ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ᠂ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ ᠬᠠᠮᠲᠤᠷᠠᠨ 《ᠦᠨᠳᠦᠰᠦᠲᠡᠨ᠎ᠨᠦᠭᠦᠳ ᠪᠦᠯᠬᠦᠮᠳᠡᠵᠦ ᠰᠡᠳᠬᠢᠯ ᠨᠢᠭᠡᠲᠦᠨ ᠨᠠᠮ ᠵᠶ᠋ᠠᠨ ᠳᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-08-30

      8 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ᠂ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠡᠭᠦᠷ᠎ᠤᠨ᠎ᠬᠢᠨ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ ᠪᠠ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠦᠵᠡᠭᠦᠯᠭᠡ ᠵᠢᠨ ᠲᠢᠩᠬᠢᠮ᠎ᠳᠤ ᠬᠦᠷᠴᠦ 《ᠦᠨᠳᠦᠰᠦᠲᠡᠨ᠎ᠨᠦᠭᠦᠳ ᠪᠦᠯᠬᠦᠮᠳᠡᠨ ᠰᠡᠳᠬᠢᠯ ᠨᠢᠭᠡᠲᠦᠨ ᠨᠠᠮ ᠵᠶ᠋ᠠᠨ ᠳᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃ 
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠦᠨᠳᠦᠰᠦᠲᠡᠨ᠎ᠤ ᠵᠥᠪᠯᠡᠯ ᠵᠡᠷᠭᠡ ᠭᠤᠷᠪᠠᠨ ᠱᠠᠲᠤᠨ᠎ᠤ ᠦᠨᠳᠦᠰᠦᠲᠡᠨ᠎ᠤ ᠵᠥᠪᠯᠡᠯ᠎ᠤᠨ ᠠᠬᠠᠮᠠᠳ ᠨᠠᠮ᠎ᠤᠨ ᠭᠡᠰᠢᠭᠦᠳ ᠲᠠᠢ᠌ᠯᠪᠤᠷᠢᠯᠠᠭᠴᠢ ᠵᠢ ᠳᠠᠭ᠋ᠠᠵᠤ᠂ ᠲᠠᠢ᠌ᠯᠤᠮᠵᠢ ᠵᠢ ᠰᠣᠨᠣᠰᠬᠤ᠂ ᠦᠵᠡᠭᠦᠯᠭᠡ ᠵᠢ ᠰᠣᠨᠢᠷᠬᠠᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢ ᠡᠷᠭᠢᠴᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢᠨ ᠣᠯᠤᠭᠰᠠᠨ ᠲᠣᠪᠣᠢ᠌ᠮ᠎ᠠ ᠠᠮᠵᠢᠯᠲᠠ ᠪᠦᠲᠦᠮᠵᠢ ᠵᠢ ᠪᠡᠶᠡᠴᠢᠯᠡᠨ ᠣᠢ᠌ᠯᠠᠭ᠋ᠠᠪᠠ᠃
    ᠠᠬᠠᠮᠠᠳ ᠨᠠᠮ᠎ᠤᠨ ᠭᠡᠰᠢᠭᠦᠳ᠂ ᠲᠤᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠠᠭ ᠦᠶ᠎ᠡ ᠵᠢᠨ ᠡᠭᠦᠷᠭᠡ ᠵᠢ ᠰᠠᠢ᠌ᠲᠤᠷ ᠭᠦᠢ᠍ᠴᠡᠳᠬᠡᠬᠦ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ ᠭᠡᠵᠡᠭᠡᠪᠡ᠃




           ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ