1.《ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》 ᠵᠢ ᠲᠣᠭᠲᠠᠭ᠋ᠠᠭᠰᠠᠨ ᠠᠬᠤᠶ ᠪᠠᠶ᠋ᠢᠳᠠᠯ᠎ᠤᠨ ᠦᠨᠳᠦᠰᠦᠯᠡᠯ?
ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠵᠢᠯ᠎ᠢ ᠳᠦᠷᠢᠮᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠤᠯᠠᠮ ᠨᠢᠭᠡ ᠠᠯᠬᠤᠮ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ》 (ᠥᠪᠥᠷ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠲᠠᠷᠬᠠᠭ᠋ᠠᠭᠰᠠᠨ ([2011]17 ᠳ᠋ᠤᠭ᠋ᠠᠷ ᠲᠣᠭ᠋ᠠᠲᠤ) ᠪᠣᠯᠤᠨ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》 ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ 《ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》 ᠵᠢ ᠲᠤᠭᠤᠷᠪᠢᠨ ᠲᠣᠭᠲᠠᠭ᠋ᠠᠪᠠ᠃
2.《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》 ᠵᠢᠨ ᠭᠤᠤᠯ ᠠᠭᠤᠯᠭ᠎ᠠ᠎ᠨᠢ ᠶᠠᠭᠤ ᠪᠣᠶ?
《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》᠎ᠳᠤ ᠨᠡᠷᠡᠶ᠋ᠢᠳᠬᠦ ᠭᠤᠤᠯ ᠴᠣᠭᠴᠠ᠂ ᠨᠡᠷᠡᠶ᠋ᠢᠳᠬᠦ ᠬᠡᠪᠴᠢᠶ᠎ᠡ᠂ ᠨᠡᠷᠡᠶ᠋ᠢᠳᠬᠦ ᠶᠠᠪᠤᠴᠠ ᠵᠢᠴᠢ ᠬᠥᠮᠦᠵᠢᠯ᠎ᠤᠨ ᠰᠠᠭᠤᠷᠢᠨ ᠭᠠᠵᠠᠷ᠎ᠤᠨ ᠪᠠᠢ᠌ᠩᠭᠤᠵᠢᠭᠰᠠᠨ ᠬᠠᠮᠢᠶᠠᠷᠤᠯᠲᠠ ᠵᠢᠨ ᠠᠵᠢᠯ᠎ᠳᠤ ᠲᠣᠳᠣᠷᠬᠠᠶ ᠲᠣᠭᠲᠠᠭ᠋ᠠᠯ ᠭᠠᠷᠭ᠋ᠠᠵᠤ᠂ ᠡᠷᠡᠮᠡᠯᠵᠡᠯᠡᠨ ᠮᠡᠳᠡᠭᠦᠯᠬᠦ ᠨᠥᠬᠥᠴᠡᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠴᠠᠶ᠃ ᠡᠭᠦᠨ᠎ᠤ ᠬᠠᠮᠲᠤ ᠨᠡᠷᠡᠶ᠋ᠢᠳᠦᠯ᠎ᠢ ᠬᠦᠴᠦᠨ ᠦᠭᠡᠢ ᠪᠣᠯᠭ᠋ᠠᠬᠤ ᠪᠠᠶ᠋ᠢᠳᠠᠯ᠎ᠤᠨ ᠲᠤᠬᠠᠢ ᠨᠠᠷᠢᠨ ᠲᠣᠭᠲᠠᠭ᠋ᠠᠯ ᠭᠠᠷᠭ᠋ᠠᠵᠠᠢ᠃
3.《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》᠎ᠳᠤ ᠶᠠᠮᠠᠷ ᠶᠠᠮᠠᠷ ᠠᠩᠬᠠᠷᠬᠤ ᠵᠦᠢ᠍ᠯ ᠪᠠᠶ᠋ᠢᠬᠤ ᠪᠣᠶ?
ᠨᠢᠭᠡ᠎ᠳᠤ᠂ ᠡᠷᠡᠮᠡᠯᠵᠡᠯᠡᠨ ᠮᠡᠳᠡᠭᠦᠯᠬᠦ ᠪᠡᠶᠡᠴᠢ ᠴᠣᠭᠴᠠ᠎ᠳᠤ ᠣᠨᠴᠠᠭ᠋ᠠᠶ ᠱᠠᠭ᠋ᠠᠷᠳᠠᠯᠭ᠎ᠠ᠎ᠲᠠᠢ᠃ ᠡᠷᠡᠮᠡᠯᠵᠡᠯᠡᠨ ᠮᠡᠳᠡᠭᠦᠯᠬᠦ ᠭᠤᠤᠯ ᠴᠣᠭᠴᠠ ᠦᠨᠳᠦᠰᠦᠨ᠎ᠳᠤ᠎ᠪᠠᠨ 4 ᠲᠥᠷᠥᠯ ᠪᠣᠶ᠂ ᠨᠢᠭᠡ᠎ᠨᠢ᠂ ᠰᠣᠶᠣᠯ ᠬᠠᠭᠤᠴᠢᠳ᠎ᠤᠨ ᠲᠥᠷᠥᠯ᠂ ᠡᠯ᠎ᠡ ᠲᠥᠷᠥᠯ᠎ᠤᠨ ᠮᠦᠽᠧᠶ (ᠬᠦᠷᠢᠶᠡᠯᠡᠩ)᠂ ᠳᠤᠷᠠᠰᠬᠠᠯ᠎ᠤᠨ ᠣᠷᠳᠣᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠴᠢ ᠪᠤᠰᠤᠳ ᠲᠡᠦᠬᠡ ᠰᠣᠶᠣᠯ᠎ᠤᠨ ᠦᠯᠡᠳᠡᠭᠳᠡᠯ ᠵᠡᠷᠭᠡ ᠪᠠᠭᠲᠠᠨ᠎ᠠ᠃ ᠬᠣᠶᠠᠷ᠎ᠨᠢ᠂ ᠬᠤᠪᠢᠰᠬᠠᠯ᠎ᠤᠨ ᠲᠡᠦᠬᠡ ᠵᠢᠨ ᠳᠤᠷᠠᠰᠬᠠᠯ᠎ᠤᠨ ᠲᠥᠷᠥᠯ᠂ ᠳᠤᠷᠠᠰᠬᠠᠯ᠎ᠤᠨ ᠭᠠᠵᠠᠷ᠂ ᠳᠤᠷᠠᠰᠬᠠᠯ᠎ᠤᠨ ᠪᠠᠷᠢᠯᠭ᠎ᠠ᠂ ᠨᠠᠷᠠᠲᠤ ᠬᠥᠮᠦᠰ᠎ᠤᠨ ᠬᠠᠭᠤᠴᠢᠨ ᠰᠠᠭᠤᠴᠠ ᠵᠡᠷᠭᠡ ᠪᠠᠭᠲᠠᠨ᠎ᠠ᠃ ᠭᠤᠷᠪᠠ᠎ᠨᠢ᠂ ᠡᠯᠪᠡᠭ ᠪᠠᠶᠠᠯᠢᠭ ᠦᠷ᠎ᠡ ᠪᠦᠲᠦᠭᠡᠯ ᠪᠠ ᠢᠯᠡᠳᠲᠡ ᠦᠷ᠎ᠡ ᠪᠦᠲᠦᠮᠵᠢ ᠣᠯᠤᠭᠰᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠨᠢᠭᠡᠴᠢ ᠪᠣᠯᠤᠨ᠎ᠠ᠃ ᠳᠥᠷᠪᠡ᠎ᠨᠢ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠭᠤᠯᠭ᠎ᠠ ᠵᠢ ᠢᠯᠡᠷᠡᠭᠦᠯᠦᠭᠰᠡᠨ ᠦᠵᠡᠮᠵᠢ ᠵᠢᠨ ᠣᠷᠣᠨ (ᠴᠡᠭ) ᠪᠣᠯᠣᠨ᠎ᠠ᠃ ᠲᠠᠪᠤ᠎ᠨᠢ᠂ ᠡᠯ᠎ᠡ ᠦᠨᠳᠦᠰᠦᠲᠡᠨ᠎ᠤ ᠰᠢᠯᠢᠳᠡᠭ ᠰᠣᠶᠣᠯ᠎ᠢ ᠢᠯᠡᠷᠡᠭᠦᠯᠦᠭᠰᠡᠨ ᠡᠯ᠎ᠡ ᠲᠦᠷᠦᠯ᠎ᠤᠨ ᠲᠠᠯᠠᠪᠤᠷ ᠭᠠᠵᠠᠷ ᠵᠡᠷᠭᠡ ᠪᠣᠯᠤᠨ᠎ᠠ᠃
ᠬᠣᠶᠠᠷ᠎ᠲᠤ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠵᠶ᠋ᠠᠷ ᠮᠡᠳᠡᠭᠦᠯᠬᠦ᠎ᠳᠤ ᠪᠦᠷᠢᠯᠳᠦᠭᠦᠯᠬᠦ ᠴᠢᠬᠤᠯᠠᠲᠠᠶ ᠦᠨᠳᠦᠰᠦᠨ ᠨᠥᠬᠥᠴᠡᠯ᠎ᠳᠤ ᠣᠨᠴᠠᠭ᠋ᠠᠢ ᠱᠠᠭ᠋ᠠᠷᠳᠠᠯᠭ᠎ᠠ᠎ᠲᠠᠢ ᠶᠤᠮ᠃ ᠠᠳᠠᠯᠢ ᠪᠤᠰᠤ ᠲᠡᠦᠬᠡᠨ ᠴᠠᠭ ᠦᠶ᠎ᠡ ᠵᠢᠨ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠣᠭᠣᠷᠣᠨᠳᠣᠬᠢ ᠳᠣᠲᠣᠨᠣ ᠬᠠᠷᠢᠴᠠᠭ᠎ᠠ ᠵᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠪᠣᠳᠠᠲᠤ ᠪᠠᠶ᠋ᠢᠳᠠᠯ᠎ᠢ ᠪᠤᠰᠤᠳᠴᠢ᠎ᠪᠠᠷ ᠲᠤᠰᠬᠠᠵᠤ᠂ ᠥᠨᠢ ᠤᠳᠠᠭ᠋ᠠᠨ ᠳᠤᠮᠳᠠᠳᠤ ᠵᠢᠨ ᠪᠣᠯᠪᠠᠰᠤᠨ ᠪᠠ ᠳᠤᠮᠳᠠᠳᠤ ᠵᠢᠨ ᠰᠣᠶᠣᠯ᠎ᠢ ᠲᠤᠰᠬᠠᠵᠤ᠂ ᠨᠠᠮ ᠪᠠ ᠤᠯᠤᠰ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠪᠠ ᠬᠥᠮᠦᠵᠢᠯ᠎ᠢ ᠢᠳᠡᠪᠬᠢᠲᠡᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠪᠠ ᠡᠬᠡ ᠤᠯᠤᠰ᠎ᠤᠨ ᠨᠢᠭᠡᠳᠦᠯ᠎ᠢ ᠢᠳᠡᠪᠬᠢᠲᠡᠢ ᠬᠠᠮᠠᠭ᠋ᠠᠯᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠲᠠᠯ᠎ᠠ᠎ᠪᠠᠷ ᠵᠥᠪ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠪᠣᠳᠠᠲᠤ ᠡᠳ᠋᠂ ᠮᠠᠲ᠋ᠧᠷᠢᠶᠠᠯ᠂ ᠭᠠᠵᠠᠷ ᠲᠠᠯᠠᠪᠤᠷ ᠪᠤᠶᠤ ᠢᠵᠢ ᠪᠦᠷᠢᠳᠦᠭᠦᠯᠬᠦ ᠪᠡᠯᠡᠳᠬᠡᠮᠵᠢ ᠵᠢ ᠪᠦᠷᠢᠳᠦᠭᠦᠯᠬᠦ ᠬᠡᠷᠡᠭᠲᠡᠶ᠃ ᠵᠣᠬᠢᠬᠤ ᠠᠵᠢᠯ᠎ᠤᠨ ᠪᠠᠶ᠋ᠢᠭᠤᠯᠤᠮᠵᠢ ᠪᠣᠯᠤᠨ ᠲᠤᠰᠬᠠᠶ (ᠬᠠᠪᠰᠤᠷᠭ᠋ᠠᠭᠰᠠᠨ) ᠲᠤᠰᠢᠶᠠᠯ᠎ᠲᠠᠢ ᠠᠵᠢᠯᠲᠠᠨ᠎ᠲᠠᠢ ᠪᠠᠶ᠋ᠢᠵᠤ᠂ ᠴᠢᠬᠤᠯᠠ ᠪᠦᠬᠦᠢ ᠵᠠᠷᠤᠳᠠᠯ᠎ᠤᠨ ᠪᠠᠲᠤᠯᠠᠭ᠎ᠠ᠎ᠲᠠᠢ ᠪᠠᠶ᠋ᠢᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢᠨ ᠬᠡᠪ᠎ᠤᠨ ᠶᠣᠰᠣᠭ᠋ᠠᠷ ᠥᠷᠨᠢᠬᠦ ᠵᠢ ᠪᠠᠲᠤᠯᠠᠵᠤ ᠴᠢᠳᠠᠬᠤ ᠬᠡᠷᠡᠭᠲᠡᠶ᠃ ᠪᠦᠷᠢᠨ ᠲᠡᠭᠦᠯᠳᠡᠷ ᠳᠦᠷᠢᠮ ᠲᠣᠭᠲᠠᠭ᠋ᠠᠯ ᠪᠠ ᠪᠦᠷᠢᠨ ᠪᠦᠲᠦᠨ ᠠᠵᠢᠯ᠎ᠤᠨ ᠳᠠᠩᠰᠠ ᠡᠪᠬᠡᠮᠡᠯ᠎ᠲᠠᠢ ᠪᠠᠶ᠋ᠢᠬᠤ ᠬᠡᠷᠡᠭᠲᠡᠢ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠᠢ᠌ᠬᠤ ᠦᠭᠡᠢ᠂ ᠦᠨᠳᠦᠰᠦᠲᠡᠨ᠎ᠤ ᠬᠦᠴᠦᠨ ᠵᠦᠢ᠍ᠯ᠎ᠳᠤ ᠬᠣᠯᠪᠣᠭᠳᠠᠭᠰᠠᠨ ᠬᠦᠨᠳᠦ ᠶᠡᠬᠡ ᠪᠤᠶᠤ ᠣᠨᠴᠠᠭ᠋ᠠᠢ ᠬᠦᠨᠳᠦ ᠶᠡᠬᠡ ᠬᠡᠷᠡᠭ ᠶᠠᠪᠤᠳᠠᠯ ᠭᠠᠷᠤᠭᠰᠠᠨ ᠦᠭᠡᠢ ᠪᠠᠶ᠋ᠢᠬᠤ ᠬᠡᠷᠡᠭᠲᠡᠢ᠃
ᠭᠤᠷᠪᠠ᠎ᠳᠤ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ ᠬᠠᠷᠢᠴᠠᠭ᠎ᠠ ᠵᠢ ᠲᠣᠳᠣᠷᠬᠠᠶ᠋ᠢᠯᠠᠪᠠ᠃ ᠲᠤᠬᠠᠶ᠋ᠢᠯᠠᠪᠠᠯ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠪᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠵᠢ ᠬᠠᠷᠢᠯᠴᠠᠨ ᠤᠶᠠᠯᠳᠤᠭᠤᠯᠤᠨ᠎ᠠ᠃ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠵᠶ᠋ᠠᠷ ᠨᠡᠷᠡᠶ᠋ᠢᠳᠦᠭᠳᠡᠭᠰᠡᠨ ᠦᠭᠡᠶ ᠰᠠᠭᠤᠷᠢᠨ ᠭᠠᠵᠠᠷ᠎ᠨᠢ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠵᠶ᠋ᠠᠷ ᠮᠡᠳᠡᠭᠦᠯᠬᠦ ᠬᠢᠷᠢ ᠬᠡᠮ ᠪᠠᠢ᠌ᠬᠤ ᠦᠭᠡᠶ᠃
4.《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》᠎ᠳᠤ ᠠᠷᠠᠳ᠎ᠲᠤ ᠠᠰᠢᠭ ᠬᠦᠷᠲᠡᠭᠡᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶ᠋ᠢᠬᠤ ᠪᠣᠶ?
ᠠᠷᠪᠠᠳᠤᠭ᠋ᠠᠷ ᠵᠦᠢ᠍ᠯ᠎ᠳᠤ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠨᠢ ᠶᠡᠬᠡ᠂ ᠳᠤᠮᠳᠠᠳᠤ᠂ ᠪᠠᠭ᠎ᠠ ᠰᠤᠷᠭ᠋ᠠᠭᠤᠯᠢ ᠵᠢᠨ ᠬᠠᠮᠲᠤ ᠨᠡᠶ᠋ᠢᠲᠡ᠂ ᠠᠯᠪᠠᠨ ᠴᠡᠷᠢᠭ᠂ ᠨᠠᠰᠤᠲᠠᠶ᠋ᠢᠴᠤᠳ ᠪᠠ ᠵᠡᠮᠳᠡᠭᠴᠦᠳ ᠵᠡᠷᠭᠡ᠎ᠳᠤ ᠪᠢᠯᠧᠲ ᠠᠪᠬᠤ ᠥᠬᠡᠶ᠎ᠪᠠᠷ ᠲᠣᠭᠣᠷᠢᠨ ᠦᠵᠡᠬᠦ ᠬᠠᠷᠠᠭ᠋ᠠᠯᠵᠠᠯ ᠦᠵᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃ ᠨᠥᠬᠥᠴᠡᠯ᠎ᠲᠠᠢ ᠬᠥᠮᠦᠵᠢᠯ᠎ᠤᠨ ᠰᠠᠭᠤᠷᠢᠨ ᠭᠠᠵᠠᠷ᠎ᠨᠢ ᠰᠦᠢ᠍ᠳᠬᠡᠯ ᠬᠤᠷᠢᠶᠠᠬᠤ ᠦᠭᠡᠶ᠎ᠪᠠᠷ ᠲᠣᠭᠣᠷᠢᠨ ᠦᠵᠡᠬᠦ ᠵᠢ ᠨᠡᠶ᠋ᠢᠭᠡᠮ ᠨᠡᠢ᠌ᠲᠡ᠎ᠳᠤ ᠴᠢᠯᠥᠭᠡᠲᠡᠶ ᠪᠣᠯᠭ᠋ᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠢ᠃
ᠲᠥᠷᠥ ᠵᠢᠨ ᠪᠣᠳᠣᠯᠭ᠎ᠠ ᠵᠢᠨ ᠲᠠᠶ᠋ᠢᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄
ᠬᠡᠷᠪᠡ 《ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠶ᠋ᠢᠳᠬᠦ ᠠᠷᠭ᠎ᠠ》᠎ᠳᠤ ᠣᠢ᠌ᠯᠠᠭ᠋ᠠᠬᠤ ᠦᠭᠡᠢ ᠵᠦᠢ᠍ᠯ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ᠎ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠬᠤ ᠤᠲᠠᠰᠤ᠄ 0471 - 6611202᠃ ᠲᠥᠷᠥ ᠵᠢᠨ ᠪᠣᠳᠣᠯᠭ᠎ᠠ ᠵᠢᠨ ᠲᠠᠶ᠋ᠢᠯᠪᠤᠷᠢᠯᠠᠭᠴᠢ᠄ ᠦ᠋ ᠰᠢᠶᠤᠤ ᠳ᠋ᠦᠩ᠃
ᠣᠷᠴᠢᠭᠤᠯᠤᠭᠴᠢ᠄ ᠠᠳᠢᠶ᠎ᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ