8 ᠰᠠᠷ᠎ᠠ ᠵᠢᠨ 20᠎ᠤ ᠡᠳᠦᠷ᠂ ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ᠎ᠤᠨ ᠨᠠᠮ᠎ᠤᠨ ᠡᠭᠦᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠥᠢ ᠹᠸᠩ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠲᠣᠭᠣᠷᠢᠨ᠎ᠳᠤ ᠭᠣᠤᠯ ᠰᠡᠳᠦᠪᠲᠦ ᠤᠬᠠᠭᠤᠯᠭ᠎ᠠ ᠲᠠᠢ᠌ᠯᠪᠤᠷᠢᠯᠠᠯᠲᠠ ᠬᠢᠪᠠ᠃ ᠤᠬᠠᠭᠤᠯᠭ᠎ᠠ ᠲᠠᠢ᠌ᠯᠪᠤᠷᠢᠯᠠᠯᠲᠠ᠎ᠨᠢ ᠦᠨᠳᠦᠰᠦᠲᠡᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠠ ᠴᠢᠬᠤᠯᠠ ᠦᠷ᠎ᠡ ᠪᠦᠲᠦᠭᠡᠯ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠭᠣᠣᠯ ᠰᠡᠳᠦᠪ ᠵᠢᠴᠢ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠦᠨᠳᠦᠰᠦᠨ ᠱᠠᠭ᠋ᠠᠷᠳᠠᠯᠭ᠎ᠠ ᠵᠡᠷᠭᠡ ᠲᠠᠯ᠎ᠠ᠎ᠠᠴᠠ ᠭᠦᠨᠵᠡᠭᠡᠢ ᠲᠠᠢ᠌ᠯᠪᠤᠷᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠪᠦᠬᠦᠳᠠ ᠬᠤᠷᠠᠯ᠎ᠤᠨ ᠵᠣᠷᠢᠭ ᠰᠠᠨᠠᠭ᠋ᠠᠨ᠎ᠤ 《ᠬᠥᠲᠥᠯᠪᠦᠷᠢ》 ᠮᠥᠨ᠂ ᠪᠦᠬᠦᠳᠠ ᠬᠤᠷᠠᠯ᠎ᠠᠴᠠ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠭᠠᠷᠭ᠋ᠠᠭᠰᠠᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠡᠷᠬᠡᠪᠰᠢ ᠭᠦᠨᠵᠡᠭᠡᠢ ᠰᠤᠷᠤᠯᠴᠠᠨ ᠭᠦᠨᠵᠡᠭᠡᠢ ᠣᠢ᠌ᠯᠠᠭ᠋ᠠᠬᠤ ᠬᠡᠷᠡᠭᠲᠡᠢ᠃ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢ᠌ᠯᠠᠭ᠋ᠠᠵᠤ᠂ ᠲᠤᠢ᠌ᠯᠪᠤᠷᠢᠲᠠᠢ ᠰᠢᠩᠭᠡᠭᠡᠨ ᠠᠪᠴᠤ᠂ ᠮᠡᠳᠡᠬᠦᠢ ᠬᠢᠬᠦᠢ ᠵᠢ ᠨᠢᠭᠡᠳᠬᠡᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ 《ᠲᠤᠯᠤᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ》 ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠳᠤ᠎ᠪᠠᠨ ᠰᠠᠭᠤᠷᠢᠯᠠᠵᠤ᠂ ᠲᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠪᠦᠬᠦ ᠬᠦᠴᠦ᠎ᠪᠠᠷ ᠵᠶ᠋ᠡᠨ ᠰᠠᠢ᠌ᠲᠤᠷ ᠠᠤᠬᠤᠵᠤ᠂ ᠨᠡᠩ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠢ᠎ᠡ ᠠᠪᠴᠤ᠂ ᠦᠨᠳᠦᠰᠦᠲᠡᠨ᠎ᠤ ᠠᠵᠢᠯ᠎ᠢ ᠪᠤᠲᠠᠲᠠᠢ᠌ᠵᠢᠭᠤᠯᠤᠨ ᠬᠦᠴᠦᠯᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ