ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠭᠦᠳᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠲᠡᠷᠡ ᠬᠡᠪ ᠵᠶ᠋ᠡᠷ᠎ᠨᠢ ᠰᠤᠷᠤᠯᠴᠠᠬᠤ᠂ ᠪᠣᠳᠠᠲᠠᠶ᠎ᠲᠠᠢ ᠤᠶᠠᠯᠳᠤᠭᠤᠯᠤᠨ ᠤᠬᠠᠬᠤ ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ 《ᠬᠥᠪᠴᠢ᠎ᠪᠠᠨ ᠴᠢᠩᠭ᠋ᠠᠯᠠᠵᠤ》᠂ ᠦᠢᠯᠡ ᠠᠵᠢᠯᠯᠠᠭ᠎ᠠ ᠵᠢᠨ ᠲᠠᠯ᠎ᠠ᠎ᠪᠠᠷ 《ᠨᠣᠮᠤ᠎ᠪᠠᠨ ᠲᠠᠲᠠᠵᠤ》᠂ ᠬᠠᠷᠢᠭᠤᠴᠠᠯᠭ᠎ᠠ ᠵᠢᠨ ᠲᠠᠯ᠎ᠠ᠎ᠪᠠᠷ 《ᠪᠣᠳᠠᠲᠠᠶ ᠨᠠᠢ᠌ᠳᠠᠪᠤᠷᠢᠵᠢᠭᠤᠯᠵᠤ》᠂ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠠᠭᠤᠤ ᠶᠡᠬᠡ ᠲᠣᠭ᠎ᠢ ᠨᠠᠩ ᠡᠷᠡᠰ ᠪᠠᠲᠤ ᠥᠨᠳᠥᠷ ᠮᠠᠨᠳᠤᠭᠤᠯᠵᠤ᠂ 《ᠡᠮᠦᠨ᠎ᠡ᠎ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ》 ᠡᠭᠦᠷᠭᠡ ᠬᠠᠷᠢᠭᠤᠴᠠᠯᠭ᠎ᠠ᠎ᠪᠠᠨ ᠨᠠᠩ ᠤᠬᠠᠮᠰᠠᠷ᠎ᠲᠠᠢ ᠡᠭᠦᠷᠭᠡᠯᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠦᠨᠳᠦᠰᠦᠲᠡᠨ᠎ᠤ ᠠᠵᠢᠯ᠎ᠤᠨ ᠬᠦᠴᠦᠨ ᠴᠢᠳᠠᠯ ᠵᠶ᠋ᠠᠨ ᠨᠡᠮᠡᠷᠢᠯᠡᠪᠡ᠃
ᠵᠦ᠍ ᠵᠢᠶᠦ᠋ᠨ (ᠠᠯᠪᠠᠨ ᠬᠡᠷ᠎ᠤᠨ ᠬᠣᠶᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ)᠄ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠨᠠᠢᠮᠠᠳᠤᠭ᠋ᠠᠷ ᠬᠡᠰᠡᠭ 《ᠪᠥᠬᠥ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠪᠠᠢ᠌ᠭᠤᠯᠤᠯ᠎ᠤᠨ ᠰᠢᠰᠲ᠋ᠧᠮ᠎ᠢ ᠪᠦᠷᠢᠨᠰᠢᠬᠦᠯᠬᠦ》 ᠠᠭᠤᠯᠭ᠎ᠠ᠎ᠳᠤ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠᠢ᠌ᠭᠤᠯᠤᠯ᠎ᠤᠨ ᠲᠣᠭᠲᠠᠴᠠ ᠵᠢ ᠪᠠᠢ᠌ᠭᠤᠯᠤᠨ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠭᠰᠠᠨ᠎ᠨᠢ ᠦᠨᠳᠦᠰᠦᠲᠡᠨ᠎ᠤ ᠠᠵᠢᠯ᠎ᠤᠨ ᠥᠭᠡᠷᠡᠴᠢᠯᠡᠯᠲᠡ ᠰᠢᠨ᠎ᠡ ᠡᠭᠦᠳᠦᠯᠲᠡ ᠬᠥᠭᠵᠢᠯᠲᠡ᠎ᠳᠤ ᠳᠤᠷᠠᠳᠤᠭᠰᠠᠨ ᠪᠣᠳᠠᠲᠠᠶ ᠱᠠᠭ᠋ᠠᠷᠳᠠᠯᠭ᠎ᠠ ᠪᠣᠯᠬᠤ ᠪᠥᠭᠡᠳ ᠪᠢᠳᠡᠨ᠎ᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠦᠨᠳᠦᠰᠦᠲᠡᠨ᠎ᠤ ᠠᠵᠢᠯ᠎ᠢ ᠬᠢᠵᠦ ᠪᠠᠢ᠌ᠭ᠎ᠠ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠵᠠᠪᠠᠯ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠥᠢ᠍ᠯ᠎ᠤᠨ ᠠᠵᠢᠯ᠎ᠤᠨ ᠭᠣᠤᠯ ᠰᠢᠵᠢᠮ ᠮᠥᠨ》 ᠭᠡᠬᠦ ᠴᠢᠬᠤᠯᠠ ᠨᠤᠲᠠᠯᠠᠯᠲᠠ ᠵᠢ ᠭᠦᠨᠵᠡᠭᠡᠢ ᠣᠢ᠌ᠯᠠᠭ᠋ᠠᠵᠤ ᠡᠵᠡᠮᠰᠢᠬᠦ ᠪᠠ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠡᠯ᠎ᠡ ᠲᠠᠯ᠎ᠠ᠂ ᠡᠯ᠎ᠡ ᠴᠠᠷᠠᠭ᠎ᠠ ᠬᠦᠷᠢᠶ᠎ᠡ᠎ᠳᠤ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠡᠬᠢᠵᠢᠭᠦᠯᠵᠦ᠂ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠵᠤ᠂ ᠰᠢᠨ᠎ᠡ ᠵᠢ ᠡᠭᠦᠳᠬᠦ ᠰᠡᠳᠬᠢᠬᠦᠶ ᠵᠢ ᠬᠦᠮᠦᠵᠢᠭᠦᠯᠵᠦ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠶ ᠠᠵᠢᠯᠯᠠᠭ᠋ᠠᠨ᠎ᠤ ᠵᠦᠭᠯᠡᠭᠦᠷ ᠪᠣᠯᠭ᠋ᠠᠨ ᠤᠯᠠᠷᠢᠭᠤᠯᠬᠤ᠎ᠪᠠᠷ ᠬᠦᠴᠦᠯᠡᠵᠦ᠂ ᠲᠤᠬᠠᠢ᠌ᠯᠠᠭᠰᠠᠨ ᠠᠵᠢᠯ ᠵᠶ᠋ᠠᠨ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠤ᠎ᠪᠠᠷ ᠵᠠᠰᠠᠬᠤ ᠴᠢᠳᠠᠪᠤᠷᠢ ᠪᠠ ᠴᠢᠳᠠᠪᠤᠷᠢ ᠪᠣᠯᠪᠠᠰᠤᠷᠠᠯ ᠵᠶ᠋ᠠᠨ ᠴᠢᠷᠮᠠᠢ᠌ᠨ ᠳᠡᠭᠡᠭᠰᠢᠯᠡᠭᠦᠯᠵᠦ᠂ ᠦᠨᠳᠦᠰᠦᠲᠡᠨ᠎ᠤ ᠬᠡᠷᠡᠭ ᠡᠷᠬᠢᠯᠡᠬᠦ ᠵᠠᠰᠠᠯᠲᠠ ᠵᠢᠨ ᠰᠢᠰᠲᠸᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠠᠰᠤᠷᠠᠯᠲᠠ ᠤᠢ᠍ᠭᠡᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠣᠯᠪᠣᠭᠳᠠᠯ》 ᠣᠯᠭᠣᠬᠤ ᠵᠢ ᠨᠠᠢ᠌ᠳᠠᠪᠤᠷᠢᠵᠢᠭᠤᠯᠤᠨ ᠪᠤᠲᠠᠲᠠᠢ᠌ᠵᠢᠭᠤᠯᠬᠤ ᠵᠢ ᠠᠬᠢᠭᠤᠯᠵᠤ᠂ ᠦᠨᠳᠦᠰᠦᠲᠡᠨ᠎ᠤ ᠠᠵᠢᠯ᠎ᠢ ᠰᠡᠳᠬᠢᠯ ᠲᠠᠯᠪᠢᠨ ᠬᠠᠢ᠌ᠷ᠎ᠠ ᠰᠡᠳᠬᠢᠯᠭᠡ᠎ᠲᠠᠢ᠎ᠪᠠᠷ ᠰᠠᠢ᠌ᠲᠤᠷ ᠬᠦᠴᠦᠯᠡᠨ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠦᠢᠯᠡᠳᠦᠯᠭᠡ᠎ᠳᠤ ᠦᠨᠳᠦᠰᠦᠲᠡᠨ᠎ᠤ ᠠᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃
ᠯᠢ ᠵᠢᠶᠠ[ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ) ᠵᠢᠨ ᠲᠤᠰᠬᠠᠶ ᠲᠤᠰᠢᠶᠠᠯᠲᠤ ᠳᠡᠳ᠋ ᠱᠦᠵᠢ (ᠭᠠᠵᠠᠷ᠎ᠤᠨ ᠳᠠᠷᠤᠭ᠎ᠠ)᠄ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠭᠦᠳᠡ ᠬᠤᠷᠠᠯ᠎ᠠᠴᠠ 《ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠳᠠᠯᠠᠨ᠎ᠠ》 ᠭᠡᠵᠦ ᠴᠢᠬᠤᠯᠠᠴᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠬᠤ᠎ᠳᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠪᠠ᠃ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠎ᠨᠢ ᠨᠠᠮ᠎ᠢ ᠬᠠᠮᠢᠶᠠᠷᠴᠤ ᠨᠠᠮ᠎ᠢ ᠵᠠᠰᠠᠬᠤ ᠡᠭᠦᠷᠭᠡ ᠴᠢᠳᠠᠪᠬᠢ᠎ᠲᠠᠢ ᠭᠠᠵᠠᠷ ᠪᠣᠯᠤᠭᠰᠠᠨ᠎ᠤ ᠬᠤᠪᠢ᠎ᠳᠤ ᠡᠷᠬᠡᠪᠰᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠡᠨᠡ ᠬᠦ᠌ ᠭᠣᠤᠯ ᠰᠡᠳᠦᠪ᠎ᠢ ᠪᠠᠲᠤ ᠡᠵᠡᠮᠰᠢᠵᠦ᠂ ᠦᠵᠡᠯ ᠰᠠᠨᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠪᠠᠢ᠌ᠭ᠋ᠠᠳ 《ᠬᠣᠶᠠᠷ ᠶᠡᠬᠡ ᠲᠠᠯ᠎ᠠ》᠎ᠳᠤ ᠵᠣᠭᠰᠣᠵᠤ᠂ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠵᠦ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠬᠤ ᠤᠯᠤᠰ ᠲᠥᠷᠥ ᠵᠢᠨ ᠤᠬᠠᠮᠰᠠᠷ ᠦᠵᠡᠯ ᠰᠠᠨᠠᠭ᠋ᠠᠨ᠎ᠤ ᠤᠬᠠᠮᠰᠠᠷ ᠦᠢᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠥᠭᠡᠷᠡᠴᠢᠯᠡᠯᠲᠡ ᠵᠢ ᠣᠢ᠌ᠯᠠᠭ᠋ᠠᠬᠤ᠂ ᠥᠭᠡᠷᠡᠴᠢᠯᠡᠯᠲᠡ ᠵᠢ ᠳᠡᠮᠵᠢᠬᠦ᠂ ᠥᠭᠡᠷᠡᠴᠢᠯᠡᠯᠲᠡ᠎ᠳᠤ ᠣᠷᠣᠯᠴᠠᠬᠤ ᠢᠳᠡᠪᠬᠢ ᠬᠦᠴᠦᠨ᠎ᠢ ᠨᠢᠭᠲᠠᠷᠠᠭᠤᠯᠤᠨ᠎ᠠ; ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠪᠦᠲᠦᠮᠵᠢᠲᠡᠢ ᠠᠵᠢᠯ᠎ᠤᠨ ᠠᠷᠭ᠎ᠠ ᠵᠢ ᠢᠳᠡᠪᠬᠢᠲᠡᠢ ᠰᠦᠪᠡᠭᠴᠢᠯᠡᠵᠦ᠂ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ ᠪᠦᠬᠦ ᠲᠠᠯ᠎ᠠ᠎ᠪᠠᠷ ᠴᠠᠭ᠋ᠠᠷᠠᠬᠤ ᠵᠢ ᠠᠬᠢᠭᠤᠯᠵᠤ᠂ ᠬᠥᠴᠥᠷᠬᠡᠭ ᠪᠡᠬᠢᠯᠡᠯᠲᠡ᠎ᠲᠠᠢ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠭᠡᠰᠢᠭᠦᠨ ᠺᠠᠳ᠋ᠷ᠎ᠤᠨ 《ᠰᠢᠪᠲᠤᠯᠤᠯᠲᠠ ᠬᠢᠬᠦ》 ᠵᠣᠷᠢᠭ ᠰᠠᠨᠠᠭ᠎ᠠ᠂ 《ᠡᠭᠦᠳᠦᠨ ᠪᠠᠢ᠌ᠭᠤᠯᠬᠤ》 ᠡᠷᠴᠢ ᠵᠣᠷᠢᠭ᠎ᠢ ᠡᠭᠦᠷᠢᠳᠡ ᠪᠠᠲᠤᠯᠠᠬᠤ ᠵᠢ ᠳᠠᠢ᠌ᠴᠢᠯᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠬᠠᠮᠤᠭ᠎ᠤᠨ ᠶᠡᠬᠡ ᠨᠡᠢ᠌ᠯᠡᠮᠡᠯ ᠬᠦᠴᠦᠨ᠎ᠢ ᠨᠢᠭᠲᠠᠷᠠᠭᠤᠯᠤᠨ᠎ᠠ; ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠢᠮᠠᠭᠲᠠ ᠬᠢᠨᠠᠮᠠᠬᠠᠢ ᠰᠠᠢ᠌ᠲᠤᠷ ᠠᠳᠬᠤᠵᠤ᠂ 《ᠪᠠᠷᠢᠮᠵᠢᠶ᠎ᠠ ᠵᠢ ᠳᠡᠭᠡᠭᠰᠢᠯᠡᠭᠦᠯᠬᠦ ᠬᠤᠷᠳᠤᠴᠠ ᠵᠢ ᠲᠥᠷᠭᠡᠳᠬᠡᠬᠦ ᠦᠷ᠎ᠡ ᠪᠦᠲᠦᠮᠵᠢ ᠵᠢ ᠰᠠᠢ᠌ᠵᠢᠷᠠᠭᠤᠯᠬᠤ》 ᠲᠤᠰᠬᠠᠢ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠤᠪᠢᠰᠬᠠᠯ᠎ᠤᠨ ᠤᠯᠠᠮᠵᠢᠯᠠᠯᠲᠤ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ᠂ ᠢᠲᠡᠭᠡᠯ ᠪᠢᠰᠢᠷᠡᠯ᠎ᠤᠨ ᠰᠠᠭᠤᠷᠢ ᠵᠢ ᠪᠡᠬᠢᠵᠢᠭᠦᠯᠵᠦ᠂ ᠤᠶᠤᠨ ᠰᠠᠨᠠᠭ᠋ᠠᠨ᠎ᠤ ᠺᠠᠯᠼ᠎ᠢ ᠭᠦᠢ᠍ᠴᠡᠳ ᠨᠥᠬᠥᠪᠥᠷᠢᠯᠡᠵᠦ᠂ ᠦᠨᠳᠦᠰᠦᠲᠡᠨ᠎ᠤ ᠪᠦᠯᠬᠦᠮᠳᠡᠯ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠤᠨ ᠶᠡᠬᠡ ᠲᠠᠯ᠎ᠠ ᠵᠢ ᠴᠢᠷᠮᠠᠢ᠌ᠨ ᠬᠠᠮᠠᠭ᠋ᠠᠯᠠᠨ᠎ᠠ; ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 《ᠴᠢᠳᠠᠪᠤᠷᠢ ᠪᠣᠯᠪᠠᠰᠤᠷᠠᠯ᠎ᠢ ᠳᠡᠭᠡᠭᠰᠢᠯᠡᠭᠦᠯᠬᠦ》 ᠠᠵᠢᠯᠯᠠᠭ᠎ᠠ ᠪᠠ 《ᠺᠠᠳ᠋ᠷ᠎ᠤᠨ ᠶᠡᠬᠡ ᠰᠤᠷᠤᠯᠴᠠᠯᠭ᠎ᠠ》 ᠵᠢᠨ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠣᠨᠣᠯ ᠲᠥᠷᠥ ᠵᠢᠨ ᠪᠣᠳᠣᠯᠭ᠎ᠠ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠱᠠᠲᠤ ᠲᠥᠷᠥᠯ ᠬᠤᠪᠢᠶᠠᠨ ᠥᠷᠨᠢᠭᠦᠯᠵᠦ᠂ ᠠᠵᠢᠯ᠎ᠤᠨ ᠪᠠᠢ᠌ᠷᠢ᠎ᠳᠤ᠎ᠬᠢ ᠪᠣᠯᠪᠠᠰᠤᠷᠠᠯ᠎ᠢ ᠬᠠᠨᠳᠤᠯᠭ᠋ᠠᠲᠤ ᠴᠢᠨᠠᠷᠲᠠᠶ᠎ᠪᠠᠷ ᠥᠷᠨᠢᠭᠦᠯᠵᠦ᠂ ᠺᠠᠳ᠋ᠷᠴᠤᠳ᠎ᠢ ᠠᠵᠢᠯ ᠦᠢᠯᠡᠰ ᠪᠦᠲᠦᠭᠡᠬᠦ ᠪᠣᠳᠤᠯ᠎ᠲᠠᠢ᠂ ᠬᠢᠬᠦ ᠵᠣᠷᠢᠭᠲᠠᠢ᠂ ᠴᠢᠳᠠᠮᠠᠭ᠋ᠠᠶ ᠬᠢᠬᠦ ᠴᠢᠳᠠᠪᠤᠷᠢ᠎ᠲᠠᠢ᠎ᠪᠠᠷ ᠤᠬᠠᠮᠰᠠᠷ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠪᠥᠲᠥᠮᠵᠢᠲᠡᠢ ᠣᠷᠣᠯᠴᠠᠭᠴᠢ ᠪᠠ ᠬᠦᠴᠦᠲᠡᠶ ᠠᠬᠢᠭᠤᠯᠤᠭᠴᠢ ᠪᠣᠯᠭ᠋ᠠᠬᠤ᠎ᠪᠠᠷ ᠴᠢᠷᠮᠠᠢ᠌ᠨ ᠬᠦᠮᠦᠵᠢᠭᠦᠯᠦᠨ᠎ᠡ᠃
ᠶᠠᠩ ᠹᠠᠩ (ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ᠎ᠤᠨ ᠳᠠᠷᠤᠭ᠎ᠠ)᠄ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠳᠤ 《ᠲᠤᠯᠤᠭ᠋ᠠᠨ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ》᠂ 《ᠵᠢᠷᠭᠤᠭ᠎ᠠ ᠵᠢ ᠪᠠᠷᠢᠮᠲᠠᠯᠠᠬᠤ》᠂ 《ᠠᠷᠪᠠᠨ ᠳᠥᠷᠪᠡᠨ ᠭᠣᠤᠯᠳᠠᠯᠭ᠎ᠠ᠎ᠲᠠᠢ ᠴᠠᠷᠠᠭ᠎ᠠ ᠬᠦᠷᠢᠶᠡᠨ᠎ᠤ ᠠᠵᠢᠯ》 ᠪᠣᠯᠤᠨ 300 ᠭᠠᠷᠤᠶ ᠵᠦᠢᠯ᠎ᠤᠨ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠤᠭᠰᠠᠨ᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠤ ᠥᠭᠡᠷᠡᠴᠢᠯᠡᠯᠲᠡ ᠨᠡᠭᠡᠭᠡᠯᠲᠡ ᠪᠣᠯᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠲᠦᠷᠦ ᠵᠢᠨ ᠪᠤᠳᠤᠯᠭ᠎ᠠ ᠬᠠᠤᠯᠢ ᠲᠦᠷᠢᠮ᠎ᠤᠨ ᠠᠵᠢᠯ᠎ᠢ ᠬᠢᠵᠦ ᠪᠠᠢ᠌ᠭ᠎ᠠ ᠺᠠᠳ᠋ᠷ ᠪᠣᠯᠤᠭᠰᠠᠨ᠎ᠤ ᠬᠤᠪᠢ᠎ᠳᠤ 《ᠲᠣᠭᠲᠠᠭ᠋ᠠᠯ》᠎ᠳᠤ ᠳᠤᠷᠠᠳᠤᠭᠰᠠᠨ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠᠢ᠌ᠭᠤᠯᠤᠯ᠎ᠤᠨ ᠲᠣᠭᠲᠠᠴᠠ ᠵᠢ ᠪᠦᠷᠢᠨᠰᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ》 ᠬᠠᠷᠠᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠲᠦᠷᠦ ᠵᠢᠨ ᠪᠤᠳᠤᠯᠭ᠎ᠠ ᠬᠠᠤᠯᠢ ᠴᠠᠭ᠋ᠠᠵᠠ ᠬᠠᠤᠯᠢ ᠲᠦᠷᠢᠮ᠎ᠤᠨ ᠰᠢᠰᠲ᠋ᠧᠮ᠎ᠢ ᠲᠠᠰᠤᠷᠠᠯᠳᠠ ᠦᠭᠡᠢ ᠪᠦᠷᠢᠨᠰᠢᠭᠦᠯᠦᠨ᠎ᠡ᠃ ᠨᠢᠭᠡ᠎ᠳᠤ ᠤᠯᠤᠰ᠎ᠠᠴᠠ ᠨᠡᠢ᠌ᠲᠡᠯᠡᠨ ᠬᠡᠷᠡᠭᠵᠢᠭᠦᠯᠦᠭᠰᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠠᠤᠯᠢ ᠵᠢ ᠦᠨᠳᠦᠰᠦᠯᠡᠵᠦ᠂ ᠭᠦᠢ᠍ᠴᠡᠳ ᠪᠠᠢ᠌ᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ᠎ᠳᠤ ᠵᠠᠰᠠᠪᠤᠷᠢ ᠣᠷᠣᠭᠤᠯᠬᠤ ᠰᠠᠨᠠᠭᠤᠯᠭ᠎ᠠ᠎ᠤᠨ ᠳᠤᠷᠠᠳᠤᠯᠭ᠎ᠠ ᠵᠢ ᠴᠠᠭ ᠲᠤᠬᠠᠢᠳᠤᠨᠢ ᠳᠡᠪᠰᠢᠭᠦᠯᠦᠨ᠎ᠡ; ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠤᠷᠢᠳᠠᠴᠢ ᠬᠢᠨᠠᠬᠤ ᠠᠵᠢᠯ᠎ᠤᠨ ᠵᠢᠯᠤᠭᠤᠳᠤᠮᠵᠢ ᠵᠢ ᠨᠠᠷᠢᠨ ᠬᠢᠨᠠᠮᠠᠭ᠋ᠠᠶ ᠲᠣᠭᠲᠠᠭ᠋ᠠᠵᠤ᠂ ᠤᠷᠢᠳᠠᠴᠢ ᠬᠢᠨᠠᠬᠤ ᠬᠠᠮᠢᠶ᠎ᠠ ᠪᠥᠬᠥᠶ ᠴᠢᠬᠤᠯᠠ ᠨᠥᠬᠥᠴᠡᠯ᠂ ᠲᠠᠰ ᠳᠠᠷᠠᠭ᠋ᠠᠯᠠᠯ᠂ ᠴᠠᠭ᠎ᠤᠨ ᠬᠢᠵᠠᠭ᠋ᠠᠷ᠎ᠢ ᠳᠥᠷᠢᠮᠵᠢᠭᠦᠯᠵᠦ᠂ ᠡᠯ᠎ᠡ ᠲᠥᠷᠥᠯ᠎ᠤᠨ ᠠᠵᠢᠯ᠎ᠢ ᠭᠣᠤᠯ ᠰᠢᠵᠢᠮ ᠲᠡᠢ᠌ᠰᠢ ᠲᠥᠪᠯᠡᠷᠡᠭᠦᠯᠦᠨ ᠬᠦᠴᠦᠯᠡᠬᠦ ᠵᠢ ᠠᠬᠢᠭᠤᠯᠤᠨ᠎ᠠ; ᠭᠤᠷᠪᠠ᠎ᠳᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠵᠶ᠋ᠠᠷ ᠠᠴᠢᠶᠠᠯᠠᠭᠴᠢ ᠪᠣᠯᠭ᠋ᠠᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠳᠥᠷᠢᠮ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢᠳᠪᠦᠷᠢᠯᠡᠬᠦ᠎ᠳᠤ ᠬᠠᠤᠯᠢ ᠵᠢ ᠲᠦᠰᠢᠭᠯᠡᠬᠦ ᠵᠢ ᠬᠥᠲᠥᠯᠥᠨ ᠵᠢᠯᠣᠭᠣᠳᠴᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠤ᠎ᠪᠠᠷ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠥᠲᠥᠭᠡᠨ ᠪᠠᠢ᠌ᠭᠤᠯᠬᠤ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ