《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》 ᠵᠢᠨ ᠲᠤᠬᠠᠢ ᠲᠠᠢ᠌ᠯᠤᠮᠵᠢ
ᠨᠢᠭᠡ᠂ 《ᠠᠷᠭ᠎ᠠ》 ᠵᠢ ᠲᠣᠭᠲᠠᠭ᠋ᠠᠬᠤ ᠵᠢᠨ ᠴᠢᠬᠤᠯᠠ ᠴᠢᠨᠠᠷ
ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠰᠤᠳᠤᠯᠭ᠋ᠠᠨ᠎ᠢ ᠴᠢᠩᠭ᠋ᠠᠳᠬᠠᠬᠤ ᠵᠢᠨ ᠲᠦᠯᠦᠭᠡ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠬᠦᠯᠬᠦ) (ᠰᠠᠨᠠᠯ ᠬᠤᠷᠢᠶᠠᠬᠤ ᠨᠣᠣᠷᠠᠭ)》 ᠵᠢ ᠲᠤᠭᠳᠠᠭ᠋ᠠᠪᠠ᠃ ᠡᠨᠡ ᠪᠣᠯ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》᠎ᠳᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠰᠤᠳᠤᠯᠭ᠋ᠠᠨ᠎ᠤ ᠰᠢᠨᠵᠢᠯᠡᠭᠡᠨ᠎ᠤ ᠰᠢᠰᠲ᠋ᠧᠮ᠂ ᠡᠷᠳᠡᠮ ᠰᠢᠨᠵᠢᠯᠡᠭᠡᠨ᠎ᠤ ᠰᠢᠰᠲ᠋ᠧᠮ᠂ ᠦᠭᠡ ᠶᠠᠷᠢᠶᠠᠨ᠎ᠤ ᠰᠢᠰᠲ᠋ᠧᠮ᠎ᠢ ᠲᠡᠬᠦᠯᠳᠡᠷᠵᠢᠬᠦᠯᠵᠦ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023—2027)᠎ᠢ ᠭᠡᠷᠡᠭᠵᠢᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠬᠦᠷᠢᠶᠡᠯᠡᠩ᠎ᠢ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠭᠡᠷᠡᠭᠳᠡᠢ》 ᠭᠡᠵᠦ ᠱᠠᠭ᠋ᠠᠷᠳᠠᠭᠰᠠᠨ ᠪᠠᠢ᠌ᠨ᠎ᠠ᠃ 《ᠠᠷᠭ᠎ᠠ》 ᠵᠢ ᠲᠣᠭᠲᠠᠭ᠋ᠠᠨ ᠲᠠᠷᠬᠠᠭ᠋ᠠᠬᠰᠠᠨ᠎ᠨᠢ ᠯᠠᠪᠳᠠᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠡᠷᠭᠡ ᠦᠨᠳᠦᠰᠦᠲᠡᠨ᠎ᠤ ᠠᠵᠢᠯ᠎ᠤᠨ ᠴᠢᠬᠤᠯᠠ ᠶᠡᠬᠡ ᠤᠨᠤᠯ ᠲᠦᠷᠦ ᠵᠢᠨ ᠪᠣᠳᠣᠯᠭ᠎ᠠ ᠵᠢᠨ ᠰᠤᠳᠤᠯᠭ᠋ᠠᠨ᠎ᠢ ᠲᠦᠯᠬᠢᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠴᠢᠩᠭ᠋ᠠᠳᠬᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠴᠢᠬᠤᠯᠠ ᠶᠡᠬᠡ ᠰᠠᠭᠤᠷᠢ ᠵᠢᠨ ᠴᠢᠨᠠᠷᠲᠠᠢ᠂ ᠬᠡᠷᠡᠭᠯᠡᠭᠡᠨ᠎ᠤ ᠴᠢᠨᠠᠷᠲᠠᠢ ᠠᠰᠠᠭᠤᠳᠠᠯ ᠪᠣᠯᠣᠨ ᠪᠤᠳᠠᠳᠤ ᠠᠰᠠᠭᠤᠳᠠᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠪᠤᠯᠤᠨ᠎ᠠ᠃ ᠮᠦᠨ ᠴᠤ᠌ ᠯᠠᠪᠳᠠᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠤ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠶᠠᠰᠤ ᠴᠢᠨᠠᠷ᠎ᠢ ᠲᠡᠭᠡᠭᠰᠢᠯᠡᠬᠦᠯᠵᠦ᠂ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠮᠠᠨ᠎ᠤ ᠣᠷᠣᠨ᠎ᠤ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠡᠨ ᠦᠷᠭᠦᠯᠵᠢᠯᠡᠨ ᠪᠠᠲᠤᠯᠠᠬᠤ᠎ᠳᠤ ᠤᠨᠤᠯ᠎ᠤᠨ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃
ᠬᠣᠶᠠᠷ᠂ 《ᠠᠷᠭ᠎ᠠ》 ᠵᠢᠨ ᠭᠣᠣᠯ ᠠᠭᠤᠯᠭ᠎ᠠ
《ᠠᠷᠭ᠎ᠠ》 (ᠲᠤᠷᠰᠢᠨ ᠬᠡᠷᠡᠭᠵᠢᠭᠦᠯᠬᠦ)᠎ᠨᠢ ᠨᠡᠶ᠋ᠢᠲᠡ ᠨᠠᠢ᠍ᠮᠠᠨ ᠪᠦᠯᠦᠭ᠂ 37 ᠵᠦᠢ᠍ᠯ᠂ ᠭᠣᠣᠯᠳᠠᠭᠤ ᠳᠣᠣᠷᠠᠬᠢ ᠠᠭᠤᠯᠭ᠎ᠠ ᠵᠢ ᠲᠣᠭᠲᠠᠭ᠋ᠠᠪᠠ᠄
(ᠨᠢᠭᠡ) ᠨᠢᠭᠡᠳᠦᠭᠡᠷ ᠪᠦᠯᠦᠭ ᠶᠡᠷᠦᠩᠬᠡᠢ ᠳᠦᠷᠢᠮ᠎ᠤᠨ ᠬᠡᠰᠡᠭ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠰᠤᠳᠤᠯᠭ᠋ᠠᠨ᠎ᠤ ᠬᠠᠷᠠᠯᠲᠠ ᠱᠠᠭ᠋ᠠᠷᠳᠠᠯᠭ᠎ᠠ ᠵᠢ ᠴᠢᠩᠭ᠋ᠠᠳᠬᠠᠵᠤ᠂ 《ᠠᠷᠭ᠎ᠠ》 (ᠲᠤᠷᠰᠢᠨ ᠬᠡᠷᠡᠭᠵᠢᠭᠦᠯᠬᠦ) ᠵᠢ ᠲᠣᠭᠲᠠᠭ᠋ᠠᠬᠤ ᠦᠨᠳᠦᠰᠦᠯᠡᠯ᠂ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠰᠤᠳᠤᠯᠭ᠋ᠠᠨ᠎ᠤ ᠴᠢᠭᠯᠡᠯ᠂ ᠬᠠᠮᠢᠶᠠᠷᠤᠯᠲᠠ ᠵᠢᠨ ᠵᠠᠷᠴᠢᠮ᠂ ᠪᠡᠯᠡ ᠮᠥᠩᠭᠥ ᠵᠢᠨ ᠢᠷᠡᠯᠲᠡ ᠵᠡᠷᠭᠡ ᠵᠢ ᠲᠣᠳᠣᠷᠬᠠᠢ᠌ᠯᠠᠪᠠ᠃
(ᠬᠣᠶᠠᠷ) ᠬᠣᠶᠠᠳᠤᠭ᠋ᠠᠷ ᠪᠦᠯᠦᠭ ᠲᠦᠷᠦᠯ ᠵᠦᠢ᠍ᠯ᠎ᠤᠨ ᠠᠩᠭᠢᠯᠠᠯ᠎ᠤᠨ ᠬᠡᠰᠡᠭ᠃ ᠲᠤᠰ ᠬᠡᠰᠡᠭ᠎ᠲᠤ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠦᠷᠦᠯ ᠵᠦᠢ᠍ᠯ᠎ᠤᠨ ᠠᠩᠭᠢᠯᠠᠯ᠂ ᠭᠣᠣᠯ ᠠᠭᠤᠯᠭ᠎ᠠ ᠪᠠ ᠲᠦᠷᠦᠯ ᠵᠦᠢ᠍ᠯ᠎ᠢ ᠨᠡᠢ᠌ᠲᠡᠯᠡᠬᠦ ᠠᠷᠭ᠎ᠠ ᠬᠡᠯᠪᠡᠷᠢ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
(ᠭᠤᠷᠪᠠ) ᠭᠤᠷᠪᠠᠳᠤᠭ᠋ᠠᠷ ᠪᠦᠯᠦᠭ ᠡᠷᠡᠮᠡᠯᠵᠡᠯᠡᠬᠦ ᠪᠠ ᠲᠦᠷᠦᠯ ᠵᠦᠢ᠍ᠯ᠎ᠢ ᠲᠣᠭᠲᠠᠭ᠋ᠠᠬᠤ ᠬᠡᠰᠡᠭ᠃ ᠲᠣᠰ ᠬᠡᠰᠡᠭ᠎ᠲᠤ ᠲᠥᠷᠥᠯ ᠵᠦᠢ᠍ᠯ ᠬᠠᠷᠢᠭᠤᠴᠠᠭᠴᠢ ᠵᠢᠨ ᠡᠷᠡᠮᠡᠯᠵᠡᠯᠡᠨ ᠮᠡᠳᠡᠭᠦᠯᠬᠦ ᠨᠥᠬᠥᠴᠡᠯ᠂ ᠲᠥᠷᠥᠯ ᠵᠦᠢ᠍ᠯ᠎ᠢ ᠲᠣᠭᠲᠠᠭ᠋ᠠᠵᠤ ᠬᠢᠨᠠᠨ ᠲᠣᠭᠲᠠᠭ᠋ᠠᠬᠤ ᠶᠠᠪᠤᠴᠠ ᠪᠠ ᠱᠠᠭ᠋ᠠᠷᠳᠠᠯᠭ᠎ᠠ᠂ ᠡᠷᠡᠮᠡᠯᠵᠡᠯᠡᠨ ᠮᠡᠳᠡᠭᠦᠯᠬᠦ ᠵᠢ ᠬᠦᠴᠦᠨ ᠦᠭᠡᠢ ᠪᠤᠯᠭ᠋ᠠᠬᠤ ᠪᠠᠢ᠌ᠳᠠᠯ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
(ᠳᠥᠷᠪᠡ) ᠳᠥᠷᠪᠡᠳᠦᠭᠡᠷ ᠪᠦᠯᠦᠭ ᠶᠠᠪᠤᠴᠠ ᠵᠢᠨ ᠬᠠᠮᠢᠶᠠᠷᠤᠯᠲᠠ ᠪᠠ ᠲᠦᠷᠦᠯ ᠵᠦᠢ᠍ᠯ᠎ᠢ ᠳᠠᠭᠤᠰᠬᠠᠬᠤ ᠬᠡᠰᠡᠭ᠃ ᠲᠣᠰ ᠬᠡᠰᠡᠭ᠎ᠲᠤ ᠲᠥᠷᠥᠯ ᠵᠦᠢ᠍ᠯ᠎ᠤᠨ ᠰᠤᠳᠤᠯᠭ᠋ᠠᠨ᠎ᠤ ᠬᠤᠭᠤᠴᠠᠭ᠎ᠠ᠂ ᠮᠥᠷᠳᠡᠨ ᠬᠠᠮᠢᠶᠠᠷᠬᠤ᠂ ᠦᠷ᠎ᠡ ᠪᠦᠲᠦᠭᠡᠯ᠎ᠢ ᠬᠢᠨᠠᠨ ᠲᠣᠭᠲᠠᠭ᠋ᠠᠬᠤ᠂ ᠰᠢᠯᠭ᠋ᠠᠨ ᠬᠤᠷᠢᠶᠠᠵᠤ ᠲᠦᠷᠦᠯ ᠵᠦᠢ᠍ᠯ᠎ᠢ ᠳᠠᠭᠤᠰᠬᠠᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
(ᠲᠠᠪᠤ) ᠲᠠᠪᠤᠳᠤᠭ᠋ᠠᠷ ᠪᠦᠯᠦᠭ ᠵᠠᠷᠤᠳᠠᠯ ᠮᠥᠩᠭᠦ ᠵᠢᠨ ᠬᠠᠮᠢᠶᠠᠷᠤᠯᠲᠠ ᠵᠢᠨ ᠬᠡᠰᠡᠭ᠃ ᠲᠣᠰ ᠬᠡᠰᠡᠭ᠎ᠲᠤ ᠲᠦᠷᠦᠯ ᠵᠦᠢ᠍ᠯ᠎ᠤᠨ ᠵᠠᠷᠤᠳᠠᠯ ᠮᠥᠩᠭᠥ ᠵᠢ ᠲᠤᠬᠢᠷᠠᠭᠤᠯᠤᠨ ᠥᠭᠴᠦ ᠬᠡᠷᠡᠭᠯᠡᠭᠦᠯᠬᠦ᠂ ᠬᠢᠨᠠᠵᠤ ᠬᠠᠮᠢᠶᠠᠷᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
(ᠵᠢᠷᠭᠤᠭ᠎ᠠ) ᠵᠢᠷᠭᠤᠳᠤᠭ᠋ᠠᠷ ᠪᠦᠯᠦᠭ ᠦᠷ᠎ᠡ ᠪᠦᠲᠦᠭᠡᠯ᠎ᠤᠨ ᠬᠡᠷᠡᠭᠯᠡᠭᠡᠨ᠎ᠤ ᠬᠡᠰᠡᠭ᠃ ᠲᠣᠰ ᠬᠡᠰᠡᠭ᠎ᠲᠤ ᠰᠤᠳᠤᠯᠭ᠋ᠠᠨ᠎ᠤ ᠲᠦᠷᠦᠯ ᠵᠦᠢ᠍ᠯ᠎ᠤᠨ ᠦᠷ᠎ᠡ ᠪᠦᠲᠦᠭᠡᠯ᠎ᠢ ᠢᠯᠡᠷᠡᠭᠦᠯᠬᠦ ᠠᠷᠭ᠎ᠠ ᠬᠡᠯᠪᠡᠷᠢ᠂ ᠤᠯᠠᠷᠢᠭᠤᠯᠬᠤ ᠠᠷᠭ᠎ᠠ ᠬᠡᠯᠪᠡᠷᠢ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
(ᠲᠤᠯᠤᠭ᠎ᠠ) ᠳᠣᠯᠣᠳᠤᠭ᠋ᠠᠷ ᠪᠦᠯᠦᠭ ᠥᠮᠴᠢᠯᠡᠬᠦ ᠡᠷᠬᠡ ᠵᠢᠨ ᠬᠠᠷᠢᠶᠠᠯᠠᠯ ᠪᠠ ᠨᠢᠭᠤᠴᠠ ᠵᠢ ᠬᠠᠮᠠᠭ᠋ᠠᠯᠠᠬᠤ ᠬᠡᠰᠡᠭ᠃ ᠲᠣᠰ ᠬᠡᠰᠡᠭ᠎ᠲᠤ ᠰᠤᠳᠤᠯᠭ᠋ᠠᠨ᠎ᠤ ᠲᠦᠷᠦᠯ ᠵᠦᠢ᠍ᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠵᠢᠨ ᠬᠠᠷᠢᠶᠠᠯᠠᠯ᠂ ᠨᠢᠭᠤᠴᠠ ᠵᠢ ᠬᠠᠮᠠᠭ᠋ᠠᠯᠠᠬᠤ ᠠᠵᠢᠯ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄
ᠬᠡᠷᠪᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》᠎ᠳᠤ ᠣᠢ᠌ᠯᠠᠭ᠋ᠠᠬᠤ ᠦᠭᠡᠢ ᠵᠥᠢ᠍ᠯ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠣᠨᠣᠯ᠎ᠤᠨ ᠰᠤᠳᠤᠯᠭ᠋ᠠᠨ᠎ᠤ ᠭᠠᠵᠠᠷ᠎ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠵᠢᠨ ᠪᠣᠳᠣᠯᠭ᠎ᠠ ᠵᠢ ᠠᠰᠠᠭᠤᠨ ᠯᠠᠪᠯᠠᠬᠤ ᠤᠲᠠᠰᠤ᠄ 0471—6945429᠂ ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ᠄ ᠮᠧᠩ ᠵᠢᠶᠠᠩ᠃
ᠤᠭ ᠵᠣᠬᠢᠶᠠᠯ᠎ᠤᠨ ᠬᠤᠯᠪᠤᠭ᠋ᠠᠰᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》 ᠵᠢᠨ ᠲᠤᠬᠠᠢ ᠰᠠᠨᠠᠯ ᠬᠤᠷᠢᠶᠠᠬᠤ ᠠᠯᠪᠠᠨ ᠵᠠᠷᠯᠠᠯ
ᠣᠷᠴᠢᠭᠤᠯᠤᠭᠴᠢ᠄ ᠤᠷᠢᠬᠠᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ