ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠰᠣᠶᠣᠯ ᠤᠬᠠᠭᠤᠯᠭ᠎ᠠ ᠵᠢᠨ ᠭᠠᠵᠠᠷ ᠪᠠ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠬᠠᠮᠲᠤᠷᠠᠨ 《ᠬᠠᠮ ᠵᠠᠭᠤᠴᠢᠯᠠᠭᠤᠷ᠎ᠤᠨ ᠬᠠᠷᠠᠭ᠋ᠠᠨ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ ᠵᠢᠴᠢ ᠦᠵᠡᠯ ᠤᠬᠠᠮᠰᠠᠷ᠎ᠤᠨ ᠬᠡᠯᠪᠡᠷᠢ ᠵᠢᠨ ᠲᠤᠰᠬᠠᠶ ᠰᠡᠳᠦᠪᠲᠦ ᠲᠠᠢ᠌ᠯᠤᠮᠵᠢ (ᠬᠣᠶᠠᠳᠤᠭ᠋ᠠᠷ ᠬᠤᠭᠤᠴᠠᠭ᠎ᠠ)》 ᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-07-09

      ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠤᠬᠠᠭᠤᠯᠭ᠎ᠠ ᠵᠢᠨ ᠡᠷᠴᠢᠮ᠎ᠢ ᠴᠢᠩᠭ᠋ᠠᠳᠬᠠᠵᠤ᠂ ᠵᠠᠭᠤᠴᠢᠯᠠᠭᠤᠷ᠎ᠤᠨ ᠠᠭᠤᠰᠤᠯᠴᠠᠯ ᠤᠬᠠᠭᠤᠯᠭ᠎ᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠬᠡᠭᠰᠢᠯᠡᠬᠦᠯᠬᠦ ᠵᠢᠨ ᠲᠦᠯᠦᠬᠡ᠂ 6 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠢ᠌ᠨ᠎ᠠ᠂ ᠰᠤᠶᠤᠯ ᠤᠬᠠᠭᠤᠯᠭ᠎ᠠ ᠵᠢᠨ ᠭᠠᠵᠠᠷ ᠪᠠ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠬᠠᠮᠲᠤᠷᠠᠨ 《ᠬᠠᠮ ᠵᠠᠭᠤᠴᠢᠯᠠᠭᠤᠷ᠎ᠤᠨ ᠬᠠᠷᠠᠭ᠋ᠠᠨ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ ᠵᠢᠴᠢ ᠦᠵᠡᠯ ᠤᠬᠠᠮᠰᠠᠷ᠎ᠤᠨ ᠬᠡᠯᠪᠡᠷᠢ ᠵᠢᠨ ᠲᠤᠰᠬᠠᠶ ᠰᠡᠳᠦᠪᠲᠦ ᠲᠠᠢ᠌ᠯᠤᠮᠵᠢ (ᠬᠣᠶᠠᠳᠤᠭ᠋ᠠᠷ ᠬᠤᠭᠤᠴᠠᠭ᠎ᠠ)》 ᠵᠢ ᠵᠣᠬᠢᠶᠠᠨ ᠪᠠᠢ᠌ᠭᠤᠯᠵᠤ ᠡᠷᠬᠢᠯᠡᠪᠡ᠃ ᠦᠨᠳᠦᠰᠦᠲᠡᠨ᠎ᠤ ᠵᠢᠷᠤᠭᠲᠤ ᠰᠡᠳᠬᠦᠯ᠎ᠤᠨ ᠬᠤᠷᠢᠶ᠎ᠠ ᠵᠢᠨ ᠨᠠᠢ᠌ᠷᠠᠭᠤᠯᠬᠤ ᠺᠣᠮᠢᠰ᠎ᠤᠨ ᠬᠡᠰᠢᠬᠦᠨ᠂ ᠬᠢᠲᠠᠳ ᠮᠣᠩᠭᠣᠯ ᠬᠡᠯᠡᠨ᠎ᠤ ᠨᠠᠢ᠌ᠷᠠᠭᠤᠯᠬᠤ ᠬᠡᠯᠲᠡᠰ᠎ᠤᠨ ᠡᠷᠬᠢᠯᠡᠭᠴᠢ᠂ ᠬᠢᠨᠠᠨ ᠨᠠᠢ᠌ᠷᠠᠭᠤᠯᠤᠭᠴᠢ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠢᠳᠡᠷ ᠵᠠᠯᠠᠭᠤ ᠴᠢᠳᠠᠪᠤᠷᠢᠲᠠᠨ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠰᠣᠶᠣᠯ᠎ᠤᠨ ᠠᠯᠳᠠᠷᠲᠤ ᠬᠥᠮᠦᠨ᠂ ᠪᠡᠭᠡᠵᠢᠩ ᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠪ᠎ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠣᠶᠤᠨ᠎ᠤ ᠬᠥᠮᠥᠷᠭᠡ ᠵᠢᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠲᠡᠮᠦᠷᠪᠠᠭ᠋ᠠᠨ᠎ᠠ ᠫᠷᠤᠹᠧᠰᠰᠤᠷ᠎ᠢ ᠤᠷᠢᠵᠤ ᠲᠤᠰᠬᠠᠶ ᠰᠡᠳᠦᠪᠲᠦ ᠲᠠᠢ᠌ᠯᠤᠮᠵᠢ ᠬᠢᠯᠬᠡᠪᠠ᠃

W020240628654510871880_ORIGIN.jpg     

      ᠲᠠᠢ᠌ᠯᠤᠮᠵᠢ ᠵᠢᠨ ᠠᠬᠤᠶ ᠲᠠᠯᠠᠪᠠᠢ 

      ᠲᠣᠰ ᠤᠳᠠᠭ᠋ᠠᠨ᠎ᠤ ᠪᠤᠯᠪᠠᠰᠤᠷᠠᠯ᠎ᠨᠢ ᠨᠠᠢ᠌ᠷᠠᠭᠤᠯᠤᠭᠴᠢᠳ᠎ᠤᠨ ᠪᠥᠬᠥ ᠵᠠᠭᠤᠴᠢᠯᠠᠭᠤᠷ᠎ᠤᠨ ᠬᠠᠷᠠᠭ᠋ᠠᠨ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠦᠨᠳᠦᠰᠦᠲᠡᠨ᠎ᠤ ᠴᠠᠷᠠᠭ᠎ᠠ ᠬᠦᠷᠢᠶᠡᠨ᠎ᠳᠤ ᠪᠣᠳᠠᠲᠠᠶ ᠥᠷᠨᠢᠭᠦᠯᠬᠦ ᠠᠷᠭ᠎ᠠ ᠬᠡᠯᠪᠡᠷᠢ ᠵᠢ ᠣᠢ᠌ᠯᠠᠭ᠋ᠠᠬᠤ᠂ ᠨᠠᠮ᠎ᠤᠨ ᠦᠨᠳᠦᠰᠦᠲᠡᠨ᠎ᠤ ᠣᠨᠣᠯ᠂ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠡᠷᠴᠢᠮ᠎ᠢ ᠦᠨᠡᠨ ᠬᠦ᠌ ᠴᠢᠩᠭ᠋ᠠᠷᠠᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠯᠠᠪᠳᠠᠭᠤᠨ ᠪᠠᠲᠤᠲᠠᠶ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠥᠯᠢᠭᠡᠷ᠎ᠢ ᠰᠠᠢ᠌ᠲᠤᠷ ᠶᠠᠷᠢᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠴᠢ ᠵᠦᠪᠯᠡᠯ᠎ᠤᠨ ᠬᠠᠷᠢᠶ᠎ᠠ ᠨᠢᠭᠡᠴᠢ ᠵᠢᠨ ᠠᠵᠢᠯ᠎ᠤᠨ ᠪᠠᠢ᠌ᠷᠢ᠎ᠳᠤ ᠪᠠᠢ᠌ᠭ᠎ᠠ ᠤᠷᠤᠨ ᠲᠤᠭ᠎ᠠ᠎ᠲᠠᠢ ᠪᠥᠬᠥ ᠠᠵᠢᠯᠲᠠᠨ ᠪᠣᠯᠪᠠᠰᠤᠷᠠᠯ᠎ᠳᠤ ᠣᠷᠣᠯᠴᠠᠵᠤ᠂ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ ᠳᠠᠷᠤᠭ᠎ᠠ᠂ ᠶᠡᠷᠦᠩᠬᠡᠶ ᠨᠠᠢ᠌ᠷᠠᠭᠤᠯᠤᠭᠴᠢ ᠸᠠᠩ ᠰᠢᠤᠸᠠᠢ ᠳ᠋ᠦᠩ ᠲᠤᠰᠬᠠᠶ ᠰᠡᠳᠦᠪᠲᠦ ᠲᠠᠢ᠌ᠯᠤᠮᠵᠢ ᠵᠢ ᠡᠷᠭᠢᠯᠡᠪᠡ᠃



        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠰᠤᠶᠤᠯ ᠤᠬᠠᠭᠤᠯᠭ᠎ᠠ ᠵᠢᠨ ᠭᠠᠵᠠᠷ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ