ᠡᠨᠡ ᠵᠢᠯ᠎ᠤᠨ 9 ᠳ᠋ᠦ᠍ᠭᠡᠷ ᠰᠠᠷ᠎ᠠ ᠪᠣᠯ ᠪᠦᠬᠦ ᠣᠷᠣᠨ᠎ᠤ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠣᠨ᠎ᠠ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮ ᠨᠢᠭᠡ ᠠᠯᠬᠤᠮ ᠪᠠᠳᠠᠷᠠᠭᠤᠯᠵᠦ᠂ ᠦᠨᠳᠦᠰᠦᠲᠡᠨ᠎ᠨᠦᠭᠦᠳ ᠪᠦᠯᠬᠦᠮᠳᠡᠵᠡᠭᠡᠵᠦ ᠨᠢᠭᠡ ᠭᠡᠷ ᠪᠥᠯᠢ ᠵᠢᠨ᠎ᠬᠢᠨ ᠮᠡᠲᠦ ᠳᠣᠲᠤᠨᠤ ᠪᠠᠢ᠌ᠬᠤ ᠠᠬᠤᠢ ᠨᠥᠭᠥᠴᠡᠯ᠎ᠢ ᠢᠳᠡᠪᠬᠢᠲᠡᠢ᠎ᠪᠠᠷ ᠪᠤᠶ ᠪᠣᠯᠭ᠋ᠠᠵᠤ᠂ ᠪᠤᠳᠠᠳᠠᠢ ᠲᠥᠷᠥᠭᠳᠡᠯ᠎ᠲᠠᠢ ᠪᠦᠳᠦᠮᠵᠢᠲᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠲᠦᠯᠦᠭᠡ᠂ 9 ᠳ᠋ᠦ᠍ᠭᠡᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠨ ᠱᠠᠲᠤᠨ᠎ᠤ ᠨᠠᠮ᠎ᠤᠨ ᠡᠭᠦᠷ᠎ᠨᠢ ᠬᠥᠬᠡᠬᠣᠲᠠ ᠵᠢᠨ ᠰᠢᠯᠢ ᠵᠢᠨ ᠭᠣᠣᠯ ᠬᠣᠢ᠌ᠲᠤ ᠵᠠᠮ᠎ᠤᠨ ᠰᠢᠨᠬᠤᠸᠠ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠭᠤᠷᠪᠠᠳᠤᠭ᠋ᠠᠷ ᠠᠷᠤ ᠲᠠᠯ᠎ᠠ ᠵᠢᠨ ᠦᠢ᠍ᠯᠡᠴᠢᠯᠡᠭᠡᠨ᠎ᠤ ᠲᠥᠪ᠎ᠤᠨ ᠨᠠᠮ᠎ᠤᠨ ᠶᠡᠷᠦᠩᠬᠡᠢ ᠡᠭᠦᠷ᠎ᠲᠠᠢ ᠬᠠᠮᠳᠤᠷᠠᠵᠦ᠂ ᠵᠧᠩ ᠶᠤᠸᠠᠨ ᠬᠣᠷᠢᠶᠠᠯᠠᠯ᠎ᠳᠤ 《ᠦᠨᠳᠦᠰᠦᠲᠡᠨ᠎ᠨᠦᠭᠦᠳ ᠪᠥᠯᠬᠥᠮᠳᠡᠵᠡᠭᠡᠵᠦ ᠨᠢᠭᠡ ᠭᠡᠷ ᠪᠥᠯᠢ ᠵᠢᠨ᠎ᠬᠢᠨ ᠮᠡᠲᠦ ᠳᠣᠲᠤᠨᠤ᠂ ᠬᠥᠷᠰᠢ ᠰᠠᠬᠠᠭ᠋ᠠᠯᠳᠠ ᠡᠶ᠎ᠡ ᠵᠣᠬᠢᠴᠠᠩᠭᠤᠢ᠎ᠪᠠᠷ ᠨᠠᠢ᠍ᠮᠠᠨ ᠰᠠᠷ᠎ᠠ ᠵᠢᠨ ᠲᠡᠷᠭᠡᠯ ᠰᠠᠷ᠎ᠠ ᠵᠢᠨ ᠪᠠᠶᠠᠷ᠎ᠢ ᠪᠡᠯᠭᠡᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠬᠠᠷᠢᠶ᠎ᠠ ᠲᠤᠭᠤᠷᠢᠭ᠎ᠤᠨ ᠰᠠᠭᠤᠭ᠋ᠠᠯᠢ ᠠᠷᠠᠳ᠎ᠢ ᠤᠷᠢᠵᠤ ᠨᠠᠢ᠍ᠮᠠᠨ ᠰᠠᠷ᠎ᠠ ᠵᠢᠨ ᠲᠡᠷᠭᠡᠯ ᠰᠠᠷ᠎ᠠ ᠵᠢᠨ ᠪᠠᠶᠠᠷ᠎ᠢ ᠪᠡᠯᠭᠡᠯᠡᠵᠦ᠂ ᠬᠥᠷᠰᠢ ᠰᠠᠬᠠᠭ᠋ᠠᠯᠳᠠ ᠵᠢᠨ ᠬᠠᠢ᠌ᠷ᠎ᠠ ᠰᠡᠳᠬᠢᠯᠭᠡ ᠵᠢ ᠬᠠᠮᠳᠤ᠎ᠪᠠᠷ ᠬᠦᠦᠷᠨᠢᠪᠡ᠃
ᠲᠤᠰ ᠠᠵᠢᠯᠯᠠᠭ᠎ᠠ᠎ᠨᠢ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠤᠬᠠᠭᠤᠯᠭ᠎ᠠ ᠵᠢᠨ ᠵᠠᠷ ᠮᠡᠳᠡᠭᠳᠡᠯ᠎ᠢ ᠳᠡᠯᠭᠡᠨ ᠦᠵᠡᠭᠦᠯᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠣᠳᠣᠯᠭ᠎ᠠ ᠵᠢ ᠲᠠᠢ᠌ᠯᠪᠤᠷᠢᠯᠠᠨ ᠬᠠᠷᠢᠭᠤᠯᠬᠤ ᠥᠭᠬᠦ ᠵᠡᠷᠭᠡ ᠬᠡᠯᠪᠡᠷᠢ᠎ᠪᠠᠷ ᠲᠠᠮᠵᠢᠭᠤᠯᠵᠦ᠂ ᠦᠨᠳᠦᠰᠦᠲᠡᠨ᠎ᠤ ᠤᠨᠤᠯ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢ ᠭᠦᠨᠵᠡᠭᠡᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷ 《ᠭᠤᠷᠪᠠᠨ ᠰᠠᠯᠵᠤ ᠪᠣᠯᠤᠰᠢ ᠦᠭᠡᠢ》᠂ 《ᠳᠥᠷᠪᠡᠨ ᠬᠠᠮᠲᠤᠳᠬᠠᠬᠤ》᠂ 《ᠵᠢᠷᠭᠤᠭ᠋ᠠᠨ ᠥᠭᠦᠯᠡᠮᠵᠢ ᠵᠢᠨ ᠪᠣᠳᠠᠲᠤ ᠶᠠᠪᠤᠳᠠᠯ ᠪᠠ ᠶᠣᠰᠣ
ᠵᠥᠢ》 ᠵᠡᠷᠭᠡ ᠠᠭᠤᠯᠭ᠎ᠠ ᠵᠢᠨ ᠲᠣᠭᠣᠷᠢᠨ᠎ᠳᠤ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠪᠠ᠃
ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠦᠬᠦ ᠣᠷᠣᠨ᠎ᠤ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ᠎ᠪᠠᠷ ᠲᠤᠬᠢᠶᠠᠯᠳᠤᠯ ᠪᠣᠯᠭ᠋ᠠᠵᠤ᠂ ᠨᠠᠮ᠎ᠤᠨ ᠭᠡᠰᠢᠭᠦᠨ ᠨᠥᠬᠥᠳ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠵᠦ᠂ ᠨᠠᠮ᠎ᠤᠨ ᠦᠨᠳᠦᠰᠦᠲᠡᠨ᠎ᠤ ᠣᠨᠣᠯ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠣᠯᠠᠨ ᠲᠦᠮᠡᠨ᠎ᠤ ᠡᠭᠦᠳᠡᠨ᠎ᠳᠤ ᠬᠦᠷᠭᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ 《ᠳᠥᠷᠪᠡᠨ ᠬᠠᠮᠲᠤ᠎ᠪᠠᠷ》 ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠪᠠ 《ᠳᠥᠷᠪᠡ ᠬᠠᠮᠲᠤᠳᠬᠠᠬᠤ》 ᠬᠠᠮᠲᠤ ᠵᠢᠨ ᠴᠣᠭᠴᠠ ᠵᠢᠨ ᠤᠨᠤᠯᠵᠢᠬᠤᠨ᠎ᠢ ᠪᠡᠬᠢᠵᠢᠬᠦᠯᠵᠦ᠂ ᠴᠢᠩ ᠦᠨᠡᠨᠴᠢ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ ᠵᠢ ᠬᠥᠲᠦᠯᠦᠨ ᠳᠠᠭ᠋ᠠᠭᠤᠯᠪᠠ᠃

ᠠᠵᠢᠯᠯᠠᠭ᠎ᠠ ᠵᠢᠨ ᠠᠬᠤᠢ ᠲᠠᠯᠠᠪᠠᠢ

ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠪᠠ

ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠪᠠ

ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠤᠬᠠᠭᠤᠯᠭ᠎ᠠ ᠵᠢᠨ ᠬᠠᠴᠠᠪᠴᠢ᠎ᠲᠠᠢ ᠰᠡᠬᠦᠳᠡᠷᠯᠡᠪᠡ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ