ᠨᠢᠭᠡ᠂ ᠲᠣᠭᠲᠠᠭ᠋ᠠᠭᠰᠠᠨ ᠠᠬᠤᠢ ᠪᠠᠶ᠋ᠢᠳᠠᠯ
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠭᠤᠷᠪᠠᠨ ᠡᠵᠡᠮᠳᠡᠯ ᠱᠤᠭᠤᠮ᠎ᠢ ᠨᠢᠭᠡᠳᠦᠯᠲᠡᠢ ᠲᠥᠯᠥᠪᠯᠡᠨ ᠲᠣᠭᠲᠠᠭ᠋ᠠᠵᠤ ᠨᠠᠶ᠋ᠢᠳᠠᠪᠤᠷᠢᠵᠢᠭᠤᠯᠬᠤ ᠲᠤᠬᠠᠢ ᠵᠢᠯᠤᠭᠤᠳᠬᠤ ᠰᠠᠨᠠᠯ》᠎ᠢ ᠭᠦᠨᠵᠡᠭᠡᠢ ᠲᠤᠭᠤᠰᠢᠯᠠᠭᠤᠯᠵᠤ᠂ 《ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠠᠮᠢ ᠠᠬᠤᠢ ᠣᠷᠴᠢᠨ ᠲᠣᠭᠤᠷᠢᠨ᠎ᠤ ᠶᠠᠮᠤᠨ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ (ᠲᠤᠷᠰᠢᠨ ᠬᠡᠷᠡᠭᠵᠢᠭᠦᠯᠬᠦ)》 (ᠪᠠᠶ᠋ᠢᠭ᠋ᠠᠯᠢ ᠡᠬᠢ ᠪᠠᠶᠠᠯᠢᠭ ᠲᠠᠷᠬᠠᠭ᠋ᠠᠭᠰᠠᠨ [2022] 142 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠤᠨ᠂ ᠠᠮᠢ ᠠᠬᠤᠢ ᠵᠢᠨ ᠴᠢᠳᠠᠮᠵᠢ ᠵᠢ ᠪᠠᠲᠤᠯᠠᠨ ᠬᠠᠮᠠᠭ᠋ᠠᠯᠠᠵᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ 《ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠪᠠ)᠎ᠢ ᠳᠣᠭᠲᠠᠭ᠋ᠠᠵᠠᠢ᠃ 142 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠢᠯᠡ ᠨᠡᠶ᠋ᠢᠲᠡᠯᠡᠬᠦ ᠠᠷᠭ᠎ᠠ᠎ᠨᠢ ᠰᠠᠨᠠᠭ᠋ᠠᠴᠢᠯᠠᠭ᠎ᠠ᠎ᠠᠴᠠ᠎ᠪᠠᠨ ᠢᠯᠡ ᠨᠡᠶ᠋ᠢᠲᠡᠯᠡᠬᠦ ᠪᠣᠯᠤᠨ᠎ᠠ᠂ 《ᠬᠡᠷᠡᠭᠵᠢᠭᠦᠯᠬᠦ ᠰᠠᠨᠠᠯ》 ᠲᠣᠰ ᠪᠢᠴᠢᠭ ᠮᠠᠲ᠋ᠧᠷᠢᠶᠠᠯ᠎ᠢ ᠦᠨᠳᠦᠰᠦᠯᠡᠨ ᠳᠣᠭᠲᠠᠭ᠋ᠠᠭᠰᠠᠨ ᠤᠴᠢᠷ ᠰᠠᠨᠠᠭ᠋ᠠᠴᠢᠯᠠᠭ᠎ᠠ᠎ᠠᠴᠠ᠎ᠪᠠᠨ ᠢᠯᠡ ᠨᠡᠶ᠋ᠢᠲᠡᠯᠡᠬᠦ ᠬᠡᠷᠡᠭᠲᠡᠢ᠃
ᠬᠤᠶᠠᠷ᠂ ᠭᠤᠣᠯ ᠠᠭᠤᠯᠭ᠎ᠠ
《ᠬᠡᠷᠡᠭᠵᠢᠭᠦᠯᠬᠦ ᠰᠠᠨᠠᠯ》᠎ᠢ ᠨᠡᠶ᠋ᠢᠳᠡ ᠲᠤᠯᠤᠭ᠋ᠠᠨ ᠭᠤᠣᠯ ᠠᠭᠤᠯᠭ᠎ᠠ ᠪᠣᠯᠭ᠋ᠠᠨ ᠬᠤᠪᠢᠶᠠᠨ᠎ᠠ᠂ ᠡᠭᠦᠨ᠎ᠳᠤ ᠶᠡᠷᠦᠩᠬᠡᠢ ᠱᠠᠭ᠋ᠠᠷᠳᠠᠯᠭ᠎ᠠ᠂ ᠬᠢᠵᠠᠭ᠋ᠠᠷᠲᠤ ᠬᠦᠮᠦᠰ᠎ᠤᠨ ᠠᠵᠢᠯᠯᠠᠭ᠋ᠠᠨ᠎ᠤ ᠲᠦᠷᠦᠯ᠎ᠢ ᠲᠣᠳᠤᠷᠬᠠᠶ᠋ᠢᠯᠠᠬᠤ᠂ ᠬᠢᠵᠠᠭ᠋ᠠᠷᠲᠤ ᠬᠦᠮᠦᠰ᠎ᠤᠨ ᠠᠵᠢᠯᠯᠠᠭ᠋ᠠᠨ᠎ᠤ ᠬᠠᠮᠢᠶᠠᠷᠤᠯᠲᠠ ᠡᠵᠡᠮᠳᠡᠯ᠎ᠢ ᠵᠢᠷᠤᠮᠵᠢᠭᠤᠯᠬᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠤᠯᠤᠰ᠎ᠤᠨ ᠴᠢᠬᠤᠯᠠ ᠶᠡᠭᠡ ᠲᠦᠰᠦᠯ᠎ᠳᠤ ᠡᠵᠡᠯᠡᠨ ᠬᠡᠷᠡᠭᠯᠡᠬᠦ ᠵᠢᠨ ᠵᠠᠶ᠋ᠢᠯᠠᠰᠢ ᠦᠭᠡᠢ ᠨᠤᠲᠠᠯᠠᠯᠲᠠ ᠵᠢ ᠵᠢᠷᠤᠮᠵᠢᠭᠤᠯᠬᠤ᠂ ᠲᠦᠷ ᠴᠠᠭ ᠬᠡᠷᠡᠭᠯᠡᠬᠦ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠲᠣᠬᠢᠷᠠᠭᠤᠯᠤᠯᠲᠠ ᠵᠢ ᠴᠢᠩᠳᠠᠯᠠᠬᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠪᠠᠭᠲᠠᠭ᠋ᠠᠵᠤ ᠪᠠᠶ᠋ᠢᠨ᠎ᠠ᠃
ᠨᠢᠭᠡ᠂ ᠶᠡᠷᠦᠩᠬᠡᠢ ᠱᠠᠭ᠋ᠠᠷᠳᠠᠯᠭ᠎ᠠ᠃ 《ᠬᠡᠷᠡᠭᠵᠢᠭᠦᠯᠬᠦ ᠰᠠᠨᠠᠯ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠬᠤ᠂ ᠪᠥᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠬᠤ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠤ ᠵᠢᠯᠤᠭᠤᠳᠬᠤ ᠦᠵᠡᠯ ᠰᠠᠨᠠᠭ᠎ᠠ ᠪᠠ ᠶᠡᠷᠦᠩᠬᠡᠢ ᠱᠠᠭ᠋ᠠᠷᠳᠠᠯᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠬᠦ ᠵᠢ ᠲᠣᠳᠤᠷᠬᠠᠶ᠋ᠢᠯᠠᠵᠠᠢ᠃
ᠬᠤᠶᠠᠷ᠂ ᠬᠢᠵᠠᠭ᠋ᠠᠷᠲᠤ ᠬᠦᠮᠦᠰ᠎ᠤᠨ ᠠᠵᠢᠯᠯᠠᠭ᠋ᠠᠨ᠎ᠤ ᠲᠦᠷᠦᠯ᠎ᠢ ᠲᠣᠳᠤᠷᠬᠠᠶ᠋ᠢᠯᠠᠪᠠ᠃ 《ᠬᠡᠷᠡᠭᠵᠢᠭᠦᠯᠬᠦ ᠰᠠᠨᠠᠯ》᠎ᠳᠤ ᠤᠯᠤᠰ᠎ᠠᠴᠠ ᠵᠥᠪᠰᠢᠶᠡᠷᠡᠭᠰᠡᠨ 10 ᠲᠥᠷᠥᠯ᠎ᠤᠨ ᠬᠢᠵᠠᠭ᠋ᠠᠷᠲᠤ ᠬᠦᠮᠦᠰ᠎ᠤᠨ ᠠᠵᠢᠯᠯᠠᠭ᠎ᠠ ᠳᠤᠮᠳᠠᠬᠢ ᠬᠠᠮᠢᠶᠠᠷᠴᠤ ᠬᠠᠮᠠᠭ᠋ᠠᠯᠠᠬᠤ ᠲᠣᠭᠤᠷᠢᠨ ᠬᠠᠮᠠᠭ᠋ᠠᠯᠠᠬᠤ᠂ ᠬᠠᠮᠠᠭ᠋ᠠᠯᠠᠵᠤ ᠬᠠᠤᠯᠢ ᠬᠡᠷᠡᠭᠵᠢᠭᠦᠯᠬᠦ ᠵᠡᠷᠭᠡ ᠡᠷᠬᠡᠪᠰᠢ ᠱᠠᠭ᠋ᠠᠷᠳᠠᠭᠳᠠᠬᠤ ᠲᠥᠬᠦᠭᠡᠷᠦᠮᠵᠢ᠂ ᠮᠠᠯᠴᠢᠳ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠲᠥᠬᠦᠭᠡᠷᠦᠮᠵᠢ ᠵᠢᠴᠢ ᠰᠢᠨᠵᠢᠯᠡᠬᠦ ᠤᠬᠠᠭ᠋ᠠᠨ᠎ᠤ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠳᠤ ᠬᠤᠯᠪᠤᠭᠳᠠᠬᠤ ᠡᠷᠬᠡᠪᠰᠢ ᠱᠠᠭ᠋ᠠᠷᠳᠠᠭᠳᠠᠬᠤ ᠨᠡᠶ᠋ᠢᠲᠡ ᠵᠢᠨ ᠲᠥᠬᠦᠭᠡᠷᠦᠮᠵᠢ ᠵᠡᠷᠭᠡ ᠪᠣᠳᠠᠲᠠᠢ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠨᠠᠷᠢᠯᠢᠭᠵᠢᠭᠤᠯᠵᠤ᠂ 《ᠬᠡᠷᠡᠭᠵᠢᠭᠦᠯᠬᠦ ᠰᠠᠨᠠᠯ》᠎ᠤᠨ ᠬᠡᠷᠡᠭᠵᠢᠭᠦᠯᠦᠭᠳᠡᠬᠦᠶ᠋ᠢᠴᠡ ᠴᠢᠨᠠᠷ᠎ᠢ ᠳᠡᠭᠡᠭᠰᠢᠯᠡᠭᠦᠯᠪᠡ᠃
ᠭᠤᠷᠪᠠ᠂ ᠬᠢᠵᠠᠭ᠋ᠠᠷᠲᠤ ᠬᠦᠮᠦᠰ᠎ᠤᠨ ᠠᠵᠢᠯᠯᠠᠭ᠋ᠠᠨ᠎ᠤ ᠬᠠᠮᠢᠶᠠᠷᠤᠯᠲᠠ ᠡᠵᠡᠮᠳᠡᠯ᠎ᠢ ᠵᠢᠷᠤᠮᠵᠢᠭᠤᠯᠪᠠ᠃ 《ᠬᠡᠷᠡᠭᠵᠢᠭᠦᠯᠬᠦ ᠰᠠᠨᠠᠯ》᠎ᠳᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠰᠢᠨ᠎ᠡ᠎ᠪᠠᠷ ᠨᠡᠮᠡᠭᠳᠡᠭᠰᠡᠨ ᠭᠠᠵᠠᠷ᠎ᠲᠤ ᠬᠤᠯᠪᠣᠭᠳᠠᠬᠤ ᠬᠢᠵᠠᠭ᠋ᠠᠷᠲᠤ ᠬᠦᠮᠦᠰ᠎ᠤᠨ ᠠᠵᠢᠯᠯᠠᠭ᠋ᠠᠨ᠎ᠤ ᠪᠣᠳᠠᠲᠠᠢ ᠭᠦᠢ᠍ᠴᠡᠳᠬᠡᠬᠦ ᠵᠢᠷᠤᠮ ᠪᠠ ᠬᠢᠨᠠᠨ ᠪᠠᠶ᠋ᠢᠴᠠᠭ᠋ᠠᠬᠤ ᠠᠭᠤᠯᠭ᠎ᠠ ᠵᠡᠷᠭᠡ ᠵᠢ ᠲᠣᠳᠤᠷᠬᠠᠶ᠋ᠢᠯᠠᠵᠠᠢ᠃ ᠡᠭᠦᠨ᠎ᠤ ᠬᠠᠮᠲᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠰᠢᠨ᠎ᠡ᠎ᠪᠠᠷ ᠨᠡᠮᠡᠭᠳᠡᠭᠰᠡᠨ ᠭᠠᠵᠠᠷ᠎ᠲᠤ ᠡᠰᠡ ᠬᠤᠯᠪᠣᠭᠳᠠᠬᠤ ᠬᠢᠵᠠᠭ᠋ᠠᠷᠲᠤ ᠬᠦᠮᠦᠰ᠎ᠤᠨ ᠠᠵᠢᠯᠯᠠᠭ᠎ᠠ᠎ᠳᠤ ᠴᠢᠭᠯᠡᠭᠦᠯᠦᠨ᠂ ᠪᠣᠳᠠᠲᠠᠢ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠪᠠᠶ᠋ᠢᠬᠤ ᠡᠰᠡᠬᠦ᠎ᠪᠠᠷ᠎ᠨᠢ ᠬᠤᠶᠠᠷ ᠵᠦᠢ᠍ᠯ᠎ᠤᠨ ᠪᠠᠶ᠋ᠢᠳᠠᠯ ᠬᠤᠪᠢᠶᠠᠨ ᠲᠣᠰ ᠪᠦᠷᠢ᠎ᠳᠤ᠎ᠨᠢ ᠬᠠᠮᠢᠶᠠᠷᠤᠯᠲᠠ ᠵᠢᠨ ᠱᠠᠭ᠋ᠠᠷᠳᠠᠯᠭ᠎ᠠ ᠳᠤᠷᠠᠳᠴᠠᠢ᠃ ᠡᠭᠦᠨ᠎ᠳᠤ᠂ ᠪᠣᠳᠠᠲᠠᠢ ᠪᠦᠲᠦᠭᠡᠨ ᠪᠠᠶ᠋ᠢᠭᠤᠯᠬᠤ ᠠᠵᠢᠯᠯᠠᠭ᠎ᠠ᠎ᠲᠠᠢ ᠪᠣᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠮᠠᠭ᠋ᠠᠳᠯᠠᠨ ᠲᠣᠭᠲᠠᠭ᠋ᠠᠬᠤ ᠰᠠᠨᠠᠯ ᠭᠠᠷᠭ᠋ᠠᠵᠤ ᠥᠭᠭᠦᠭᠡᠳ ᠪᠦᠲᠦᠭᠡᠨ ᠪᠠᠶ᠋ᠢᠭᠤᠯᠬᠤ ᠠᠵᠢᠯᠯᠠᠭ᠎ᠠ ᠥᠷᠨᠢᠭᠦᠯᠬᠦ ᠵᠢᠴᠢ ᠬᠠᠮᠢᠶ᠎ᠠ ᠪᠦᠬᠦᠢ ᠭᠠᠷᠳᠠᠮ ᠭᠦᠢ᠍ᠴᠡᠳᠬᠡᠬᠦ᠎ᠳᠤ᠎ᠨᠢ ᠦᠨᠳᠦᠰᠦᠯᠡᠯ ᠪᠣᠯᠭ᠋ᠠᠬᠤ ᠵᠢ ᠳᠣᠭᠲᠠᠭ᠋ᠠᠵᠠᠢ᠃ ᠪᠣᠳᠠᠲᠠᠢ ᠪᠦᠲᠦᠭᠡᠨ ᠪᠠᠶ᠋ᠢᠭᠤᠯᠬᠤ ᠠᠵᠢᠯᠯᠠᠭ᠎ᠠ ᠦᠭᠡᠢ ᠪᠣᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠨᠠᠯᠲᠠ ᠬᠠᠮᠢᠶᠠᠷᠤᠯᠲᠠ ᠵᠢ ᠰᠠᠶ᠋ᠢᠲᠤᠷ ᠬᠢᠬᠦ ᠵᠢ ᠲᠣᠳᠤᠷᠬᠠᠶ᠋ᠢᠯᠠᠭᠰᠠᠨ ᠪᠠᠶ᠋ᠢᠨ᠎ᠠ᠃
ᠳᠥᠷᠪᠡ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠤᠯᠤᠰ᠎ᠤᠨ ᠴᠢᠬᠤᠯᠠ ᠶᠡᠭᠡ ᠲᠦᠰᠦᠯ᠎ᠳᠤ ᠡᠵᠡᠯᠡᠨ ᠬᠡᠷᠡᠭᠯᠡᠬᠦ ᠵᠢᠨ ᠵᠠᠶ᠋ᠢᠯᠠᠰᠢ ᠦᠭᠡᠢ ᠨᠤᠲᠠᠯᠠᠯᠲᠠ ᠵᠢ ᠵᠢᠷᠤᠮᠵᠢᠭᠤᠯᠪᠠ᠃ 《ᠬᠡᠷᠡᠭᠵᠢᠭᠦᠯᠬᠦ ᠰᠠᠨᠠᠯ》᠎ᠳᠤ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠡᠵᠡᠯᠡᠨ ᠬᠡᠷᠡᠭᠯᠡᠬᠦ ᠵᠢ᠎ᠨᠢ ᠵᠥᠪᠰᠢᠶᠡᠷᠡᠬᠦ ᠤᠯᠤᠰ᠎ᠤᠨ ᠴᠢᠬᠤᠯᠠ ᠶᠡᠭᠡ ᠲᠦᠰᠦᠯ᠎ᠤᠨ ᠬᠡᠪᠴᠢᠶ᠎ᠡ ᠵᠢ ᠲᠣᠳᠣᠷᠬᠠᠢ ᠲᠣᠭᠲᠠᠭ᠋ᠠᠵᠤ᠂ ᠤᠯᠤᠰ᠎ᠤᠨ ᠴᠢᠬᠤᠯᠠ ᠶᠡᠭᠡ ᠲᠦᠰᠦᠯ᠎ᠳᠤ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠡᠵᠡᠯᠡᠨ ᠬᠡᠷᠡᠭᠯᠡᠬᠦ ᠵᠢᠨ ᠵᠠᠶ᠋ᠢᠯᠠᠰᠢ ᠦᠭᠡᠢ ᠵᠢ ᠨᠣᠲᠠᠯᠠᠬᠤ ᠰᠠᠨᠠᠯ᠎ᠢ ᠭᠠᠷᠭ᠋ᠠᠬᠤ ᠭᠦᠢ᠍ᠴᠡᠳᠬᠡᠬᠦ ᠳᠠᠷᠠᠭ᠋ᠠᠯᠠᠯ᠎ᠳᠤ ᠲᠣᠭᠲᠠᠭ᠋ᠠᠯ ᠭᠠᠷᠭ᠋ᠠᠭᠰᠠᠨ ᠪᠥᠭᠡᠳ ᠪᠣᠳᠠᠲᠠᠢ ᠭᠦᠢ᠍ᠴᠡᠳᠬᠡᠬᠦ ᠶᠠᠪᠤᠴᠠ ᠵᠢᠴᠢ ᠬᠢᠨᠠᠨ ᠪᠠᠶ᠋ᠢᠴᠠᠭ᠋ᠠᠬᠤ ᠠᠭᠤᠯᠭ᠎ᠠ ᠵᠡᠷᠭᠡ ᠱᠠᠭ᠋ᠠᠷᠳᠠᠯᠭ᠎ᠠ ᠳᠤᠷᠠᠳᠪᠠ᠃
ᠲᠠᠪᠤ᠂ ᠲᠦᠷ ᠴᠠᠭ ᠬᠡᠷᠡᠭᠯᠡᠬᠦ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠪᠠ᠃ 《ᠬᠡᠷᠡᠭᠵᠢᠭᠦᠯᠬᠦ ᠰᠠᠨᠠᠯ》᠎ᠳᠤ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠳᠣᠲᠣᠷᠠᠬᠢ ᠬᠢᠵᠠᠭ᠋ᠠᠷᠲᠤ ᠬᠦᠮᠦᠰ᠎ᠤᠨ ᠠᠵᠢᠯᠯᠠᠭ᠎ᠠ ᠪᠠ ᠤᠯᠤᠰ᠎ᠤᠨ ᠴᠢᠬᠤᠯᠠ ᠶᠡᠭᠡ ᠲᠦᠰᠦᠯ᠎ᠨᠢ ᠲᠦᠷ ᠬᠡᠷᠡᠭᠯᠡᠬᠦ ᠭᠠᠵᠠᠷ᠎ᠲᠤ ᠬᠤᠯᠪᠣᠭᠳᠠᠪᠠᠯ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠠᠴᠠ ᠠᠯᠢ ᠴᠢᠳᠠᠬᠤ᠎ᠪᠠᠷ ᠵᠠᠶ᠋ᠢᠯᠠᠬᠤ ᠬᠡᠷᠡᠭᠲᠡᠢ᠂ ᠦᠨᠡᠬᠡᠷ ᠵᠠᠶ᠋ᠢᠯᠠᠬᠤ ᠵᠢᠨ ᠠᠷᠭ᠎ᠠ ᠦᠭᠡᠢ ᠪᠣᠯ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠲᠦᠷ ᠡᠵᠡᠯᠡᠨ ᠬᠡᠷᠡᠭᠯᠡᠬᠦ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠭᠦᠢ᠍ᠴᠡᠳᠬᠡᠵᠦ᠂ ᠰᠡᠷᠭᠦᠭᠡᠬᠦ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠲᠣᠳᠤᠷᠬᠠᠶ᠋ᠢᠯᠠᠵᠠᠢ᠃
ᠵᠢᠷᠭᠤᠭ᠎ᠠ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠲᠣᠬᠢᠷᠠᠭᠤᠯᠤᠯᠲᠠ ᠵᠢ ᠴᠢᠩᠳᠠᠯᠠᠪᠠ᠃ 《ᠬᠡᠷᠡᠭᠵᠢᠭᠦᠯᠬᠦ ᠰᠠᠨᠠᠯ》᠎ᠳᠤ ᠤᠯᠤᠰ᠎ᠤᠨ ᠲᠣᠭᠲᠠᠭ᠋ᠠᠯ ᠶᠣᠰᠣᠭ᠋ᠠᠷ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠵᠠᠭ᠋ᠠᠭ ᠬᠢᠵᠠᠭ᠋ᠠᠷᠲᠤ ᠲᠣᠬᠢᠷᠠᠭᠤᠯᠤᠯᠲᠠ ᠬᠢᠬᠦ᠂ ᠨᠢᠭᠡᠨᠲᠡ ᠬᠠᠤᠯᠢ ᠶᠣᠰᠣᠭ᠋ᠠᠷ ᠳᠣᠭᠲᠠᠭ᠋ᠠᠭᠰᠠᠨ ᠳᠣᠰᠤ ᠬᠡᠢ ᠵᠢᠨ ᠠᠭᠤᠷᠬᠠᠢ ᠬᠠᠶ᠋ᠢᠬᠤ ᠡᠷᠬᠡ ᠵᠢ ᠠᠭᠤᠷᠬᠠᠢ ᠮᠠᠯᠲᠠᠬᠤ ᠡᠷᠬᠡ ᠤᠷᠤᠭᠤ ᠰᠢᠯᠵᠢᠭᠦᠯᠬᠦ᠎ᠪᠠᠷ ᠲᠥᠯᠥᠪᠯᠡᠬᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ 《ᠲᠠᠪᠤᠨ ᠵᠢᠯ᠎ᠳᠤ ᠨᠢᠭᠡ ᠤᠳᠠᠭ᠎ᠠ ᠦᠨᠡᠯᠡᠨ ᠵᠢᠱ᠌ᠢᠬᠦ》 ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠬᠡᠰᠡᠭ ᠲᠠᠯ᠎ᠠ ᠵᠢᠨ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠬᠦ ᠵᠢ ᠲᠣᠳᠤᠷᠬᠠᠶ᠋ᠢᠯᠠᠵᠠᠢ᠃ ᠵᠢᠴᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠤᠰᠤᠳ ᠪᠣᠳᠠᠲᠠᠢ ᠲᠡᠰ ᠳᠠᠷᠠᠭ᠋ᠠᠯᠠᠯ᠎ᠳᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡ ᠯᠡ ᠵᠢᠷᠤᠭ》᠎ᠢ ᠵᠡᠷᠭᠡᠳᠡ᠎ᠨᠢ ᠰᠢᠨᠡᠳᠬᠡᠬᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠴᠠᠢ᠃
ᠲᠤᠯᠤᠭ᠎ᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ 《ᠬᠡᠷᠡᠭᠵᠢᠭᠦᠯᠬᠦ ᠰᠠᠨᠠᠯ》᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠬᠤᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠬᠠᠮᠠᠭ᠋ᠠᠯᠠᠬᠤ ᠪᠠ ᠰᠠᠬᠢᠬᠤ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠬᠦ ᠵᠢ ᠲᠣᠳᠤᠷᠬᠠᠶ᠋ᠢᠯᠠᠭᠰᠠᠨ ᠮᠥᠷᠲᠡᠭᠡᠨ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠋ᠠᠳᠬᠠᠬᠤ ᠬᠡᠷᠡᠭᠲᠡᠢ ᠭᠡᠵᠦ ᠲᠣᠭᠲᠠᠭ᠋ᠠᠵᠠᠢ᠃ ᠡᠭᠦᠨ᠎ᠤ ᠬᠠᠮᠲᠤ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠳᠣᠲᠣᠷᠠᠬᠢ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠳᠣᠲᠣᠷ᠎ᠠ ᠡᠭᠦᠰᠦᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠨᠤᠭᠤᠳ᠎ᠢ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠬᠦᠨᠳᠦ᠎ᠪᠠᠷ ᠰᠢᠢ᠍ᠳᠬᠡᠨ᠎ᠡ ᠭᠡᠵᠦ ᠳᠤᠷᠠᠳᠪᠠ᠃
ᠭᠤᠷᠪᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠪᠣᠳᠠᠲᠠᠢ᠎ᠪᠠᠷ ᠨᠠᠶ᠋ᠢᠳᠠᠪᠤᠷᠢᠵᠢᠭᠤᠯᠵᠤ᠂ 《ᠬᠡᠷᠡᠭᠵᠢᠭᠦᠯᠬᠦ ᠰᠠᠨᠠᠯ》᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠤᠬᠠᠭᠤᠯᠭ᠎ᠠ ᠪᠣᠯᠪᠠᠰᠤᠷᠠᠯ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠴᠢᠩᠭ᠋ᠠᠳᠬᠠᠵᠤ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠣᠶ ᠪᠣᠯᠭ᠋ᠠᠵᠤ᠂ ᠪᠠᠶ᠋ᠢᠭᠤᠯᠤᠯ ᠲᠣᠭᠲᠠᠴᠠ ᠵᠢ ᠴᠢᠨᠠᠭᠰᠢᠳᠠ ᠤᠯᠠᠮ ᠲᠡᠭᠦᠯᠳᠡᠷᠵᠢᠭᠦᠯᠦᠨ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨ ᠬᠦ᠌ ᠪᠠᠬᠢᠵᠢᠭᠦᠯᠬᠦ᠎ᠳᠤ ᠰᠠᠭᠤᠷᠢ ᠲᠠᠯᠪᠢᠬᠤ ᠬᠡᠷᠡᠭᠲᠡᠢ᠃