ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷ᠎ᠤᠨ ᠲᠣᠪᠴᠢᠶ᠎ᠠ ᠵᠢᠨ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠠᠵᠢᠯ᠎ᠠᠴᠠ᠎ᠪᠠᠨ ᠠᠮᠠᠷᠠᠭᠰᠠᠨ ᠺᠠᠳ᠋ᠷ ᠨᠠᠮ᠎ᠤᠨ ᠭᠡᠰᠢᠭᠦᠨ᠎ᠢ ᠵᠣᠬᠢᠶᠠᠨ ᠪᠠᠢ᠌ᠭᠤᠯᠵᠦ ᠬᠥᠲᠥᠯᠥᠨ ᠵᠢᠯᠤᠭᠣᠳᠴᠤ ᠪᠠᠢ᠌ᠭ᠋ᠠᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠦᠷᠨᠢᠬᠦᠯᠵᠦ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠦᠯᠦᠭᠡ᠂ 7 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠭᠠᠵᠠᠷ᠎ᠨᠢ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯᠳᠠᠳ᠎ᠢ ᠵᠣᠬᠢᠶᠠᠨ ᠪᠠᠢ᠌ᠭᠤᠯᠵᠤ᠂ 《ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ》 ᠸᠢᠴᠠᠲ᠎ᠤᠨ ᠤᠯᠠᠨ ᠨᠡᠢ᠌ᠳᠡ ᠵᠢᠨ ᠳ᠋ᠤᠭ᠋ᠠᠷ ᠵᠶ᠋ᠠᠷ ᠲᠠᠮᠵᠢᠭᠤᠯᠵᠦ ᠬᠣᠷᠢᠨ ᠭᠤᠷᠪᠠᠳᠤᠭ᠋ᠠᠷ ᠲᠠᠯᠠᠪᠠᠢ ᠪᠦᠬᠦ ᠤᠯᠤᠰ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠦᠯᠵᠢᠶᠡᠨ ᠲᠡᠭᠡᠷᠡᠬᠢ ᠲᠤᠰᠬᠠᠢ ᠰᠡᠳᠦᠪᠳᠦ ᠮᠡᠳᠡᠬᠦᠯᠦᠯᠳᠡ ᠵᠢᠨ ᠬᠤᠷᠠᠯ᠎ᠢ ᠬᠦᠯᠢᠶᠡᠨ ᠠᠪᠴᠦ ᠦᠵᠡᠪᠡ᠃

ᠮᠡᠳᠡᠭᠦᠯᠦᠯᠲᠡ ᠵᠢᠨ ᠬᠤᠷᠠᠯ ᠳᠡᠭᠡᠷ᠎ᠡ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠰᠤᠳᠤᠯᠬᠤ ᠬᠡᠯᠲᠡᠰ᠎ᠤᠨ ᠳᠡᠳ᠋ ᠡᠷᠬᠢᠯᠡᠭᠴᠢ ᠵᠤ᠌ ᠯᠢᠩ ᠵᠢᠶᠦ᠋ᠨ 《〈ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ〉᠎ᠢ ᠰᠤᠷᠤᠯᠴᠠᠨ ᠲᠤᠭᠤᠰᠢᠯᠠᠭᠤᠯᠬᠤ》 (ᠳᠣᠷᠣᠭᠰᠢ 〈ᠳᠦᠷᠢᠮ〉 ᠭᠡᠵᠦ ᠲᠣᠪᠴᠢᠯᠠᠨ᠎ᠠ) ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠤᠯᠭ᠎ᠠ ᠬᠢᠪᠡ᠃ ᠮᠡᠳᠡᠭᠦᠯᠦᠯᠲᠡ ᠵᠢᠨ ᠬᠤᠷᠠᠯ᠎ᠨᠢ 《ᠶᠠᠭᠤ ᠵᠢ ᠨᠠᠮ᠎ᠤᠨ ᠰᠠᠬᠢᠯᠭ᠎ᠠ ᠪᠠᠲᠤ ᠭᠡᠬᠦ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠪᠠᠢ᠌ᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠦᠨ᠂ 〈ᠳᠦᠷᠢᠮ〉᠎ᠤᠨ ᠭᠣᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠰᠠᠨ ᠱᠠᠭ᠋ᠠᠷᠳᠠᠯᠭ᠎ᠠ》 ᠭᠡᠬᠦ ᠭᠤᠷᠪᠠᠨ ᠠᠭᠤᠯᠭ᠎ᠠ᠎ᠪᠠᠷ ᠭᠣᠣᠯᠳᠠᠭᠤᠯᠵᠤ᠂ ᠡᠯᠪᠡᠭ ᠪᠠᠶᠠᠯᠢᠭ ᠤᠨᠤᠯ᠎ᠤᠨ ᠮᠡᠳᠡᠯᠭᠡ ᠪᠠ ᠠᠮᠢᠳᠤᠯᠢᠭ ᠦᠢ᠍ᠯᠡᠳᠦᠯᠭᠡ ᠵᠢᠨ ᠵᠢᠱ᠌ᠢᠶ᠎ᠡ᠎ᠪᠠᠷ ᠭᠦᠨᠵᠡᠭᠡᠢ ᠲᠠᠢ᠌ᠯᠪᠤᠷᠢᠯᠠᠪᠠ᠃ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠪᠠ ᠤᠯᠤᠰ ᠵᠶ᠋ᠠᠨ ᠬᠦᠴᠦᠷᠭᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠠᠬᠢᠭᠤᠯᠬᠤ ᠦᠨᠳᠦᠷᠴᠨ᠎ᠠᠴᠠ 《ᠳᠦᠷᠢᠮ》᠎ᠳᠤ ᠵᠠᠰᠠᠪᠤᠷᠢ ᠣᠷᠣᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠲᠠᠨᠢᠬᠤ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠪᠠ᠃ ᠮᠡᠳᠡᠬᠦᠯᠦᠯᠳᠡ ᠵᠢᠨ ᠠᠭᠤᠯᠭ᠎ᠠ᠎ᠨᠢ ᠨᠠᠷᠢᠨ ᠪᠣᠳᠠᠲᠠᠢ᠂ ᠦᠬᠦᠯᠡᠯᠳᠡ᠎ᠨᠢ ᠭᠣᠢ᠌ᠳᠠ ᠰᠠᠢ᠌ᠬᠠᠨ ᠪᠠᠢ᠌ᠵᠤ᠂ ᠪᠤᠰᠤᠳᠴᠢ ᠣᠶᠤᠨᠴᠢ ᠵᠠᠳᠠᠯᠤᠯᠲᠠ ᠬᠢᠭᠰᠡᠨ ᠮᠥᠷᠲᠡᠭᠡᠨ ᠪᠠᠰᠠ ᠪᠣᠳᠠᠲᠠᠢ ᠠᠮᠢᠳᠤᠯᠢᠭ ᠵᠶ᠋ᠠᠷ ᠶᠤᠰᠤ ᠤᠴᠢᠷ᠎ᠢ ᠲᠠᠢ᠌ᠯᠪᠤᠷᠢᠯᠠᠵᠤ᠂ ᠥᠷᠭᠡᠨ ᠤᠯᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠤ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠰᠠᠬᠢᠯᠭ᠎ᠠ ᠪᠠᠲᠤ ᠵᠢᠨ ᠤᠬᠠᠮᠰᠠᠷ ᠪᠣᠯᠣᠨ ᠶᠣᠰᠣ ᠳᠦᠷᠢᠮ᠎ᠤᠨ ᠤᠬᠠᠮᠰᠠᠷ ᠵᠶ᠋ᠠᠨ ᠴᠠᠭ᠋ᠠᠰᠢᠲᠠ ᠴᠢᠩᠭ᠋ᠠᠳᠬᠠᠵᠤ᠂ 《ᠳᠦᠷᠢᠮ》᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠮᠠᠰᠢ ᠴᠢᠩᠭ᠎ᠠ ᠵᠢᠯᠤᠭᠣᠳᠬᠤ ᠴᠢᠨᠠᠷᠲᠠᠢ ᠪᠣᠯᠪᠠ᠃
ᠬᠦᠯᠢᠶᠡᠨ ᠠᠪᠴᠤ ᠦᠵᠡᠵᠦ ᠰᠤᠷᠤᠯᠴᠠᠬᠤ᠎ᠪᠠᠷ ᠲᠠᠮᠵᠢᠵᠦ᠂ ᠬᠤᠷᠠᠯ᠎ᠳᠤ ᠣᠷᠣᠯᠴᠠᠭᠰᠠᠨ ᠠᠬᠠᠮᠠᠳ ᠺᠠᠳ᠋ᠷᠴᠤᠳ᠂ ᠪᠦᠬᠦ ᠨᠠᠮ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠭᠡᠵᠦ ᠰᠠᠨᠠᠯ ᠨᠢᠭᠡᠲᠡᠢ ᠦᠵᠡᠪᠡ᠃ ᠤᠯᠠᠨ ᠵᠶ᠋ᠠᠷ ᠵᠶ᠋ᠠᠨ ᠦᠯᠢᠭᠡᠷ ᠳᠠᠭᠤᠷᠢᠶᠠᠯ ᠦᠵᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠲᠤᠬᠢᠶᠠᠯᠳᠤᠯ ᠪᠣᠯᠭ᠋ᠠᠵᠤ᠂ ᠤᠬᠠᠮᠰᠠᠷ᠎ᠠᠴᠠ᠎ᠪᠠᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠰᠡᠳᠬᠢᠯ᠎ᠳᠤ᠎ᠪᠠᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠤ᠎ᠪᠠᠨ ᠢᠯᠡᠷᠡᠭᠦᠯᠵᠦ᠂ ᠲᠠᠰᠤᠷᠠᠯᠲᠠ ᠦᠭᠡᠢ ᠪᠡᠶ᠎ᠡ᠎ᠪᠠᠨ ᠵᠠᠰᠠᠵᠤ ᠪᠡᠶ᠎ᠡ᠎ᠪᠠᠨ ᠱᠠᠭ᠋ᠠᠷᠳᠠᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠤᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠵᠦ᠂ ᠴᠠᠭ ᠢᠮᠠᠭᠲᠠ ᠨᠢᠭᠡᠨ ᠡᠪ ᠬᠠᠮᠲᠤ ᠨᠠᠮ᠎ᠤᠨ ᠭᠡᠰᠢᠭᠦᠨ᠎ᠤ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ 《ᠠᠵᠢᠯ᠎ᠤᠨ ᠪᠠᠢ᠌ᠷᠢ᠎ᠠᠴᠠ᠎ᠪᠠᠨ ᠰᠠᠯᠤᠭᠰᠠᠨ ᠴᠦ᠍ ᠨᠠᠮ᠎ᠠᠴᠠ᠎ᠪᠠᠨ ᠰᠠᠯᠬᠤ ᠦᠭᠡᠢ᠂ ᠠᠵᠢᠯ᠎ᠠᠴᠠ᠎ᠪᠠᠨ ᠠᠮᠠᠷᠠᠭᠰᠠᠨ ᠴᠤ᠌ ᠥᠩᠭᠡ ᠭᠡᠷᠡᠯ ᠵᠶ᠋ᠡᠨ ᠠᠯᠳᠠᠬᠤ ᠦᠭᠡᠢ》 ᠪᠠᠢ᠌ᠬᠤ ᠤᠯᠤᠰ ᠲᠦᠷᠦ ᠵᠢᠨ ᠣᠣᠷ ᠴᠢᠨᠠᠷ ᠵᠶ᠋ᠠᠨ ᠡᠬᠦᠷᠢᠳᠡ ᠬᠠᠳᠠᠭ᠋ᠠᠯᠠᠨ᠎ᠠ ᠭᠡᠵᠦ ᠢᠯᠡᠳᠬᠡᠵᠡᠭᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ