠨ ᠨᠤᠲᠤᠭ ᠳᠡᠪᠢᠰᠬᠡᠷ᠎ᠢ ᠣᠢ᠌ᠯᠠᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ᠵᠶ᠋ᠠᠨ ᠬᠠᠢ᠌ᠷᠠᠯᠠᠬᠤ》 ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃

10.jpg

      ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠤᠮᠤ ᠬᠦᠰᠬᠡ ᠰᠤᠷᠭ᠋ᠠᠭᠤᠯᠢ ᠵᠢᠨ ᠬᠦᠷᠢᠶᠡᠨ᠎ᠳᠤ ᠣᠷᠣᠪᠠ᠃

11.jpg

      ᠲᠣᠭᠣᠷᠢᠨ ᠡᠮᠴᠢᠯᠡᠬᠦ ᠦᠢᠯᠡᠴᠢᠯᠡᠭᠡ ᠦᠨᠳᠦᠰᠦᠨ ᠱᠠᠲᠤᠨ᠎ᠳᠤ ᠬᠦᠨᠵᠡᠬᠡᠢ᠌ᠷᠡᠪᠠ᠃ 
 
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ ᠵᠢᠨ 《ᠡᠷᠡᠭᠦᠯ ᠮᠡᠨᠳᠦ ᠤᠯᠠᠭ᠋ᠠᠨᠮᠥ᠋ᠴᠢᠷ》 ᠲᠣᠭᠣᠷᠢᠨ ᠡᠮᠴᠢᠯᠡᠬᠦ ᠠᠩᠭᠢ ᠵᠢ ᠤᠷᠢᠵᠤ ᠦᠨᠳᠦᠰᠦᠨ ᠱᠠᠲᠤᠨ᠎ᠳᠤ ᠬᠦᠨᠵᠡᠬᠡᠢ᠌ᠷᠡᠬᠦᠯᠵᠦ᠂ ᠲᠤᠬᠠᠶ ᠵᠢᠨ ᠭᠠᠵᠠᠷ᠎ᠤᠨ ᠮᠠᠯᠴᠢᠨ ᠳᠠᠷᠢᠶᠠᠴᠢᠳ᠎ᠲᠤ ᠡᠷᠡᠭᠦᠯ ᠮᠡᠨᠳᠦ ᠵᠢᠨ ᠲᠣᠭᠣᠷᠢᠨ ᠡᠮᠴᠢᠯᠡᠬᠦ ᠦᠢ᠍ᠯᠡᠴᠢᠯᠡᠬᠡ ᠬᠠᠩᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠡᠷ᠎ᠲᠤ᠎ᠨᠢ ᠬᠦᠷᠴᠦ ᠰᠢᠯᠢᠳᠡᠭ ᠡᠮᠴᠢᠯᠡᠭᠡᠨ᠎ᠤ ᠦᠢᠯᠡᠴᠢᠯᠡᠭᠡ ᠬᠦᠷᠲᠡᠭᠡᠵᠦ᠂ ᠨᠠᠮ ᠪᠠ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠵᠢ ᠭᠦᠢᠴᠡᠳ ᠮᠡᠳᠡᠷᠡᠭᠦᠯᠪᠡ᠃

      ᠬᠠᠢ᠌ᠷ᠎ᠠ ᠬᠠᠯᠠᠮᠵᠢ ᠬᠦᠷᠬᠡᠪᠠ᠃

      ᠥᠪᠥᠷ ᠮᠣᠩᠭᠣᠯ᠎ᠤᠨ ᠤᠶᠤᠨ ᠮᠡᠳᠡᠭᠡ ᠵᠠᠩᠭᠢ ᠵᠢᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠮᠠᠯᠵᠢᠯ᠎ᠤᠨ ᠵᠠᠮ ᠮᠡᠳᠡᠭᠡ ᠵᠠᠩᠭᠢ ᠵᠢᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠮᠤᠨᠢ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠠᠴᠢᠳᠠᠢ ᠰᠢᠨᠵᠢᠯᠡᠭᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠤᠨᠤᠨ ᠰᠢᠨᠵᠢᠯᠡᠭᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠬᠦᠴᠦ ᠨᠡᠷᠡᠲᠦ ᠲᠡᠮᠳᠡᠭᠲᠦ ᠵᠢᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠵᠡᠷᠭᠡ 6 ᠨᠢᠭᠡᠴᠢ ᠲᠤᠬᠠᠢ ᠵᠢᠨ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠡ ᠵᠠᠩᠬᠢᠴᠢᠯᠠᠯᠲᠠ ᠵᠢᠨ ᠦᠢ᠍ᠯᠡᠳᠬᠦᠨ᠂ ᠣᠶᠤᠨᠴᠢ ᠮᠠᠯ ᠠᠵᠤ ᠠᠬᠤᠢ ᠵᠢᠨ ᠮᠡᠳᠡᠭᠡ ᠵᠠᠩᠬᠢᠴᠢᠯᠠᠯᠲᠠ ᠵᠢᠨ ᠰᠢᠰᠲ᠋ᠧᠮ᠂ ᠳ᠋ᠢᠭᠢᠲᠴᠢᠯᠡᠭᠰᠡᠨ ᠵᠢᠭ᠋ᠠᠨ ᠰᠤᠷᠭ᠋ᠠᠯᠲᠠ ᠵᠢᠨ ᠪᠠᠭ᠋ᠠᠵᠢ ᠪᠠ ᠲᠠᠪᠴᠠᠩ᠂ ᠣᠶᠤᠨᠴᠢ ᠨᠣᠮ᠎ᠤᠨ ᠰᠠᠩ᠎ᠤᠨ ᠰᠢᠰᠲ᠋ᠧᠮ᠂ ᠣᠶᠤᠨᠴᠢ ᠠᠯᠪᠠᠯᠠᠬᠤ ᠵᠥᠭᠡᠯᠡᠨ ᠲᠤᠨᠤᠭ᠂ ᠨᠡᠷᠡᠲᠦ ᠲᠡᠮᠳᠡᠭᠲᠦ ᠵᠢᠨ ᠵᠢᠷᠤᠭ ᠲᠥᠯᠥᠪᠯᠡᠭᠡ ᠵᠢᠨ ᠦᠢ᠍ᠯᠡᠴᠢᠯᠡᠭᠡ ᠵᠡᠷᠭᠡ 96 ᠲᠦᠮᠡ ᠢᠯᠡᠭᠦᠦ ᠲᠥᠭᠥᠷᠢᠭ᠎ᠤᠨ ᠦᠷᠳᠡᠭ ᠪᠦᠬᠦᠢ ᠵᠥᠭᠡᠯᠡᠨ ᠬᠠᠲᠠᠭᠤ ᠲᠤᠨᠤᠭ᠎ᠤᠨ ᠦᠢ᠍ᠯᠡᠳᠬᠦᠨ᠎ᠢ ᠬᠠᠨᠳᠢᠪᠯᠠᠪᠠ᠃

12.png

      ᠬᠠᠢ᠌ᠷ᠎ᠠ ᠬᠠᠯᠠᠮᠵᠢ ᠬᠦᠷᠬᠡᠪᠠ

13.jpg

      ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠢᠰᠡᠭᠡᠶ ᠤᠷᠠᠯᠠᠯ ᠠᠷᠠᠰᠤᠨ ᠤᠷᠠᠯᠠᠯ᠂ ᠭᠠᠷ ᠤᠷᠠᠯᠠᠯ᠎ᠤᠨ ᠪᠦᠲᠦᠭᠡᠭᠳᠡᠬᠦᠨ᠂ ᠰᠤᠶᠤᠯ᠎ᠤᠨ ᠡᠭᠦᠳᠦᠯᠲᠡ ᠵᠢᠨ ᠪᠦᠲᠦᠭᠡᠭᠳᠡᠬᠦᠨ ᠵᠡᠷᠬᠡ ᠤᠷᠠᠯᠢᠭ᠎ᠤᠨ ᠪᠦᠳᠦᠬᠡᠯ᠎ᠢ ᠳᠡᠯᠭᠡᠨ ᠦᠵᠡᠬᠦᠯᠪᠠ᠃

 14.jpg

     ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠷᠠᠳᠢᠣ᠋ ᠵᠢᠨ ᠮᠦᠽᠧᠶ᠎ᠠᠴᠠ ᠨᠠᠷᠢᠨ ᠨᠢᠮᠪᠠᠶ ᠰᠣᠩᠭᠣᠵᠤ ᠰᠢᠯᠢᠭᠰᠡᠨ 40 ᠭᠠᠷᠤᠶ ᠬᠣᠪᠣᠷ ᠨᠠᠨᠳᠢᠨ ᠰᠣᠳᠣᠨ ᠪᠦᠲᠦᠭᠡᠯ᠂ ᠤᠳᠠᠰᠤᠨ ᠰᠢᠬᠢᠳᠬᠡᠬᠡᠷᠢ᠎ᠲᠠᠢ ᠹᠠᠯᠠᠨ᠂ ᠨᠠᠷᠢᠯᠢᠭ ᠵᠢᠷᠤᠭ᠂ ᠤᠯᠠᠮᠵᠢᠯᠠᠯᠲᠤ ᠰᠣᠶᠣᠯ᠎ᠢ ᠠᠭᠤᠰᠤᠯᠴᠠᠭᠤᠯᠤᠭᠰᠠᠨ ᠴᠢᠮᠡᠭᠯᠡᠯ᠎ᠤᠨ ᠵᠢᠷᠤᠭ᠂ ᠬᠠᠳᠬᠤᠮᠠᠯ ᠤᠷᠠᠯᠠᠯ᠎ᠤᠨ ᠵᠢᠷᠤᠭ ᠵᠡᠷᠭᠡ ᠪᠠᠭᠰᠢ ᠰᠤᠷᠤᠭᠴᠢᠳ᠎ᠤᠨ ᠪᠦᠲᠦᠭᠡᠯ᠎ᠢ ᠳᠡᠯᠭᠡᠨ ᠦᠵᠡᠭᠦᠯᠪᠡ᠃

      ᠪᠠᠭᠰᠢ ᠰᠤᠷᠤᠭᠴᠢ ᠵᠢᠨ ᠨᠠᠷᠢᠯᠢᠭ ᠦᠢ᠍ᠯᠡᠳᠦᠭᠰᠡᠨ ᠤᠷᠠᠯᠢᠭ᠎ᠤᠨ ᠪᠦᠲᠦᠭᠡᠯ᠎ᠨᠢ ᠮᠠᠰᠢ ᠤᠯᠠᠨ ᠵᠢᠭᠤᠯᠴᠢᠳ᠎ᠤᠨ ᠠᠩᠬᠠᠷᠤᠯ᠎ᠢ ᠳᠠᠳᠠᠪᠠ᠃

15.jpg

      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠲᠠᠯ᠎ᠠ ᠨᠤᠲᠤᠭ᠎ᠤᠨ ᠡᠬᠦᠯᠨ ᠪᠠ ᠬᠦᠯᠦᠭ ᠰᠢᠯᠵᠢᠶ᠎ᠡ᠎ᠳᠤ ᠵᠡᠷᠭᠡ᠎ᠪᠠᠷ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃

16.jpg 

     ᠮᠡᠳᠡᠭᠡ ᠵᠠᠩᠬᠢᠴᠢᠯᠠᠯᠲᠠ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢ ᠵᠢ ᠤᠷᠢᠵᠤ ᠮᠡᠳᠡᠭᠡ ᠵᠠᠩᠬᠢᠴᠢᠯᠠᠯᠲᠠ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃

 17.jpg

     ᠡᠵᠡᠨ ᠬᠣᠷᠣᠭ᠎ᠠ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠵᠡᠰᠬᠦᠯᠡᠩ᠎ᠤᠨ ᠣᠷᠳᠣᠨ᠎ᠳᠤ ᠭᠦᠨᠵᠡᠭᠡᠢ᠌ᠷᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠡᠶᠡᠴᠢᠯᠡᠨ ᠣᠢ᠌ᠯᠠᠭ᠋ᠠᠬᠤ ᠮᠠᠶᠢᠭ᠎ᠤᠨ ᠵᠢᠭ᠋ᠠᠨ ᠰᠤᠷᠭ᠋ᠠᠯᠲᠠ ᠦᠷᠨᠢᠬᠦᠯᠪᠠ᠃

      ᠲᠤᠰ ᠤᠳᠠᠭ᠎ᠠ ᠵᠢᠨ ᠠᠵᠢᠯᠯᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠳᠡᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠡᠶᠡᠴᠢᠯᠡᠨ ᠣᠢ᠌ᠯᠠᠭ᠋ᠠᠬᠤ》 ᠦᠨᠳᠦᠰᠦᠨ ᠱᠠᠲᠤᠨ᠎ᠳᠤ᠎ᠬᠢ ᠲᠣᠭᠣᠷᠢᠨ ᠦᠵᠡᠭᠦᠯᠬᠦ ᠠᠵᠢᠯᠯᠠᠭ᠎ᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠭᠣᠤᠯ ᠰᠡᠳᠦᠪ ᠵᠶ᠋ᠡᠷ ᠤᠬᠠᠭᠤᠯᠤᠨ ᠲᠠᠢ᠌ᠯᠪᠤᠷᠢᠯᠠᠬᠤ᠂ ᠦᠢᠯᠡᠳᠦᠯᠭᠡ ᠵᠢᠨ ᠤᠷ᠎ᠠ ᠴᠢᠳᠠᠪᠤᠷᠢ ᠵᠢᠨ ᠲᠤᠰᠬᠠᠶ ᠰᠡᠳᠦᠪᠲᠦ ᠲᠠᠢ᠌ᠯᠤᠮᠵᠢ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠬᠠᠢ᠌ᠷ᠎ᠠ ᠬᠠᠯᠠᠮᠵᠢ ᠬᠦᠷᠭᠡᠬᠦ᠂ 《ᠡᠷᠡᠭᠦᠯ ᠮᠡᠨᠳᠦ ᠤᠯᠠᠭ᠋ᠠᠨᠮᠥ᠋ᠴᠢᠷ》 ᠡᠮᠴᠢᠯᠡᠭᠡᠨ᠎ᠤ ᠲᠣᠭᠣᠷᠢᠨ ᠦᠢᠯᠡᠴᠢᠯᠡᠭᠡ ᠦᠨᠳᠦᠰᠦᠨ ᠱᠠᠲᠤᠨ᠎ᠳᠤ ᠬᠦᠨᠵᠡᠬᠡᠢ᠌ᠷᠡᠬᠦ᠂ ᠰᠢᠨᠵᠢᠯᠡᠬᠦ ᠤᠬᠠᠭ᠋ᠠᠨ᠎ᠤ ᠲᠦᠬᠡᠮᠡᠯᠵᠢᠯᠳᠡ ᠵᠢ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠡᠶᠡᠴᠢᠯᠡᠨ ᠣᠢ᠌ᠯᠠᠭ᠋ᠠᠬᠤ ᠮᠠᠶᠢᠭ᠎ᠤᠨ ᠵᠢᠭ᠋ᠠᠨ ᠰᠤᠷᠭ᠋ᠠᠯᠲᠠ᠂ ᠤᠷᠳᠤᠰ ᠢᠷᠭ᠋ᠠᠢ ᠳᠡᠮᠡᠬᠡᠳᠦ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠂ ᠮᠡᠳᠡᠭᠡ ᠵᠠᠩᠬᠢᠴᠢᠯᠠᠯᠲᠠ ᠵᠢᠨ ᠦᠷ᠎ᠡ ᠪᠦᠲᠦᠭᠡᠯ᠎ᠤᠨ ᠦᠵᠡᠭᠦᠯᠭᠡ᠂ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢ ᠵᠢᠨ ᠪᠦᠲᠦᠭᠡᠯ᠎ᠤᠨ ᠦᠵᠡᠭᠦᠯᠭᠡ ᠵᠡᠷᠭᠡ ᠪᠠᠶᠠᠯᠢᠭ ᠰᠠᠢ᠌ᠬᠠᠨ ᠠᠵᠢᠯᠯᠠᠭ᠎ᠠ᠎ᠪᠠᠷ ᠠᠴᠢᠶᠠᠯᠠᠭᠴᠢ ᠪᠤᠯᠭ᠋ᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠤ ᠰᠣᠨᠣᠰᠴᠤ ᠣᠢ᠌ᠯᠭ᠋ᠠᠬᠤ᠂ ᠰᠤᠨᠤᠰᠬᠤ ᠲᠤᠷᠠᠳᠠᠢ᠂ ᠣᠢ᠌ᠯᠠᠭ᠋ᠠᠵᠤ ᠳᠡᠢ᠌ᠯᠬᠦ ᠠᠷᠭ᠎ᠠ ᠬᠡᠯᠪᠡᠷᠢ᠎ᠪᠠᠷ ᠨᠠᠮ᠎ᠤᠨ ᠭᠡᠰᠢᠭᠦᠨ ᠺᠠᠳ᠋ᠷᠴᠤᠳ ᠪᠣᠯᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠭ ᠰᠠᠨᠠᠭ᠎ᠠ᠎ᠪᠠᠨ ᠦᠯᠦ ᠮᠠᠷᠲᠠᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠡᠷᠡᠰ ᠰᠣᠨᠣᠰᠬᠤ᠂ ᠨᠠᠮ ᠵᠶ᠋ᠠᠨ ᠡᠷᠡᠰ᠎ᠲᠠᠭᠠᠨ ᠤᠷᠤᠭᠰᠢᠯᠠᠬᠤ ᠵᠢ ᠬᠦᠮᠦᠵᠢᠬᠦᠯᠦᠨ ᠵᠢᠯᠤᠭᠤᠳᠪᠠ᠃



          ᠬᠢᠨᠠᠨ ᠣᠷᠴᠢᠭᠤᠯᠤᠭᠴᠢ᠄ ᠠᠳᠢᠶ᠎ᠠ    ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ