8 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠵᠢᠯᠯᠠᠭ᠎ᠠ ᠦᠷᠨᠢᠭᠦᠯᠪᠠ᠃
ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠠᠯᠪᠠᠨ ᠮᠡᠳᠡᠭᠡ》 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》 ᠵᠢᠴᠢ ᠶᠡᠷᠦᠩᠬᠡᠢ ᠱᠦᠵᠢ ᠰᠢ ᠵᠢᠨ ᠫᠢᠩ᠎ᠤᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠲᠤᠬᠠᠢ ᠲᠣᠳᠣᠷᠬᠠᠢ᠌ᠯᠠᠯᠲᠠ ᠵᠡᠷᠭᠡ ᠠᠭᠤᠯᠭ᠎ᠠ ᠵᠢ ᠰᠤᠷᠤᠯᠴᠠᠬᠤ ᠵᠢᠨ ᠬᠠᠮᠲᠤ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
ᠤᠯᠠᠨ ᠵᠶ᠋ᠠᠷ ᠵᠶ᠋ᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ ᠰᠠᠢ᠌ᠲᠤᠷ ᠤᠬᠠᠭᠤᠯᠵᠤ ᠰᠠᠢ᠌ᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠪᠦᠬᠦ ᠨᠠᠮ ᠪᠦᠬᠦ ᠤᠯᠤᠰ᠎ᠤᠨ ᠨᠢᠭᠡᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠮᠥᠨ᠂ ᠪᠠᠰᠠ ᠴᠤ᠌ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠮᠥᠨ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠬᠦᠴᠦᠯᠡᠨ ᠴᠢᠩᠭ᠋ᠠᠳᠬᠠᠵᠤ᠂ ᠭᠣᠣᠯᠳᠠᠭᠤ ᠶᠡᠷᠦᠩᠬᠡᠢ ᠱᠦᠵᠢ ᠰᠢ ᠵᠢᠨ ᠫᠢᠩ᠎ᠤᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠦᠭᠦᠳᠡ ᠬᠤᠷᠠᠯ᠎ᠤᠨ 《ᠲᠣᠭᠲᠠᠭ᠋ᠠᠯ》᠎ᠤᠨ ᠲᠣᠭᠣᠷᠢᠨ᠎ᠳᠤ ᠲᠡᠷᠡ ᠬᠡᠪ ᠵᠶ᠋ᠡᠷ᠎ᠨᠢ ᠰᠤᠷᠤᠯᠴᠠᠵᠤ᠂ ᠪᠦᠬᠦ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠵᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ ᠪᠠ ᠭᠣᠣᠯᠯᠠᠬᠤ ᠴᠢᠬᠤᠯᠠ ᠠᠭᠤᠯᠭ᠎ᠠ ᠵᠢ ᠴᠢᠷᠮᠠᠢ᠌ᠨ ᠡᠵᠡᠮᠰᠢᠬᠦ ᠬᠡᠷᠡᠭᠲᠡᠢ᠃ ᠨᠢᠭᠡ᠎ᠳᠤ ᠰᠢᠨ᠎ᠡ ᠴᠠᠭ ᠦᠶ᠎ᠡ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠠᠮᠵᠢᠯᠲᠠ᠎ᠲᠠᠢ ᠦᠢ᠍ᠯᠡᠳᠦᠯᠭᠡ ᠪᠣᠯᠣᠨ ᠠᠭᠤᠤ ᠶᠡᠬᠡ ᠠᠮᠵᠢᠯᠲᠠ ᠵᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠲᠣᠭᠲᠠᠭ᠋ᠠᠭᠰᠠᠨ》᠎ᠢ ᠵᠢ ᠨᠡᠩ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠬᠣᠶᠠᠷ᠎ᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠭᠣᠣᠯ ᠠᠭᠤᠯᠭ᠎ᠠ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠢ ᠣᠢ᠌ᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠡ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠬᠦ ᠬᠡᠷᠡᠭᠲᠡᠢ᠃ ᠭᠤᠷᠪᠠ᠎ᠳᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠮᠥᠨ ᠴᠦ᠍ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ ᠰᠢᠵᠢᠮ ᠮᠥᠨ》 ᠭᠡᠬᠦ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠠᠵᠢᠯ᠎ᠳᠤ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ ᠭᠡᠵᠡᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ