28᠎ᠤ ᠡᠳᠦᠷ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ᠎ᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠣᠪᠴᠢᠶ᠎ᠠ ᠵᠡᠷᠭᠡ 12 ᠰᠠᠯᠠᠭ᠎ᠠ ᠮᠥᠴᠢᠷ ᠬᠠᠮᠲᠤᠷᠠᠨ 《ᠤᠶᠠᠮᠠᠨ ᠡᠪᠡᠳᠴᠢᠨ᠎ᠤ ᠬᠤᠣᠷ ᠬᠥᠨᠥᠭᠡᠯ᠎ᠢ ᠪᠥᠬᠦ ᠲᠠᠯ᠎ᠠ᠎ᠪᠠᠷ ᠠᠷᠢᠯᠭ᠋ᠠᠬᠤ ᠦᠷᠭᠦᠯᠵᠢᠯᠡᠬᠦᠶ᠋ᠢᠴᠡ ᠬᠥᠭᠵᠢᠯᠲᠡ ᠵᠢᠨ ᠲᠦᠯᠦᠪᠯᠡᠭᠡ (2024 — 2030 ᠣᠨ)》 ᠵᠢ ᠳᠠᠷᠤᠮᠠᠯᠯᠠᠨ ᠲᠠᠷᠬᠠᠭ᠋ᠠᠵᠤ᠂ 2030 ᠣᠨ ᠪᠣᠯᠬᠤ᠎ᠳᠤ᠂ ᠪᠥᠬᠦ ᠤᠯᠤᠰ᠎ᠤᠨ ᠤᠶᠠᠮᠠᠨ ᠡᠪᠡᠳᠴᠢᠨ᠎ᠳᠤ ᠨᠡᠷᠪᠡᠭᠳᠡᠭᠰᠡᠨ ᠨᠣᠷᠮ᠎ᠠ᠎ᠨᠢ 1/10 ᠲᠦᠮᠡ᠎ᠠᠴᠠ ᠳᠡᠭᠡᠭᠰᠢᠬᠢ ᠰᠢᠶᠠᠨ (ᠬᠤᠲᠠ᠂ ᠲᠣᠭᠤᠷᠢᠭ)᠎ᠤ ᠲᠤᠭ᠎ᠠ ᠵᠢ 0 ᠪᠣᠯᠭ᠋ᠠᠵᠤ᠂ ᠤᠶᠠᠮᠠᠨ ᠡᠪᠡᠳᠴᠢᠲᠡᠨ᠎ᠢ ᠡᠮᠨᠡᠨ ᠵᠠᠰᠠᠬᠤ᠎ᠳᠤ 2 ᠲᠠᠰ᠎ᠤᠨ ᠵᠡᠷᠡᠮᠳᠡᠭ ᠵᠡᠮᠳᠡᠭ ᠰᠢᠨ᠎ᠡ᠎ᠪᠠᠷ ᠡᠭᠦᠰᠬᠦ ᠬᠠᠷᠢᠴᠠᠯ᠎ᠢ 0 ᠪᠣᠯᠭ᠋ᠠᠵᠤ᠂ ᠤᠶᠠᠮᠠᠨ ᠡᠪᠡᠳᠴᠢᠨ᠎ᠢ ᠠᠷᠢᠯᠭ᠋ᠠᠬᠤ ᠬᠠᠷᠠᠯᠲᠠ ᠵᠢ ᠳᠤᠮᠳᠠᠳᠤ ᠤᠯᠤᠰ᠎ᠲᠤ ᠡᠷᠲᠡᠬᠡᠨ ᠪᠡᠶᠡᠯᠡᠭᠦᠯᠦᠨ᠎ᠡ ᠭᠡᠵᠦ ᠲᠣᠳᠣᠷᠬᠠᠶ᠋ᠢᠯᠠᠵᠠᠢ᠃
ᠤᠶᠠᠮᠠᠨ ᠡᠪᠡᠳᠴᠢᠨ ᠪᠣᠯ ᠬᠥᠮᠥᠨ ᠲᠥᠷᠥᠯᠬᠢᠲᠡᠨ᠎ᠤ ᠡᠷᠡᠭᠦᠯ ᠮᠡᠨᠳᠦ᠎ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠨᠢᠭᠡ ᠵᠦᠢ᠍ᠯ᠎ᠤᠨ ᠤᠳᠠᠭ᠋ᠠᠨ ᠴᠢᠨᠠᠷᠲᠠᠢ ᠬᠠᠯᠳᠠᠪᠤᠷᠢᠲᠤ ᠡᠪᠡᠳᠴᠢᠨ ᠮᠥᠨ᠂ ᠡᠷᠲᠡ ᠢᠯᠡᠷᠡᠭᠦᠯᠬᠦ ᠦᠭᠡᠢ ᠪᠤᠶᠤ ᠴᠠᠭ ᠲᠤᠬᠠᠢᠳᠤᠨᠢ ᠡᠮᠨᠡᠨ ᠵᠠᠰᠠᠬᠤ ᠦᠭᠡᠢ ᠪᠣᠯ ᠬᠡᠰᠡᠭ ᠭᠠᠵᠠᠷ᠎ᠤᠨ ᠠᠷᠠᠰᠤ ᠵᠢ ᠭᠡᠮᠲᠦᠭᠡᠵᠦ᠂ ᠴᠢᠨᠠᠭᠰᠢᠯᠠᠪᠠᠯ ᠬᠦᠨᠳᠦ ᠨᠣᠴᠢᠲᠠᠢ᠎ᠨᠢ ᠬᠠᠷᠠᠭ᠎ᠠ᠎ᠪᠠᠨ ᠠᠯᠳᠠᠬᠤ᠂ ᠨᠢᠭᠤᠷ᠎ᠤᠨ ᠬᠡᠰᠡᠭ᠎ᠨᠢ ᠵᠡᠷᠡᠮᠳᠡᠭ ᠪᠣᠯᠬᠤ ᠪᠠ ᠭᠠᠷ ᠬᠥᠯ᠎ᠨᠢ ᠵᠡᠮᠳᠡᠭ ᠪᠣᠯᠬᠤ ᠵᠡᠷᠭᠡ ᠢᠯᠡᠷᠡᠯ᠎ᠲᠠᠢ ᠪᠠᠶ᠋ᠢᠳᠠᠭ᠃
ᠨᠢᠭᠡ ᠪᠦᠯᠦᠭ ᠲᠤᠭ᠎ᠠ ᠪᠠᠷᠢᠮᠲᠠ᠎ᠠᠴᠠ ᠦᠵᠡᠪᠡᠯ᠂ ᠮᠠᠨ᠎ᠤ ᠤᠯᠤᠰ 《ᠪᠦᠬᠦ ᠤᠯᠤᠰ᠎ᠤᠨ ᠤᠶᠠᠮᠠᠨ ᠡᠪᠡᠳᠴᠢᠨ᠎ᠤ ᠬᠤᠣᠷ ᠬᠥᠨᠥᠭᠡᠯ᠎ᠢ ᠠᠷᠢᠯᠭ᠋ᠠᠬᠤ ᠲᠦᠯᠦᠪᠯᠡᠭᠡ (2011 — 2020 ᠣᠨ)》 ᠵᠢ ᠬᠡᠷᠡᠭᠵᠢᠭᠦᠯᠬᠦ᠎ᠪᠠᠷ ᠳᠠᠮᠵᠢᠨ᠂ ᠪᠦᠬᠦ ᠤᠯᠤᠰ᠎ᠲᠤ ᠤᠶᠠᠮᠠᠨ ᠡᠪᠡᠳᠴᠢᠨ᠎ᠤ ᠬᠤᠣᠷ ᠬᠥᠨᠥᠭᠡᠯ᠎ᠢ ᠦᠨᠳᠦᠰᠦᠨ᠎ᠳᠤ᠎ᠪᠠᠨ ᠠᠷᠢᠯᠭ᠋ᠠᠭᠰᠠᠨ ᠴᠢᠬᠤᠯᠠ ᠦᠷ᠎ᠡ ᠪᠦᠲᠦᠭᠡᠯ ᠣᠯᠣᠭᠰᠠᠨ ᠪᠠᠶ᠋ᠢᠨ᠎ᠠ᠃ 2020 ᠣᠨ᠎ᠤ ᠡᠴᠦᠰ ᠪᠣᠯᠲᠠᠯ᠎ᠠ᠂ ᠪᠥᠬᠦ ᠤᠯᠤᠰ᠎ᠤᠨ ᠤᠶᠠᠮᠠᠨ ᠡᠪᠡᠳᠴᠢᠨ᠎ᠳᠤ ᠨᠡᠷᠪᠡᠭᠳᠡᠭᠰᠡᠳ᠎ᠤᠨ ᠲᠤᠭ᠎ᠠ ᠢᠯᠡᠳᠲᠡ ᠪᠠᠭ᠋ᠠᠰᠴᠤ᠂ 2010 ᠣᠨ᠎ᠤ ᠡᠴᠦᠰ᠎ᠤᠨ᠎ᠬᠢ᠎ᠠᠴᠠ 50%᠎ᠠᠴᠠ ᠳᠡᠭᠡᠭᠰᠢ᠎ᠪᠠᠷ ᠪᠠᠭᠤᠷᠠᠭᠤᠯᠤᠨ᠂ ᠪᠥᠬᠦ ᠤᠯᠤᠰ᠎ᠤᠨ 98%᠎ᠠᠴᠠ ᠳᠡᠭᠡᠭᠰᠢᠬᠢ ᠰᠢᠶᠠᠨ (ᠬᠤᠲᠠ᠂ ᠲᠣᠭᠤᠷᠢᠭ)᠎ᠤ ᠤᠶᠠᠮᠠᠨ ᠡᠪᠡᠳᠴᠢᠨ᠎ᠳᠤ ᠨᠡᠷᠪᠡᠭᠳᠡᠬᠦ ᠨᠣᠷᠮ᠎ᠠ ᠵᠢ 1/10 ᠲᠦᠮᠡ᠎ᠠᠴᠠ ᠳᠣᠷᠣᠭᠰᠢ ᠪᠠᠶ᠋ᠢᠯᠭ᠋ᠠᠬᠤ ᠲᠦᠯᠦᠪᠯᠡᠭᠡ ᠵᠢᠨ ᠬᠠᠷᠠᠯᠲᠠ ᠵᠢ ᠪᠡᠶᠡᠯᠡᠭᠦᠯᠪᠡ᠃
ᠰᠢᠨ᠎ᠡ ᠬᠡᠪᠯᠡᠯ᠎ᠤᠨ ᠲᠦᠯᠦᠪᠯᠡᠭᠡ ᠵᠢ ᠦᠨᠳᠦᠰᠦᠯᠡᠪᠡᠯ᠂ ᠮᠠᠨ᠎ᠤ ᠤᠯᠤᠰ ᠤᠶᠠᠮᠠᠨ ᠡᠪᠡᠳᠴᠢᠨ᠎ᠳᠤ ᠨᠡᠷᠪᠡᠭᠳᠡᠭᠰᠡᠨ ᠨᠣᠷᠮ᠎ᠠ ᠪᠠ ᠲᠤᠰ ᠭᠠᠵᠠᠷ᠎ᠤᠨ ᠤᠶᠠᠮᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠡᠭᠦᠰᠦᠭᠰᠡᠨ ᠰᠢᠶᠠᠨ (ᠬᠤᠲᠠ᠂ ᠲᠣᠭᠤᠷᠢᠭ)᠎ᠤ ᠲᠤᠭ᠎ᠠ ᠵᠡᠷᠭᠡ ᠪᠠᠶ᠋ᠢᠳᠠᠯ᠎ᠢ ᠦᠨᠳᠦᠰᠦᠯᠡᠨ᠂ ᠪᠦᠬᠦ ᠤᠯᠤᠰ᠎ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠢ ᠭᠤᠷᠪᠠᠨ ᠲᠥᠷᠥᠯ᠎ᠤᠨ ᠭᠠᠵᠠᠷ ᠣᠷᠣᠨ ᠪᠣᠯᠭ᠋ᠠᠨ ᠬᠤᠪᠢᠶᠠᠵᠤ᠂ ᠲᠥᠷᠥᠯ ᠬᠤᠪᠢᠶᠠᠨ ᠵᠢᠯᠤᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠭᠦᠨ᠎ᠳᠤ᠂ ᠨᠢᠭᠡᠳᠦᠭᠡᠷ ᠲᠥᠷᠥᠯ᠎ᠤᠨ ᠭᠠᠵᠠᠷ ᠣᠷᠣᠨ᠎ᠨᠢ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠰᠢᠪᠲᠤᠯᠤᠯᠲᠠ ᠵᠢᠨ ᠠᠵᠢᠯ᠎ᠢ ᠪᠥᠬᠦ ᠲᠠᠯ᠎ᠠ᠎ᠪᠠᠷ ᠠᠬᠢᠭᠤᠯᠵᠤ᠂ ᠡᠪᠡᠳᠴᠢᠨ᠎ᠤ ᠵᠢᠱ᠌ᠢᠶ᠎ᠡ ᠵᠢ ᠢᠯᠡᠷᠡᠭᠦᠯᠬᠦ ᠪᠠ ᠡᠮᠨᠡᠨ ᠵᠠᠰᠠᠬᠤ ᠠᠵᠢᠯ᠎ᠢ ᠴᠢᠩᠭ᠋ᠠᠳᠬᠠᠨ᠂ ᠡᠪᠡᠳᠴᠢᠨ ᠡᠮᠭᠡᠭ ᠳᠡᠯᠭᠡᠷᠡᠬᠦ ᠵᠢ ᠬᠤᠷᠢᠭᠯᠠᠨ᠎ᠠ; ᠬᠤᠶᠠᠳᠤᠭ᠋ᠠᠷ ᠲᠥᠷᠥᠯ᠎ᠤᠨ ᠭᠠᠵᠠᠷ ᠣᠷᠣᠨ᠎ᠨᠢ ᠬᠢᠨᠠᠨ ᠰᠢᠨᠵᠢᠵᠦ ᠬᠠᠮᠢᠶᠠᠷᠬᠤ᠎ᠪᠠᠨ ᠴᠢᠩᠭ᠋ᠠᠳᠬᠠᠵᠤ᠂ ᠬᠡᠯᠪᠡᠯᠵᠡᠨ ᠳᠠᠬᠢᠨ ᠳᠡᠯᠭᠡᠷᠡᠬᠦ ᠵᠢ ᠰᠡᠷᠭᠡᠶ᠋ᠢᠯᠡᠨ᠎ᠡ; ᠭᠤᠷᠪᠠᠳᠤᠭ᠋ᠠᠷ ᠲᠦᠷᠦᠯ᠎ᠤᠨ ᠭᠠᠵᠠᠷ ᠣᠷᠣᠨ᠎ᠨᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠦᠷ᠎ᠡ ᠪᠦᠲᠦᠭᠡᠯ ᠵᠶ᠋ᠠᠨ ᠢᠳᠡᠪᠬᠢᠲᠡᠢ᠎ᠪᠠᠷ ᠪᠠᠬᠢᠵᠢᠭᠦᠯᠦᠨ᠂ ᠬᠤᠣᠷ ᠬᠥᠨᠥᠭᠡᠯ᠎ᠢ ᠠᠷᠢᠯᠭ᠋ᠠᠭᠰᠠᠨ ᠰᠠᠶ᠋ᠢᠨ ᠰᠠᠶ᠋ᠢᠬᠠᠨ ᠪᠠᠶ᠋ᠢᠳᠠᠯ᠎ᠢ ᠰᠠᠶ᠋ᠢᠲᠤᠷ ᠪᠠᠲᠤᠯᠠᠨ᠎ᠠ᠃
ᠲᠦᠯᠦᠪᠯᠡᠭᠡ᠎ᠳᠤ ᠪᠠᠰᠠ 《ᠡᠪᠡᠳᠴᠢᠨ᠎ᠤ ᠵᠢᠱ᠌ᠢᠶ᠎ᠡ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠡᠮᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ》 《ᠵᠡᠷᠡᠮᠳᠡᠭ ᠵᠡᠮᠳᠡᠭ᠎ᠤᠨ ᠰᠡᠷᠭᠡᠶ᠋ᠢᠯᠡᠯᠲᠡ ᠵᠢ ᠴᠢᠩᠭ᠋ᠠᠳᠬᠠᠵᠤ᠂ ᠪᠥᠬᠦ ᠲᠠᠯ᠎ᠠ᠎ᠪᠠᠷ ᠡᠷᠡᠭᠦᠯᠵᠢᠬᠦ ᠵᠢ ᠠᠬᠢᠭᠤᠯᠬᠤ》 《ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠵᠤ᠂ ᠨᠡᠶ᠋ᠢᠭᠡᠮ᠎ᠤᠨ ᠭᠠᠳᠠᠭᠤᠷᠴᠢᠯᠠᠯ᠎ᠢ ᠠᠷᠢᠯᠭ᠋ᠠᠬᠤ》 ᠵᠡᠷᠭᠡ 6 ᠭᠤᠣᠯᠳᠠᠯᠭ᠎ᠠ᠎ᠲᠠᠢ ᠬᠦᠷᠢᠶᠡᠨ᠎ᠠᠴᠠ᠂ ᠡᠷᠲᠡ᠎ᠠᠴᠠ ᠡᠪᠡᠳᠴᠢᠲᠡᠨ᠎ᠢ ᠢᠯᠡᠷᠡᠭᠦᠯᠬᠦ᠂ ᠨᠠᠷᠢᠯᠢᠭ ᠣᠨᠣᠴᠠᠲᠠᠢ᠎ᠪᠠᠷ ᠡᠮᠨᠡᠨ ᠵᠠᠰᠠᠬᠤ᠎ᠪᠠᠷ ᠴᠢᠷᠮᠠᠶ᠋ᠢᠬᠤ᠂ ᠵᠡᠷᠡᠮᠳᠡᠭ ᠵᠡᠮᠳᠡᠭ ᠪᠣᠯᠬᠤ ᠵᠢ ᠰᠡᠷᠭᠡᠶ᠋ᠢᠯᠡᠬᠦ ᠵᠡᠷᠭᠡ ᠭᠤᠣᠯ ᠡᠭᠦᠷᠭᠡ ᠵᠢ ᠳᠤᠷᠠᠳᠤᠨ ᠭᠠᠷᠭ᠋ᠠᠪᠠ᠃
ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠣᠪᠴᠢᠶ᠎ᠠ ᠵᠢᠨ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠎ᠳᠤ᠂ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠡᠯ᠎ᠡ ᠭᠠᠵᠠᠷ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠱᠠᠯᠠᠮᠳᠠᠭᠤᠯᠬᠤ ᠵᠢᠨ ᠬᠠᠮᠲᠤ ᠵᠣᠬᠢᠴᠠᠭᠰᠠᠨ ᠱᠠᠲᠤᠴᠢ ᠴᠢᠨᠠᠷᠲᠠᠢ ᠪᠠ ᠡᠴᠦᠰ᠎ᠤᠨ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠥᠷᠨᠢᠭᠦᠯᠦᠨ᠎ᠡ ᠭᠡᠵᠦ ᠲᠣᠳᠣᠷᠬᠠᠶ᠋ᠢᠯᠠᠪᠠ᠃