ᠤᠯᠤᠰ᠎ᠤᠨ ᠦᠨᠳᠦᠰᠦᠲᠡᠨ᠎ᠤ ᠵᠦᠪᠯᠡᠯ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ᠎ᠤ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 5 ᠳ᠋ᠤᠭ᠋ᠠᠷ ᠰᠠᠷ᠎ᠠ ᠵᠢᠨ ᠰᠡᠭᠦᠯᠴᠢ᠎ᠪᠠᠷ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠤᠯᠬᠤ · ᠥᠪᠥᠷ ᠮᠣᠩᠭᠣᠯ᠎ᠳᠠᠬᠢ ᠠᠶᠠᠯᠠᠯ》 ᠤᠨ ᠠᠵᠢᠯᠯᠠᠭ᠎ᠠ ᠥᠷᠨᠢᠭᠦᠯᠵᠦ᠂ ᠤᠯᠤᠰ᠎ᠤᠨ ᠳᠣᠲᠣᠭ᠋ᠠᠳᠤ ᠵᠢᠨ ᠠᠷᠠᠳ᠎ᠠᠴᠠ ᠡᠵᠡᠩᠨᠡᠭᠰᠡᠨ ᠨᠡᠷᠡᠳᠦ ᠠᠵᠤ ᠠᠬᠤᠢ᠌ᠯᠠᠯ᠎ᠢ ᠥᠷᠭᠡᠨ ᠵᠶ᠋ᠡᠷ ᠤᠷᠢᠵᠤ ᠥᠪᠥᠷ ᠮᠣᠩᠭᠣᠯ᠎ᠳᠤ ᠪᠠᠢ᠌ᠴᠠᠭ᠋ᠠᠨ ᠦᠵᠡᠵᠦ ᠂ ᠪᠡᠯᠡ ᠣᠷᠣᠭᠤᠯᠤᠨ ᠦᠢ᠍ᠯᠡᠰ ᠪᠤᠰᠬᠠᠵᠦ᠂ ᠬᠢᠯᠢ ᠬᠢᠵᠠᠭ᠋ᠠᠷ ᠣᠷᠣᠨ ᠪᠣᠯᠣᠨ ᠳᠣᠲᠣᠷ᠎ᠠ ᠭᠠᠵᠠᠷ᠎ᠤᠨ ᠨᠡᠪᠳᠡᠷᠡᠯᠴᠡᠭᠡ ᠶᠠᠪᠤᠯᠴᠠᠭ᠎ᠠ ᠪᠣᠯᠣᠨ ᠠᠵᠤ ᠠᠬᠤᠢ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ ᠣᠷᠣᠨ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ ᠣᠷᠣᠨ᠎ᠢ ᠪᠡᠬᠢᠵᠢᠭᠦᠯᠬᠦ᠎ᠳᠤ ᠬᠦᠴᠦᠨ ᠨᠡᠮᠡᠷᠢᠯᠡᠬᠦ ᠪᠤᠯᠤᠨ᠎ᠠ᠃
《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠤᠷᠤᠭᠤᠯᠬᠤ᠂ ᠥᠪᠥᠷ ᠮᠣᠩᠭᠣᠯ᠎ᠳᠠᠬᠢ ᠠᠶᠠᠯᠠᠯ》᠎ᠤᠨ ᠠᠵᠢᠯᠯᠠᠭ᠎ᠠ ᠵᠢ ᠰᠠᠢ᠌ᠲᠤᠷ ᠡᠷᠬᠢᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠢ᠌ᠷ᠎ᠠ ᠵᠢᠨ ᠬᠤᠭᠤᠴᠠᠭ᠋ᠠᠨ᠎ᠳᠤ ᠵᠠᠯᠭ᠋ᠠᠭ᠎ᠠ᠎ᠪᠠᠷ 3 ᠲᠠᠯᠠᠪᠠᠢ ᠬᠤᠳᠠᠯᠳᠤᠭ᠋ᠠᠴᠢᠨ ᠤᠷᠢᠬᠤ ᠶᠠᠷᠢᠯᠴᠠᠬᠤ ᠬᠤᠷᠠᠯ᠎ᠢ ᠡᠷᠬᠢᠯᠡᠬᠦ᠎ᠪᠠᠷ ᠪᠠᠢ᠌ᠭ᠎ᠠ ᠪᠥᠭᠡᠳ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠠᠢ᠌ᠷᠢᠰᠢᠭᠤᠯᠤᠯᠳᠠ ᠤᠨᠴᠠᠭ᠋ᠠᠢ᠌ᠯᠠᠨ ᠠᠷᠪᠠᠨ ᠶᠡᠬᠡ ᠠᠵᠤ ᠦᠢ᠍ᠯᠡᠰ᠎ᠤᠨ ᠪᠦᠯᠦᠭᠯᠡᠯ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠪᠦᠬᠦ ᠣᠷᠣᠨ᠎ᠤ 12 ᠠᠢ᠌ᠮᠠᠭ ᠬᠣᠲᠠ ᠵᠢ ᠵᠣᠬᠢᠶᠠᠨ ᠪᠠᠢ᠌ᠭᠤᠯᠵᠤ᠂ ᠤᠳᠤ ᠦᠶ᠎ᠡ ᠵᠢᠨ ᠲᠤᠨᠤᠬᠯᠠᠯ ᠦᠢ᠍ᠯᠡᠳᠬᠦ᠂ ᠰᠢᠨ᠎ᠡ ᠡᠨᠧᠷᠭᠢ᠂ ᠰᠢᠨ᠎ᠡ ᠮᠠᠲᠸᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠪᠣᠬᠢᠷᠲᠤᠯ ᠦᠭᠡᠢ ᠲᠠᠷᠢᠶᠠᠯᠠᠩ᠎ᠤᠨ ᠪᠦᠳᠦᠭᠡᠭᠳᠦᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ᠂ ᠠᠮᠢᠳᠤ ᠪᠣᠳᠠᠰ᠎ᠤᠨ ᠦᠢ᠍ᠯᠡᠳᠪᠦᠷᠢᠯᠡᠯ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠲᠣᠭ᠋ᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠴᠠᠷᠠᠭ᠎ᠠ ᠬᠦᠷᠢᠶ᠎ᠡ ᠵᠢᠨ ᠲᠣᠭᠣᠷᠢᠨ᠎ᠳᠤ᠂ ᠵᠠᠬᠢᠶᠠᠯᠠᠭ᠎ᠠ ᠵᠢᠨ ᠬᠡᠯᠪᠡᠷᠢ ᠵᠢᠨ ᠬᠠᠨᠳᠤᠯᠭ᠋ᠠᠲᠤ ᠵᠣᠯᠭ᠋ᠠᠯᠴᠠᠭ᠎ᠠ ᠵᠢ ᠥᠷᠨᠢᠭᠦᠯᠵᠦ᠂ ᠪᠦᠬᠦ ᠤᠯᠤᠰ᠎ᠤᠨ ᠡᠯ᠎ᠡ ᠭᠠᠵᠠᠷ᠎ᠤᠨ ᠠᠷᠠᠳ᠎ᠠᠴᠠ ᠡᠵᠡᠩᠨᠡᠭᠰᠡᠨ ᠰᠢᠯᠢᠳᠡᠭ ᠠᠵᠤ ᠠᠬᠤᠢ᠌ᠯᠠᠯ ᠥᠪᠥᠷ ᠮᠣᠩᠭᠣᠯ᠎ᠢ ᠭᠦᠨᠵᠡᠭᠡᠢ ᠣᠢ᠌ᠯᠠᠭ᠋ᠠᠵᠤ ᠂ ᠥᠪᠥᠷ ᠮᠣᠩᠭᠣᠯ᠎ᠳᠤ ᠪᠡᠯᠡ ᠣᠷᠣᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠡᠩ ᠴᠢᠩᠭ᠎ᠠ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠨᠡᠮᠡᠷᠢᠯᠡᠨ᠎ᠡ᠃

3 ᠲᠠᠯᠠᠪᠠᠢ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠦᠨᠳᠦᠰᠦᠲᠡᠨ᠎ᠤ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ᠎ᠤ ᠭᠠᠳᠠᠨᠠᠬᠢ ᠬᠡᠷᠡᠭ ᠡᠷᠬᠢᠯᠡᠬᠦ ᠭᠠᠵᠠᠷ ᠬᠠᠮᠳᠤ᠎ᠪᠠᠷ ᠳᠠᠭ᠋ᠠᠭ᠋ᠠᠴᠢᠯᠠᠨ ᠡᠷᠬᠢᠯᠡᠨ᠎ᠡ ᠃ 5 ᠳ᠋ᠤᠭ᠋ᠠᠷ ᠰᠠᠷ᠎ᠠ ᠵᠢᠨ 15᠎ᠤ ᠡᠳᠦᠷ ᠪᠡᠭᠡᠵᠢᠩ᠎ᠳᠤ ᠶᠠᠪᠤᠭᠳᠠᠭᠰᠠᠨ ᠪᠡᠭᠡᠵᠢᠩ ᠲᠢᠶᠠᠨᠵᠢᠨ ᠡᠾᠸᠪᠸᠢ ᠵᠢᠨ ᠬᠤᠳᠠᠯᠳᠤᠭ᠋ᠠᠴᠢᠨ ᠤᠷᠢᠬᠤ ᠲᠤᠰᠬᠠᠢ ᠲᠠᠯᠠᠪᠠᠢ ᠠᠵᠢᠯᠯᠠᠭ᠎ᠠ᠎ᠳᠤ᠂ ᠵᠢᠩ ᠳ᠋ᠦᠩ᠂ ᠠ ᠯᠢ ᠪᠠ ᠪᠠ᠂ ᠺᠤᠸᠠᠢ ᠱᠸᠦ᠂ ᠳ᠋ᠠ ᠪᠧᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠴᠢ ᠠᠨ ᠰᠢᠨ᠂ ᠦ᠋ ᠮᠧᠢ ᠬᠤᠳᠠᠯᠳᠤᠭ᠎ᠠ ᠵᠡᠷᠭᠡ 30 ᠭᠠᠷᠤᠢ ᠠᠷᠠᠳ᠎ᠠᠴᠠ ᠡᠵᠡᠩᠨᠡᠭᠰᠡᠨ ᠨᠡᠷᠡᠳᠦ ᠠᠵᠤ ᠠᠬᠤᠢ᠌ᠯᠠᠯ᠎ᠢ ᠤᠷᠢᠵᠤ ᠤᠷᠤᠯᠴᠠᠭᠤᠯᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠬᠡᠬᠣᠲᠠ᠂ ᠬᠢᠩᠭ᠋ᠠᠨ ᠠᠢ᠌ᠮᠠᠭ᠂ ᠲᠦᠩᠯᠢᠶᠣᠣ ᠬᠣᠲᠠ᠂ ᠪᠠᠶᠠᠨᠨᠠᠭᠤᠷ ᠬᠣᠲᠠ ᠲᠣᠰ ᠲᠣᠰ ᠬᠤᠳᠠᠯᠳᠤᠭ᠋ᠠᠴᠢᠨ ᠤᠷᠢᠬᠤ ᠲᠠᠨᠢᠯᠴᠠᠭᠤᠯᠭ᠎ᠠ ᠬᠢᠪᠡ᠃ ᠵᠧᠩ ᠳ᠋ᠡ ᠪᠦᠯᠦᠭᠯᠡᠯ᠂ ᠬᠤᠸᠨ ᠳ᠋ᠠ ᠪᠦᠯᠦᠭᠯᠡᠯ᠂ ᠵᠦᠩ ᠮᠦ᠍ ᠠᠵᠤ ᠦᠢ᠍ᠯᠡᠰ᠎ᠤᠨ ᠬᠤᠪᠢ ᠤᠷᠤᠭᠤᠯᠤᠭᠰᠠᠨ ᠬᠢᠵᠠᠭ᠋ᠠᠷᠳᠦ ᠺᠤᠮᠫᠠᠨᠢ᠂ ᠵᠢᠨ ᠢᠦᠢ ᠪᠦᠯᠦᠭᠯᠡᠯ ᠵᠡᠷᠭᠡ 4 ᠠᠵᠤ ᠠᠬᠤᠢ᠌ᠯᠠᠯᠲᠠᠨ᠎ᠤ ᠲᠥᠯᠥᠭᠡᠯᠡᠭᠴᠢ ᠶᠠᠷᠢᠶ᠎ᠠ ᠲᠠᠯᠪᠢᠵᠤ᠂ ᠡᠯ᠎ᠡ ᠬᠠᠮᠢᠶ᠎ᠠ ᠪᠦᠬᠦᠢ ᠠᠢ᠌ᠮᠠᠭ ᠬᠤᠳᠠ ᠪᠣᠯᠣᠨ ᠠᠵᠤ ᠠᠬᠤᠢ᠌ᠯᠠᠯ᠎ᠤᠨ᠎ᠬᠢᠨ ᠭᠦᠨᠵᠡᠭᠡᠢ ᠰᠣᠯᠢᠯᠴᠠᠭ᠎ᠠ ᠬᠡᠯᠡᠯᠴᠡᠭᠡᠷ ᠬᠢᠭᠰᠡᠨ ᠪᠥᠭᠡᠳ ᠠᠩᠬᠠᠨ᠎ᠤ ᠬᠠᠮᠲᠤᠷᠠᠯᠴᠠᠭ᠋ᠠᠨ᠎ᠤ ᠰᠠᠨᠠᠮᠵᠢ᠎ᠪᠠᠨ ᠲᠤᠬᠢᠷᠠᠯᠴᠠᠪᠠ᠃
ᠳᠠᠷᠠᠭ᠋ᠠᠴᠢ᠎ᠪᠠᠷ ᠂ ᠥᠪᠡᠷᠲᠡᠭᠡᠨ ᠵᠠᠰᠠᠬᠤ ᠣᠷᠣᠨ ᠪᠠᠰᠠ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ 2 ᠲᠠᠯᠠᠪᠠᠢ ᠬᠣᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ᠎ᠢ ᠡᠷᠬᠢᠯᠡᠵᠦ᠂ ᠥᠪᠥᠷ ᠮᠣᠩᠭᠣᠯ᠎ᠤᠨ ᠡᠯᠪᠡᠭ ᠪᠠᠶᠠᠯᠢᠭ ᠡᠬᠢ ᠪᠠᠶᠠᠯᠢᠭ᠎ᠤᠨ ᠳᠠᠪᠠᠭᠤᠯᠢᠭ᠂ ᠪᠦᠷᠢᠨ ᠲᠡᠭᠦᠯᠳᠡᠷ ᠠᠵᠤ ᠦᠢ᠍ᠯᠡᠰ᠎ᠤᠨ ᠲᠣᠭᠲᠠᠯᠴᠠᠭ᠎ᠠ ᠂ ᠰᠠᠢ᠌ᠨ ᠰᠠᠢ᠌ᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠵᠶ᠋ᠠᠷ ᠪᠦᠬᠦ ᠤᠯᠤᠰ᠎ᠤᠨ ᠡᠯ᠎ᠡ ᠭᠠᠵᠠᠷ᠎ᠤᠨ ᠠᠷᠠᠳ᠎ᠠᠴᠠ ᠡᠵᠡᠩᠨᠡᠭᠰᠡᠨ ᠰᠢᠯᠢᠳᠡᠭ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠳᠠᠢ᠌ᠴᠢᠯᠠᠵᠤ ᠂ ᠬᠠᠮᠳᠤ᠎ᠪᠠᠷ ᠠᠰᠢᠭ ᠬᠦᠷᠳᠡᠬᠦ ᠬᠥᠭᠵᠢᠯᠲᠡ ᠵᠢ ᠪᠡᠶᠡᠯᠡᠭᠦᠯᠦᠨ᠎ᠡ᠃