ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ ᠵᠶ᠋ᠠᠨ ᠬᠠᠢ᠌ᠷᠠᠯᠠᠵᠤ ᠴᠡᠷᠢᠭ ᠵᠶ᠋ᠡᠨ ᠬᠦᠷᠢᠶᠡᠯᠡᠬᠦ ᠰᠢᠯᠢᠳᠡᠭ ᠤᠯᠠᠮᠵᠢᠯᠠᠯ᠎ᠢ ᠪᠠᠳᠠᠷᠠᠭᠤᠯᠵᠦ᠂ ᠴᠡᠷᠢᠭ᠎ᠠᠴᠠ ᠬᠠᠯᠠᠭᠳᠠᠭᠰᠠᠳ᠎ᠤᠨ ᠠᠵᠢᠯ ᠬᠢᠵᠦ ᠦᠢ᠍ᠯᠡᠰ ᠴᠣᠭᠴᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ ᠵᠢᠨ ᠲᠦᠯᠦᠭᠡ᠂ 8 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《8 · 1》᠎ᠢ ᠪᠡᠯᠭᠡᠯᠡᠬᠦ ᠴᠡᠷᠢᠭ᠎ᠠᠴᠠ ᠬᠠᠯᠠᠭᠳᠠᠭᠰᠠᠳ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠶᠠᠷᠢᠯᠴᠠᠬᠤ ᠬᠤᠷᠠᠯ᠎ᠨᠢ ᠡᠩ ᠲᠡᠷᠢᠭᠦᠨ᠎ᠳᠤ 7 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠪᠦᠬᠦ ᠤᠯᠤᠰ᠎ᠤᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠶᠡᠷᠦᠩᠬᠡᠢ ᠱᠦᠵᠢ ᠰᠢ ᠵᠢᠨ ᠫᠢᠩ᠎ᠤᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠳᠤ ᠰᠢᠷᠢᠰ ᠴᠢᠬᠤᠯᠠ ᠵᠢᠭ᠋ᠠᠪᠤᠷᠢ ᠥᠭᠭᠦᠭᠰᠡᠨ ᠶᠠᠪᠤᠳᠠᠯ᠎ᠨᠢ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠪᠠ ᠥᠷᠭᠡᠨ ᠤᠯᠠᠨ ᠴᠡᠷᠢᠭ᠎ᠠᠴᠠ ᠬᠠᠯᠠᠭᠳᠠᠭᠰᠠᠳ᠎ᠢ ᠳᠣᠲᠣᠨᠣ᠎ᠪᠠᠷ ᠬᠠᠯᠠᠮᠵᠢᠯᠠᠵᠤ ᠪᠠᠢ᠌ᠬᠤ ᠵᠢ ᠭᠦᠢ᠍ᠴᠡᠳ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠢ ᠠᠬᠢᠭᠤᠯᠬᠤ᠎ᠳᠤ ᠵᠥᠪ ᠴᠢᠭᠯᠡᠯ᠎ᠢ ᠲᠤᠳᠤᠷᠬᠠᠢ ᠵᠢᠭ᠋ᠠᠵᠦ᠂ ᠦᠨᠳᠦᠰᠦᠨ ᠵᠢᠷᠤᠮᠯᠠᠯ ᠬᠠᠩᠭ᠋ᠠᠪᠠ᠃
ᠬᠤᠷᠠᠯ ᠳᠡᠭᠡᠷ᠎ᠡ᠂ ᠴᠡᠷᠢᠭ᠎ᠠᠴᠠ ᠬᠠᠯᠠᠭᠳᠠᠭᠰᠠᠳ᠎ᠤᠨ 4 ᠲᠥᠯᠥᠭᠡᠯᠡᠭᠴᠢ ᠲᠤᠰ ᠪᠡᠶ᠎ᠡ ᠵᠢᠨ ᠦᠰᠦᠨ ᠪᠣᠢ᠌ᠵᠢᠭᠰᠠᠨ ᠥᠩᠭᠡᠷᠡᠯᠲᠡ ᠪᠣᠯᠣᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠦ ᠣᠢ᠌ᠯᠠᠭ᠋ᠠᠯᠲᠠ ᠲᠥᠷᠥᠭᠳᠡᠯ ᠵᠶ᠋ᠠᠨ ᠶᠠᠷᠢᠵᠤ᠂ ᠠᠵᠢᠯ᠎ᠤᠨ ᠰᠠᠨᠠᠭᠤᠯᠭ᠎ᠠ ᠳᠤᠷᠠᠳᠤᠭᠰᠠᠨ ᠪᠥᠭᠡᠳ ᠴᠡᠷᠢᠭ ᠠᠩᠭᠢ ᠵᠢᠨ ᠰᠢᠯᠢᠳᠡᠭ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
ᠶᠠᠷᠢᠯᠴᠠᠬᠤ ᠬᠤᠷᠠᠯ᠎ᠠᠴᠠ ᠦᠨᠳᠦᠰᠦᠲᠡᠨ᠎ᠤ ᠵᠥᠪᠯᠡᠯ᠎ᠤᠨ ᠴᠡᠷᠢᠭ᠎ᠠᠴᠠ ᠬᠠᠯᠠᠭᠳᠠᠭᠰᠠᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠲᠡᠳᠡᠨ᠎ᠤ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠦᠵᠡᠭᠦᠯᠦᠭᠰᠡᠨ ᠬᠤᠪᠢ ᠨᠡᠮᠡᠷᠢ᠎ᠳᠤ ᠲᠠᠯᠠᠷᠬᠠᠵᠤ ᠪᠠᠢ᠌ᠬᠤ᠎ᠪᠠᠨ ᠢᠯᠡᠳᠭᠡᠬᠦ ᠵᠢᠨ ᠳᠠᠭ᠋ᠠᠤ ᠴᠡᠷᠢᠭ᠎ᠠᠴᠠ ᠬᠠᠯᠠᠭᠳᠠᠭᠰᠠᠳ᠎ᠤᠨ ᠴᠡᠷᠢᠭ᠎ᠠᠴᠠ ᠬᠠᠯᠠᠭᠳᠠᠭᠰᠠᠨ ᠴᠤ᠌ ᠥᠩᠭᠡ ᠭᠡᠷᠡᠯ ᠵᠶ᠋ᠡᠨ ᠠᠯᠳᠠᠬᠤ ᠦᠭᠡᠢ ᠪᠠᠢ᠌ᠵᠤ᠂ ᠴᠡᠷᠢᠭ ᠬᠥᠮᠥᠨ᠎ᠤ ᠤᠯᠤᠰ ᠲᠦᠷᠦ ᠵᠢᠨ ᠣᠣᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠦᠷᠦᠭᠦᠯᠡᠨ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠴᠡᠷᠢᠭ ᠠᠩᠭᠢ ᠵᠢᠨ ᠰᠢᠯᠢᠳᠡᠭ ᠤᠯᠠᠮᠵᠢᠯᠠᠯ ᠪᠠ ᠰᠤᠷᠲᠠᠯ᠎ᠢ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠲᠤᠮᠳᠠ ᠥᠪᠡᠷ᠎ᠤᠨ ᠪᠡᠶ᠎ᠡ᠎ᠳᠤ᠎ᠪᠠᠨ 《ᠴᠡᠷᠢᠭ᠎ᠤᠨ ᠭᠠᠪᠢᠶᠠᠨ ᠲᠡᠮᠳᠡᠭ》 ᠨᠡᠮᠡᠷᠢᠯᠡᠬᠦ᠎ᠪᠠᠷ ᠴᠢᠷᠮᠠᠢ᠌ᠬᠤ ᠵᠢ ᠬᠦᠰᠡᠭᠰᠡᠨ ᠪᠠᠢ᠌ᠨ᠎ᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ