ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠢᠭᠡ ᠵᠢᠷᠤᠭ ᠵᠶ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠳᠠ ᠵᠢ ᠠᠬᠢᠭᠤᠯᠬᠤ ᠲᠦᠷᠢᠮ》᠎ᠢ ᠤᠩᠰᠢᠨ ᠣᠢ᠌ᠯᠠᠭ᠋ᠠᠰᠤᠭ᠋ᠠᠢ
ᠨᠡᠶ᠋ᠢᠲᠡᠯᠡᠭᠰᠡᠨ ᠴᠠᠭ᠄ 2023-12-08

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠳᠠ ᠵᠢ ᠠᠬᠢᠭᠤᠯᠬᠤ ᠲᠦᠷᠢᠮ


      ᠥᠪᠥᠷ ᠮᠣᠩᠭᠣᠯ᠎ᠨᠢ ᠮᠠᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠡᠨᠧᠷᠭᠢ ᠵᠢᠨ ᠡᠬᠢ ᠪᠠᠶᠠᠯᠢᠭ᠎ᠤᠨ ᠲᠥᠷᠥᠯ ᠵᠦᠢᠯ ᠡᠯᠪᠡᠭ ᠪᠠᠶᠠᠯᠢᠭ ᠪᠠᠢ᠌ᠵᠤ᠂ ᠨᠡᠭᠦᠷᠡᠰᠦ᠂ ᠪᠠᠢ᠌ᠭ᠋ᠠᠯᠢ ᠵᠢᠨ ᠰᠢᠲᠠᠮᠠᠬᠠᠶ ᠬᠡᠶ᠂ ᠰᠠᠯᠬᠢᠨ᠎ᠤ ᠡᠨᠧᠷᠭᠢ ᠪᠤᠯᠤᠨ ᠨᠡᠷᠡᠨ᠎ᠤ ᠡᠨᠧᠷᠭᠢ ᠵᠡᠷᠭᠡ ᠡᠬᠢ ᠪᠠᠶᠠᠯᠢᠭ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠤᠯᠤᠰ᠎ᠤᠨ ᠠᠵᠤ ᠠᠬᠤᠶ ᠵᠢᠨ ᠬᠥᠭᠵᠢᠯᠲᠡ ᠵᠢ ᠲᠤᠯᠭ᠋ᠠᠭᠤᠷᠢᠯᠠᠬᠤ ᠪᠠ ᠡᠨᠧᠷᠭᠢ ᠵᠢᠨ ᠠᠮᠤᠷ ᠲᠦᠪᠰᠢᠨ᠎ᠤ ᠬᠠᠩᠭ᠋ᠠᠯᠭ᠎ᠠ ᠵᠢ ᠪᠠᠲᠤᠯᠠᠬᠤ ᠳᠤᠮᠳᠠ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ ᠶᠤᠮ᠃      ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ᠂ 《ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠵᠢ ᠶᠡᠬᠡ᠎ᠪᠠᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ ᠭᠠᠵᠠᠷ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ》 ᠬᠡᠵᠦ ᠴᠢᠬᠤᠯᠠᠴᠢᠯᠠᠪᠠ᠃ 

     

      ᠡᠨᠧᠷᠭᠢ ᠵᠢᠨ ᠠᠮᠤᠷ ᠲᠦᠪᠰᠢᠨ᠎ᠢ ᠪᠠᠲᠤᠯᠠᠨ᠎ᠠ
      ᠶᠡᠷᠦᠡᠭᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠥᠲᠥᠭᠡᠨ ᠪᠠᠢ᠌ᠭᠤᠯᠬᠤ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠵᠢ ᠰᠠᠢ᠌ᠲᠤᠷ ᠭᠦᠢ᠍ᠴᠡᠳᠬᠡᠨ᠎ᠡ᠃
      ᠨᠡᠬᠦᠷᠡᠰᠦᠨ᠎ᠤ ᠠᠮᠤᠷ ᠲᠦᠪᠰᠢᠨ᠎ᠢ ᠴᠢᠩᠭ᠋ᠠᠳᠬᠠᠵᠤ᠂ ᠪᠣᠬᠢᠷᠲᠤᠯ ᠥᠬᠡᠶ ᠤᠶᠤᠨᠴᠢᠯᠠᠭᠰᠠᠨ ᠠᠭᠤᠷᠬᠠᠢ᠌ᠯᠠᠯᠲᠠ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠲᠦᠪᠯᠡᠷᠡᠩᠬᠦᠢ ᠠᠰᠢᠭᠯᠠᠯᠲᠠ᠎ᠲᠠᠢ ᠪᠣᠯᠭ᠋ᠠᠵᠤ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠪᠥᠬᠥ ᠠᠵᠤ ᠦᠢᠯᠡᠰ᠎ᠤᠨ ᠬᠡᠯᠬᠢᠶᠡᠵᠢᠯ᠎ᠢ ᠪᠣᠶ ᠪᠣᠯᠭ᠋ᠠᠵᠤ᠂ ᠨᠡᠭᠦᠷᠡᠰᠦᠨ᠎ᠤ ᠲᠣᠭᠲᠠᠭᠤᠨ ᠭᠠᠷᠤᠯᠲᠠ ᠲᠣᠭᠲᠠᠭᠤᠨ ᠬᠠᠩᠭ᠋ᠠᠯᠲᠠ ᠵᠢ ᠪᠠᠲᠤᠯᠠᠬᠤ ᠪᠠ ᠤᠯᠠᠷᠢᠭᠤᠯᠬᠤ ᠥᠷᠲᠡᠭ᠎ᠢ᠎ᠨᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃
      ᠲᠣᠰᠤ ᠰᠢᠲᠠᠮᠠᠬᠠᠶ ᠬᠡᠢ ᠵᠢᠨ ᠡᠬᠢ ᠪᠠᠶᠠᠯᠢᠭ᠎ᠢ ᠬᠠᠢ᠌ᠨ ᠪᠠᠢ᠌ᠴᠠᠭ᠋ᠠᠵᠤ ᠨᠡᠭᠡᠭᠡᠨ ᠬᠥᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠣᠰᠤ ᠰᠢᠲᠠᠮᠠᠬᠠᠶ ᠬᠡᠢ ᠵᠢᠨ ᠨᠥᠭᠡᠴᠡᠯᠡᠯᠲᠡ ᠵᠢ ᠨᠡᠮᠡᠭᠳᠡᠭᠦᠯᠵᠦ᠂ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
      ᠰᠢᠨ᠎ᠡ ᠡᠨᠧᠷᠭᠢ ᠵᠢ ᠨᠡᠭᠡᠭᠡᠨ ᠠᠰᠢᠭᠯᠠᠬᠤ ᠵᠢ ᠡᠨᠧᠷᠭᠢ ᠵᠢᠨ ᠬᠥᠭᠵᠢᠯᠲᠡ ᠵᠢᠨ ᠲᠡᠷᠢᠭᠦᠨ ᠪᠠᠢ᠌ᠷᠢᠨ᠎ᠳᠤ ᠲᠠᠯᠪᠢᠵᠤ᠂ ᠰᠢᠨ᠎ᠡ ᠡᠨᠧᠷᠭᠢ ᠵᠢ ᠨᠡᠭᠡᠭᠡᠨ ᠠᠰᠢᠭᠯᠠᠬᠤ ᠶᠡᠷᠦᠩᠬᠡᠶ ᠬᠡᠮᠵᠢᠶᠡᠨ᠎ᠤ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠰᠢᠨ᠎ᠠ ᠡᠨᠧᠷᠭᠢ ᠵᠢᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠠᠬᠢᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ᠎ᠢ ᠪᠠᠳᠠᠷᠠᠭᠤᠯᠵᠤ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢ ᠪᠦᠬᠦ ᠬᠦᠴᠦᠨ ᠵᠶ᠋ᠡᠷ ᠬᠥᠭᠵᠢᠭᠦᠯᠦᠨ᠎ᠡ᠃
      ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠬᠤ᠂ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠵᠦᠶ ᠵᠣᠬᠢᠰᠲᠠᠶ ᠡᠮᠬᠢ ᠵᠢᠷᠤᠮ᠎ᠲᠠᠢ ᠨᠡᠭᠡᠭᠡᠨ ᠬᠥᠭᠵᠢᠭᠦᠯᠬᠦ ᠵᠢ ᠠᠬᠢᠭᠤᠯᠵᠤ᠂ ᠨᠢᠭᠡᠳᠦᠯᠲᠡᠶ ᠲᠥᠯᠥᠪᠯᠡᠨ ᠨᠡᠭᠡᠭᠡᠨ ᠬᠥᠭᠵᠢᠭᠦᠯᠬᠦ ᠪᠠ ᠬᠠᠮᠠᠭ᠋ᠠᠯᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠬᠡ ᠬᠣᠷᠢᠭ᠎ᠠ ᠱᠤᠭᠤᠮ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠣᠷᠣᠨ ᠪᠦᠰᠡ ᠵᠢ ᠭᠦᠢᠴᠡᠳ ᠵᠣᠯᠭ᠋ᠠᠯᠳᠤᠭᠤᠯᠤᠨ᠎ᠠ᠃
      ᠬᠣᠪᠣᠷ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠵᠤ᠂ ᠬᠣᠪᠣᠷ ᠰᠢᠷᠣᠶ ᠵᠢᠨ ᠪᠦᠬᠦ ᠠᠵᠤ ᠦᠢᠯᠡᠰ᠎ᠤᠨ ᠬᠡᠯᠬᠢᠶᠡᠵᠢᠯ᠎ᠤᠨ ᠬᠥᠭᠵᠢᠯᠲᠡ ᠵᠢ ᠳᠦᠷᠢᠮᠵᠢᠭᠦᠯᠵᠦ᠂ ᠪᠦᠬᠦ ᠤᠯᠤᠰ᠎ᠤᠨ ᠬᠠᠮᠤᠭ᠎ᠤᠨ ᠶᠡᠬᠡ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠣᠯᠤᠨ ᠪᠦᠬᠦ ᠪᠥᠮᠪᠥᠷᠴᠡᠭ᠎ᠤᠨ ᠲᠡᠷᠢᠭᠦᠨ᠎ᠤ ᠬᠣᠪᠣᠷ ᠰᠢᠷᠣᠶ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠤᠨ᠎ᠠ᠃
      ᠠᠮᠤᠷ ᠲᠦᠪᠰᠢᠨ ᠨᠠᠢ᠌ᠳᠠᠪᠤᠷᠢᠳᠠᠢ ᠡᠨ᠋ᠸᠷᠬᠢ ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠰᠢᠰᠲᠸᠮ᠎ᠢ ᠪᠠᠢ᠌ᠭᠤᠯᠵᠤ᠂ ᠡᠨᠧᠷᠭᠢ ᠵᠢᠨ ᠦᠨᠳᠦᠰᠦᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠳᠬᠠᠵᠤ᠂ ᠡᠨᠧᠷᠭᠢ ᠵᠢᠨ ᠬᠠᠩᠭ᠋ᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠡᠨᠧᠷᠭᠢ ᠵᠢ ᠭᠠᠳᠠᠭᠰᠢ ᠬᠦᠷᠭᠡᠬᠦ ᠴᠢᠳᠠᠪᠤᠷᠢ ᠵᠢ ᠲᠤᠭᠳᠠᠪᠤᠷᠢᠵᠢᠭᠤᠯᠵᠤ᠂ ᠨᠡᠭᠦᠷᠡᠰᠦ ᠴᠠᠬᠢᠯᠭ᠋ᠠᠨ ᠲᠣᠰᠣ ᠬᠡᠢ ᠵᠢᠨ ᠠᠮᠤᠷ ᠲᠦᠪᠰᠢᠨ ᠪᠥᠭᠡᠳ ᠲᠣᠭᠲᠠᠭᠤᠨ ᠬᠠᠩᠭ᠋ᠠᠯᠭ᠎ᠠ ᠵᠢ ᠪᠠᠲᠤᠯᠠᠨ᠎ᠠ᠃ 

                   

                 ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ


        ᠣᠷᠴᠢᠭᠤᠯᠤᠭᠴᠢ᠄ ᠣᠶᠤᠨᠰᠡᠴᠡᠨ
        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ 

ᠢᠷᠡᠯᠲᠡ᠄ 《ᠤᠮᠠᠷᠠᠲᠤ ᠬᠢᠯᠢ ᠵᠢᠨ ᠰᠣᠶᠣᠯ》 ᠸᠢᠴᠠᠲ ᠳᠠᠪᠴᠠᠩ