ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ᠎ᠨᠢ 2025 ᠣᠨ᠎ᠤ ᠠᠩᠬᠠᠳᠤᠭ᠋ᠠᠷ ᠤᠳᠠᠭ᠎ᠠ ᠵᠢᠨ ᠬᠠᠮᠲᠤ ᠵᠢᠨ ᠣᠨᠣᠯ᠎ᠤᠨ ᠰᠤᠷᠤᠯᠴᠠᠯᠭ᠎ᠠ ᠵᠢ ᠥᠷᠨᠢᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠵᠶ᠋ᠠᠨ ᠰᠤᠯᠢᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠤᠯᠤᠰ ᠲᠥᠷᠥ ᠵᠢᠨ ᠲᠤᠪᠴᠢᠶ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ 2005 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠲᠤᠬᠠᠶ ᠰᠠᠨᠠᠯ ᠵᠶ᠋ᠠᠨ ᠰᠣᠯᠢᠯᠴᠠᠵᠤ ᠶᠠᠷᠢᠯᠴᠠᠪᠠ᠃
ᠨᠠᠮ᠎ᠤᠨ ᠭᠡᠰᠢᠭᠦᠨ ᠺᠠᠳ᠋ᠷᠴᠤᠳ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠤᠬᠠᠮᠰᠠᠷ ᠵᠶ᠋ᠠᠨ ᠴᠠᠭ᠋ᠠᠰᠢᠲᠠ ᠳᠡᠭᠡᠭᠰᠢᠯᠡᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠡᠷᠡᠰ ᠪᠠᠲᠤ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ᠎ᠢ ᠪᠠᠳᠠᠷᠠᠭᠤᠯᠬᠤ ᠵᠢ ᠪᠠᠷᠢᠮᠲᠠᠯᠠᠵᠤ᠂ ᠢᠮᠠᠭᠲᠠ ᠨᠠᠮ᠎ᠳᠤ᠎ᠪᠠᠨ ᠦᠨᠡᠨᠴᠢ ᠰᠢᠳᠤᠷᠭᠤ᠂ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠦᠨ᠎ᠡ᠃ ᠲᠡᠭᠦᠨᠴᠢᠯᠡᠨ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ᠎ᠤ ᠠᠵᠢᠯ᠎ᠤᠨ ᠲᠤᠬᠠᠶ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠰᠤᠳᠤᠯᠵᠤ᠂ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠰᠢᠯᠢᠳᠡᠭᠵᠢᠭᠦᠯᠦᠨ ᠨᠠᠷᠢᠯᠢᠬ᠍ᠵᠢᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭ᠋ᠠᠷᠳᠠᠯᠭ᠎ᠠ᠎ᠪᠠᠷ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠰᠢᠨ᠎ᠡ ᠨᠢᠭᠡ ᠵᠢᠯ᠎ᠳᠤ ᠰᠢᠨ᠎ᠡ ᠳᠦᠷᠰᠦ ᠪᠠᠢ᠌ᠳᠠᠯ ᠰᠢᠨ᠎ᠡ ᠡᠭᠦᠷᠭᠡᠯᠡᠯ ᠵᠶ᠋ᠡᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠬᠦᠯᠦᠨ᠎ᠠ ᠭᠡᠵᠦ ᠢᠯᠡᠳᠬᠡᠵᠡᠭᠡᠪᠡ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ