ᠨᠢᠭᠡ᠂ ᠲᠣᠭᠲᠠᠭ᠋ᠠᠭᠰᠠᠨ ᠠᠬᠤᠢ ᠪᠠᠶ᠋ᠢᠳᠠᠯ
ᠡᠷᠡᠭᠦᠯ ᠡᠩᠬᠡ ᠳᠤᠮᠳᠠᠳᠤ ᠤᠯᠤᠰ᠎ᠢ ᠬᠡᠷᠡᠭᠵᠢᠭᠦᠯᠬᠦ᠂ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ᠎ᠪᠠᠷ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠣᠯᠯᠠᠭᠤᠯᠵᠤ᠂ ᠨᠡᠶ᠋ᠢᠭᠡᠮ᠎ᠤᠨ ᠬᠡᠷᠡᠭᠴᠡᠭᠡᠨ᠎ᠳᠤ ᠴᠢᠭᠯᠡᠭᠦᠯᠵᠦ᠂ ᠡᠷᠡᠭᠦᠯᠵᠢᠭᠦᠯᠬᠦ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠷᠡᠭᠦᠯᠵᠢᠭᠦᠯᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠡᠷᠡᠭᠦᠯᠵᠢᠭᠦᠯᠬᠦ ᠦᠢ᠍ᠯᠡᠴᠢᠯᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠤᠯᠠᠨ ᠲᠦᠮᠡᠨ᠎ᠤ ᠤᠯᠠᠨ ᠶᠠᠩᠵᠤᠲᠤ᠂ ᠵᠥᠷᠢᠶᠡᠲᠦ ᠡᠷᠡᠭᠦᠯᠵᠢᠭᠦᠯᠬᠦ ᠦᠢ᠍ᠯᠡᠴᠢᠯᠡᠭᠡᠨ᠎ᠤ ᠬᠡᠷᠡᠭᠴᠡᠭᠡ ᠵᠢ ᠠᠯᠬᠤᠮ ᠠᠯᠬᠤᠮ ᠵᠶ᠋ᠠᠷ ᠬᠠᠩᠭ᠋ᠠᠬᠤ ᠵᠢᠨ ᠲᠥᠯᠥᠭᠡ᠂ ᠭᠦᠨᠵᠡᠭᠡᠢ ᠪᠠᠶ᠋ᠢᠴᠠᠭ᠋ᠠᠨ ᠰᠤᠳᠤᠯᠵᠤ᠂ ᠥᠷᠭᠡᠨ ᠵᠶ᠋ᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ 《ᠡᠷᠡᠭᠦᠯᠵᠢᠭᠦᠯᠬᠦ ᠠᠵᠢᠯᠲᠠᠨ᠎ᠤ ᠪᠣᠯᠪᠠᠰᠤᠷᠠᠯ᠎ᠤᠨ ᠬᠥᠲᠥᠯᠪᠦᠷᠢ (2023 ᠣᠨ᠎ᠤ ᠬᠡᠪᠯᠡᠯ)》 ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠡᠯ᠎ᠡ ᠭᠠᠵᠠᠷ ᠪᠠ ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠤᠳᠤᠨ 《ᠡᠷᠡᠭᠦᠯᠵᠢᠭᠦᠯᠬᠦ ᠠᠵᠢᠯᠲᠠᠨ᠎ᠤ ᠪᠣᠯᠪᠠᠰᠤᠷᠠᠯ᠎ᠤᠨ ᠬᠥᠲᠥᠯᠪᠦᠷᠢ (2023 ᠣᠨ᠎ᠤ ᠬᠡᠪᠯᠡᠯ)》᠎ᠪᠠᠷ ᠯᠠᠪᠯᠠᠯᠲᠠ ᠪᠣᠯᠭ᠋ᠠᠨ᠂ ᠡᠷᠡᠭᠦᠯᠵᠢᠭᠦᠯᠬᠦ ᠠᠵᠢᠯᠲᠠᠨ᠎ᠤ ᠪᠣᠯᠪᠠᠰᠤᠷᠠᠯ᠎ᠢ ᠥᠷᠨᠢᠭᠦᠯᠦᠭᠡᠳ᠂ ᠡᠷᠡᠭᠦᠯᠵᠢᠭᠦᠯᠬᠦ ᠠᠵᠢᠯᠲᠠᠳ᠎ᠤᠨ ᠦᠢ᠍ᠯᠡᠴᠢᠯᠡᠬᠦ ᠴᠢᠳᠠᠪᠤᠷᠢ ᠵᠢ ᠤᠯᠠᠮ ᠳᠡᠭᠡᠭᠰᠢᠯᠡᠭᠦᠯᠪᠡ᠃
ᠬᠤᠶᠠᠷ᠂ ᠭᠤᠣᠯ ᠠᠭᠤᠯᠭ᠎ᠠ
《ᠡᠷᠡᠭᠦᠯᠵᠢᠭᠦᠯᠬᠦ ᠠᠵᠢᠯᠲᠠᠨ᠎ᠤ ᠪᠣᠯᠪᠠᠰᠤᠷᠠᠯ᠎ᠤᠨ ᠬᠥᠲᠥᠯᠪᠦᠷᠢ (2023 ᠣᠨ᠎ᠤ ᠬᠡᠪᠯᠡᠯ)》᠎ᠳᠤ ᠪᠣᠯᠪᠠᠰᠤᠷᠠᠯ᠎ᠤᠨ ᠬᠠᠷᠠᠯᠲᠠ᠂ ᠡᠲᠡᠭᠡᠳ᠂ ᠴᠠᠭ᠂ ᠬᠡᠯᠪᠡᠷᠢ ᠪᠠ ᠠᠷᠭ᠎ᠠ᠂ ᠪᠣᠯᠪᠠᠰᠤᠷᠠᠯ᠎ᠤᠨ ᠠᠭᠤᠯᠭ᠎ᠠ ᠪᠠ ᠱᠠᠭ᠋ᠠᠷᠳᠠᠯᠭ᠎ᠠ ᠵᠡᠷᠭᠡ ᠵᠢ ᠲᠣᠳᠣᠷᠬᠠᠢ ᠲᠣᠭᠲᠠᠭ᠋ᠠᠵᠠᠢ᠃ ᠭᠤᠣᠯᠳᠠᠭᠤ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠨ᠎ᠡ᠎ᠪᠠᠷ ᠠᠵᠢᠯ᠎ᠳᠤ ᠭᠠᠷᠤᠭᠰᠠᠨ ᠡᠷᠡᠭᠦᠯᠵᠢᠭᠦᠯᠬᠦ ᠠᠵᠢᠯᠲᠠᠨ᠂ ᠠᠵᠢᠯ᠎ᠤᠨ ᠪᠠᠶ᠋ᠢᠷᠢ ᠰᠢᠯᠵᠢᠭᠰᠡᠨ᠎ᠤ ᠳᠠᠷᠠᠭ᠎ᠠ ᠡᠷᠡᠭᠦᠯᠵᠢᠭᠦᠯᠬᠦ ᠡᠮᠴᠢᠯᠡᠭᠡ ᠬᠢᠵᠦ ᠪᠠᠶ᠋ᠢᠭ᠎ᠠ ᠠᠵᠢᠯᠲᠠᠨ᠂ ᠠᠵᠢᠯ᠎ᠤᠨ ᠪᠠᠶ᠋ᠢᠷᠢᠨ᠎ᠳᠤ ᠪᠠᠶ᠋ᠢᠭ᠎ᠠ ᠠᠩᠬ᠎ᠠ ᠵᠡᠷᠭᠡ ᠵᠢᠨ ᠵᠢᠴᠢ ᠲᠡᠭᠦᠨ᠎ᠠᠴᠠ ᠳᠣᠷᠣᠭᠰᠢᠬᠢ ᠮᠡᠷᠭᠡᠵᠢᠯ᠎ᠤᠨ ᠴᠣᠯᠠ᠎ᠲᠠᠢ ᠡᠷᠡᠭᠦᠯᠵᠢᠭᠦᠯᠬᠦ ᠠᠵᠢᠯᠲᠠᠨ᠎ᠳᠤ ᠦᠨᠳᠦᠰᠦᠨ ᠣᠨᠣᠯ᠂ ᠡᠷᠡᠭᠦᠯᠵᠢᠬᠦ ᠵᠢ ᠦᠨᠡᠯᠡᠨ ᠲᠣᠭᠲᠠᠭ᠋ᠠᠬᠤ᠎ᠳᠤ ᠪᠠᠶ᠋ᠢᠩᠭᠤ ᠬᠡᠷᠡᠭᠯᠡᠭᠳᠡᠬᠦ ᠠᠷᠭ᠎ᠠ᠂ ᠪᠠᠶ᠋ᠢᠩᠭᠤ ᠬᠡᠷᠡᠭᠯᠡᠭᠳᠡᠬᠦ ᠡᠷᠡᠭᠦᠯᠵᠢᠭᠦᠯᠬᠦ ᠮᠡᠷᠭᠡᠵᠢᠯ ᠵᠢᠴᠢ ᠪᠠᠶ᠋ᠢᠩᠭᠤ ᠲᠣᠬᠢᠶᠠᠯᠳᠤᠬᠤ ᠡᠪᠡᠳᠴᠢᠨ᠎ᠤ ᠴᠢᠳᠠᠮᠵᠢ ᠵᠢᠨ ᠰᠠᠭ᠋ᠠᠳ᠎ᠢ ᠡᠷᠡᠭᠦᠯᠵᠢᠭᠦᠯᠬᠦ ᠬᠠᠮᠢᠶ᠎ᠠ ᠪᠦᠬᠦᠢ ᠣᠨᠣᠯ ᠪᠠ ᠮᠡᠷᠭᠡᠵᠢᠯ ᠵᠡᠷᠭᠡ ᠵᠢᠨ ᠪᠣᠯᠪᠠᠰᠤᠷᠠᠯ᠎ᠢ ᠥᠷᠨᠢᠭᠦᠯᠵᠦ᠂ ᠲᠡᠳᠡᠨ᠎ᠢ ᠠᠷᠠᠳ ᠣᠯᠠᠨ᠎ᠳᠤ ᠨᠠᠩ ᠮᠡᠷᠭᠡᠵᠢᠯ᠎ᠤᠨ᠂ ᠵᠢᠷᠤᠮᠵᠢᠭᠰᠠᠨ ᠡᠷᠡᠭᠦᠯᠵᠢᠭᠦᠯᠦᠨ ᠵᠠᠰᠠᠬᠤ ᠦᠢ᠍ᠯᠡᠴᠢᠯᠡᠭᠡ ᠬᠠᠩᠭ᠋ᠠᠵᠤ ᠴᠢᠳᠠᠬᠤ ᠪᠣᠯᠭ᠋ᠠᠨ᠎ᠠ᠃