ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠵᠦᠭᠯᠡᠭᠦᠷ (ᠲᠤᠷᠰᠢᠨ ᠬᠡᠷᠡᠭᠵᠢᠭᠦᠯᠬᠦ)》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2023-12-11

    ᠨᠢᠭᠡ᠂ ᠲᠣᠭᠲᠠᠭ᠋ᠠᠭᠰᠠᠨ ᠠᠬᠤᠢ ᠪᠠᠶ᠋ᠢᠳᠠᠯ
    ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠠᠭᠤᠯᠭ᠎ᠠ ᠵᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠭᠦᠨᠵᠡᠭᠡᠢ ᠪᠠᠶ᠋ᠢᠴᠠᠭ᠋ᠠᠨ ᠰᠣᠳᠣᠯᠵᠤ᠂ ᠥᠷᠭᠡᠨ ᠵᠶ᠋ᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠤᠯᠤᠰ᠎ᠤᠨ ᠬᠢᠲᠠᠳ ᠡᠮ ᠡᠮᠨᠡᠯᠭᠡ ᠵᠢᠨ ᠲᠣᠪᠴᠢᠶ᠎ᠠ ᠪᠠ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠲᠣᠪᠴᠢᠶ᠎ᠠ᠎ᠲᠠᠢ ᠬᠠᠮᠲᠤᠷᠠᠨ 《ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠵᠦᠭᠯᠡᠭᠦᠷ (ᠲᠤᠷᠰᠢᠨ ᠬᠡᠷᠡᠭᠵᠢᠭᠦᠯᠬᠦ)》 (ᠳᠣᠷᠣᠭᠰᠢ 《ᠵᠦᠭᠯᠡᠭᠦᠷ》 ᠭᠡᠵᠦ ᠲᠣᠪᠴᠢᠯᠠᠨ᠎ᠠ)᠎ᠢ ᠰᠤᠳᠤᠯᠤᠨ ᠲᠣᠭᠲᠠᠭ᠋ᠠᠪᠠ᠃ 《ᠵᠦᠭᠯᠡᠭᠦᠷ》᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠪᠠᠷᠢᠮᠵᠢᠶ᠎ᠡ ᠵᠢᠷᠤᠮᠵᠢᠯ᠎ᠢ ᠯᠠᠪᠯᠠᠨ᠂ ᠪᠦᠬᠦ ᠲᠠᠯᠠᠲᠤ ᠴᠢᠨᠠᠷ᠂ ᠣᠨᠣᠪᠴᠢᠲᠤ ᠴᠢᠨᠠᠷ᠂ ᠬᠤᠭᠤᠴᠠᠭ᠋ᠠᠲᠤ ᠴᠢᠨᠠᠷ ᠪᠠ ᠬᠡᠷᠡᠭᠯᠡᠭᠡᠨ᠎ᠤ ᠴᠢᠨᠠᠷ ᠵᠡᠷᠭᠡ ᠵᠠᠷᠴᠢᠮ᠎ᠤᠳ᠎ᠢ ᠵᠢᠷᠤᠮᠯᠠᠭᠰᠠᠨ ᠪᠥᠭᠡᠳ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠭᠡᠷ ᠪᠠ ᠨᠡᠶ᠋ᠢᠭᠡᠮ ᠲᠣᠭᠤᠷᠢᠭ᠎ᠤᠨ ᠣᠷᠴᠢᠨ᠎ᠳᠤ ᠬᠠᠩᠭ᠋ᠠᠬᠤ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠠᠭᠤᠯᠭ᠎ᠠ ᠬᠢᠭᠡᠳ ᠱᠠᠭ᠋ᠠᠷᠳᠠᠯᠭ᠎ᠠ ᠵᠢ ᠵᠢᠷᠤᠮᠵᠢᠭᠤᠯᠵᠠᠢ᠃
    ᠬᠤᠶᠠᠷ᠂ ᠭᠤᠣᠯ ᠠᠭᠤᠯᠭ᠎ᠠ
    《ᠵᠦᠭᠯᠡᠭᠦᠷ》᠎ᠲᠤ ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠶᠡᠷᠦᠩᠬᠡᠢ ᠳᠦᠷᠢᠮ᠂ ᠦᠨᠳᠦᠰᠦᠨ ᠱᠠᠭ᠋ᠠᠷᠳᠠᠯᠭ᠎ᠠ᠂ ᠦᠢ᠍ᠯᠡᠴᠢᠯᠡᠭᠡᠨ᠎ᠤ ᠠᠭᠤᠯᠭ᠎ᠠ ᠬᠢᠭᠡᠳ ᠱᠠᠭ᠋ᠠᠷᠳᠠᠯᠭ᠎ᠠ᠂ ᠦᠢ᠍ᠯᠡᠴᠢᠯᠡᠭᠡᠨ᠎ᠤ ᠶᠠᠪᠤᠴᠠ ᠬᠢᠭᠡᠳ ᠱᠠᠭ᠋ᠠᠷᠳᠠᠯᠭ᠎ᠠ ᠵᠡᠷᠭᠡ 4 ᠲᠠᠯ᠎ᠠ ᠵᠢ ᠲᠣᠳᠣᠷᠬᠠᠢ ᠵᠢᠷᠤᠮᠵᠢᠭᠤᠯᠵᠠᠢ᠃ ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠭᠡᠳᠡᠭ ᠪᠣᠯ ᠨᠥᠬᠦᠴᠡᠯ᠎ᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠣᠯᠠᠨ ᠵᠦᠢ᠍ᠯ᠎ᠤᠨ ᠠᠷᠭ᠎ᠠ᠎ᠪᠠᠷ ᠭᠡᠷ᠎ᠲᠤ᠎ᠪᠠᠨ ᠪᠠ ᠨᠡᠶ᠋ᠢᠭᠡᠮ ᠲᠣᠭᠤᠷᠢᠭ᠎ᠲᠤ᠎ᠪᠠᠨ ᠠᠰᠠᠷᠠᠭᠤᠯᠵᠤ ᠪᠠᠶ᠋ᠢᠭ᠎ᠠ ᠨᠠᠰᠤᠲᠠᠶ᠋ᠢᠴᠤᠳ᠎ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠣᠶ᠂ ᠲᠤᠰ ᠦᠢ᠍ᠯᠡᠴᠢᠯᠡᠭᠡ ᠵᠢ ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠡᠯ᠎ᠡ ᠱᠠᠲᠤᠨ᠎ᠤ ᠡᠯ᠎ᠡ ᠲᠦᠷᠦᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠬᠡᠷᠡᠭᠵᠢᠭᠦᠯᠬᠦ᠎ᠳᠤ ᠲᠣᠬᠢᠷᠠᠮᠵᠢᠲᠠᠢ᠂ ᠬᠤᠯᠪᠤᠭᠳᠠᠯ ᠪᠦᠬᠦᠢ ᠪᠠᠶ᠋ᠢᠭᠤᠯᠤᠮᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠎ᠨᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠵᠢᠨ ᠲᠣᠭᠲᠠᠭ᠋ᠠᠯ᠎ᠢ ᠬᠡᠷᠡᠭᠵᠢᠭᠦᠯᠪᠡᠯ ᠵᠣᠬᠢᠬᠤ ᠵᠢ ᠶᠡᠷᠦᠩᠬᠡᠢ ᠳᠦᠷᠢᠮ᠎ᠳᠤ ᠲᠣᠳᠤᠷᠬᠠᠶ᠋ᠢᠯᠠᠵᠠᠢ᠃ ᠦᠨᠳᠦᠰᠦᠨ ᠱᠠᠭ᠋ᠠᠷᠳᠠᠯᠭ᠎ᠠ᠎ᠳᠤ ᠪᠠᠶ᠋ᠢᠭᠤᠯᠤᠮᠵᠢ ᠵᠢᠨ ᠬᠢᠷᠢ ᠬᠡᠮ᠂ ᠪᠡᠯᠡᠳᠬᠡᠮᠵᠢ ᠲᠥᠬᠦᠭᠡᠷᠦᠮᠵᠢ ᠪᠠ ᠦᠢ᠍ᠯᠡᠴᠢᠯᠡᠬᠦ ᠠᠵᠢᠯᠲᠠᠨ᠎ᠤ ᠬᠢᠷᠢ ᠬᠡᠮ ᠵᠡᠷᠭᠡ 2 ᠲᠠᠯ᠎ᠠ ᠵᠢᠨ ᠠᠭᠤᠯᠭ᠎ᠠ᠎ᠳᠤ ᠴᠢᠭᠯᠡᠭᠦᠯᠦᠭᠰᠡᠨ ᠲᠣᠳᠣᠷᠬᠠᠢ ᠲᠣᠭᠲᠠᠭ᠋ᠠᠯ ᠭᠠᠷᠭ᠋ᠠᠪᠠ᠃ ᠭᠡᠷ ᠪᠠ ᠨᠡᠶ᠋ᠢᠭᠡᠮ ᠲᠣᠭᠤᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠠᠵᠢᠯ ᠡᠷᠭᠢᠯᠡᠬᠦ ᠵᠥᠪᠰᠢᠶᠡᠷᠡᠯ᠎ᠢ ᠬᠠᠤᠯᠢ ᠶᠣᠰᠣᠭ᠋ᠠᠷ ᠣᠯᠬᠤ ᠪᠤᠶᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ (ᠬᠢᠲᠠᠳ ᠡᠮ ᠡᠮᠨᠡᠯᠭᠡ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ)᠎ᠲᠤ ᠳᠠᠩᠰᠠᠯᠠᠭᠤᠯᠵᠤ᠂ ᠡᠮᠨᠡᠯᠭᠡ ᠵᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠣᠯᠭᠤᠭᠰᠠᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ ᠪᠤᠶᠤ ᠵᠣᠬᠢᠬᠤ ᠲᠤᠰᠬᠠᠢ ᠮᠡᠷᠭᠡᠵᠢᠯ᠎ᠤᠨ ᠵᠡᠷᠭᠡ ᠴᠤᠯᠠ ᠪᠠᠶ᠋ᠢᠬᠤ ᠬᠡᠷᠡᠭᠲᠡᠢ᠃ ᠦᠢ᠍ᠯᠡᠴᠢᠯᠡᠭᠡᠨ᠎ᠤ ᠠᠭᠤᠯᠭ᠎ᠠ ᠪᠠ ᠱᠠᠭ᠋ᠠᠷᠳᠠᠯᠭ᠎ᠠ᠎ᠳᠤ ᠡᠷᠡᠭᠦᠯ ᠮᠡᠨᠳᠦ ᠵᠢᠨ ᠬᠥᠮᠦᠵᠢᠯ᠂ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠦᠢ᠍ᠯᠡᠴᠢᠯᠡᠭᠡ᠂ ᠲᠣᠭᠤᠷᠢᠨ ᠡᠮᠴᠢᠯᠡᠬᠦ ᠦᠢ᠍ᠯᠡᠴᠢᠯᠡᠭᠡ᠂ ᠭᠡᠷ᠎ᠲᠤ᠎ᠪᠠᠨ ᠰᠠᠭᠤᠵᠤ ᠡᠮᠴᠢᠯᠡᠭᠦᠯᠬᠦ ᠡᠮᠴᠢᠯᠡᠬᠦ ᠦᠢ᠍ᠯᠡᠴᠢᠯᠡᠭᠡ᠂ ᠭᠡᠷ᠎ᠲᠤ᠎ᠨᠢ ᠬᠦᠷᠴᠦ ᠡᠮᠴᠢᠯᠡᠬᠦ ᠦᠢ᠍ᠯᠡᠴᠢᠯᠡᠭᠡ᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡ᠂ ᠰᠡᠳᠬᠢᠴᠡ ᠮᠡᠳᠡᠷᠡᠯ᠎ᠤᠨ ᠦᠢ᠍ᠯᠡᠴᠢᠯᠡᠭᠡ᠂ ᠰᠢᠯᠵᠢᠭᠦᠯᠦᠨ ᠡᠮᠴᠢᠯᠡᠬᠦ ᠦᠢ᠍ᠯᠡᠴᠢᠯᠡᠭᠡ ᠵᠡᠷᠭᠡ 8 ᠲᠥᠷᠥᠯ᠎ᠤᠨ ᠦᠢ᠍ᠯᠡᠴᠢᠯᠡᠭᠡᠨ᠎ᠤ ᠪᠣᠳᠠᠲᠠᠢ ᠠᠭᠤᠯᠭ᠎ᠠ ᠵᠢ ᠲᠣᠳᠣᠷᠬᠠᠢ ᠲᠣᠭᠲᠠᠭ᠋ᠠᠪᠠ᠃ ᠦᠢ᠍ᠯᠡᠴᠢᠯᠡᠭᠡᠨ᠎ᠤ ᠶᠠᠪᠤᠴᠠ ᠬᠢᠭᠡᠳ ᠱᠠᠭ᠋ᠠᠷᠳᠠᠯᠭ᠎ᠠ᠎ᠳᠤ ᠭᠤᠶᠤᠴᠢᠯᠠᠬᠤ᠂ ᠦᠨᠡᠯᠡᠨ ᠵᠢᠱ᠌ᠢᠬᠦ᠂ ᠪᠠᠶ᠋ᠢᠳᠠᠯ᠎ᠢ ᠮᠡᠳᠡᠵᠦ ᠵᠥᠪᠰᠢᠶᠡᠷᠡᠬᠦ᠂ ᠦᠢ᠍ᠯᠡᠴᠢᠯᠡᠬᠦ᠂ ᠲᠡᠮᠳᠡᠭᠯᠡᠬᠦ᠂ ᠳ᠋ᠦᠩᠨᠡᠨ ᠰᠠᠶ᠋ᠢᠵᠢᠷᠠᠭᠤᠯᠬᠤ ᠵᠡᠷᠭᠡ 6 ᠭᠤᠭᠴᠤᠭ᠎ᠠ ᠵᠢ ᠲᠣᠳᠣᠷᠬᠠᠢ ᠳᠤᠷᠠᠳᠤᠭᠰᠠᠨ ᠮᠥᠷᠲᠡᠭᠡᠨ 9 ᠵᠦᠢ᠍ᠯ᠎ᠤᠨ ᠱᠠᠭ᠋ᠠᠷᠳᠠᠯᠭ᠎ᠠ ᠳᠤᠷᠠᠳᠴᠠᠢ᠃
    
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ