ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠠᠳᠠᠭ᠋ᠠᠳᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶ᠎ᠠ ᠬᠠᠮᠲᠤᠷᠠᠯᠴᠠᠭ᠎ᠠ ᠵᠢᠨ ᠡᠷᠡᠭᠦᠯ ᠬᠥᠭᠵᠢᠯᠲᠡ ᠵᠢ ᠳᠡᠮᠵᠢᠬᠦ ᠲᠤᠬᠠᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠨᠢᠭᠡᠴᠢ ᠵᠢᠨ ᠰᠠᠨᠠᠯ》᠎ᠳᠤ ᠲᠠᠶ᠋ᠢᠯᠤᠮᠵᠢ ᠬᠢᠪᠡ
ᠨᠡᠶ᠋ᠢᠲᠡᠯᠡᠭᠰᠡᠨ ᠴᠠᠭ᠄ 2024-02-29

    ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠨᠢᠭᠡᠴᠢ ᠬᠤᠯᠪᠣᠭ᠋ᠠᠯᠠᠨ ᠣᠶ᠋ᠢᠷ᠎ᠠ ᠵᠢᠨ ᠬᠤᠭᠤᠴᠠᠭ᠋ᠠᠨ᠎ᠳᠤ 《ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶ᠎ᠠ ᠬᠠᠮᠲᠤᠷᠠᠯᠴᠠᠭ᠎ᠠ ᠵᠢᠨ ᠡᠷᠡᠭᠦᠯ ᠬᠥᠭᠵᠢᠯᠲᠡ ᠵᠢ ᠳᠡᠮᠵᠢᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶ᠎ᠠ ᠬᠠᠮᠲᠤᠷᠠᠯᠴᠠᠭ᠎ᠠ ᠵᠢᠨ ᠡᠷᠡᠭᠦᠯ ᠬᠥᠭᠵᠢᠯᠲᠡ ᠵᠢ ᠵᠢᠯᠣᠭᠤᠳᠤᠨ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠪᠠᠷ ᠪᠠᠶ᠋ᠢᠨ᠎ᠠ᠃ ᠣᠶ᠋ᠢᠷ᠎ᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠠᠳᠠᠭ᠋ᠠᠳᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠰᠠᠨᠠᠯ》᠎ᠳᠤ ᠲᠠᠶ᠋ᠢᠯᠤᠮᠵᠢ ᠬᠢᠪᠡ᠃
    ᠨᠢᠭᠡ᠂ 《ᠰᠠᠨᠠᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ
    ᠣᠶ᠋ᠢᠷ᠎ᠠ ᠵᠢᠨ ᠵᠢᠯ᠎ᠤᠳ᠎ᠠᠴᠠ᠂ ᠳᠡᠯᠡᠬᠡᠢ ᠵᠢᠨ ᠠᠵᠤ ᠠᠬᠤᠢ ᠵᠢᠨ ᠳᠣᠣᠷ᠎ᠠ ᠨᠡᠭᠦᠷᠡᠰᠦᠲᠥ᠋ᠷᠥᠭᠴᠢᠲᠦ ᠲᠡᠶ᠋ᠢᠰᠢ ᠬᠡᠯᠪᠡᠷᠢ᠎ᠪᠠᠨ ᠬᠤᠪᠢᠷᠠᠭᠤᠯᠤᠭᠰᠠᠨ᠎ᠨᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠠᠬ᠎ᠠ ᠳᠡᠯᠭᠡᠭᠦᠷ᠎ᠤᠨ ᠬᠡᠷᠡᠭᠴᠡᠭᠡ ᠦᠷᠭᠦᠯᠵᠢᠯᠡᠨ ᠨᠡᠮᠡᠭᠳᠡᠬᠦ ᠵᠢ ᠲᠠᠶ᠋ᠢᠴᠢᠯᠠᠵᠠᠢ᠃ ᠪᠦᠬᠦ ᠪᠥᠮᠪᠥᠷᠴᠡᠭ᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠭᠤᠣᠯ ᠦᠢ᠍ᠯᠡᠳᠪᠦᠷᠢᠯᠡᠬᠦ ᠤᠯᠤᠰ ᠪᠠ ᠬᠡᠷᠡᠭᠯᠡᠭᠡᠨ᠎ᠤ ᠵᠠᠬ᠎ᠠ ᠳᠡᠯᠭᠡᠭᠦᠷ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠦᠢ᠍ᠯᠡᠳᠪᠦᠷᠢᠯᠡᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡ᠎ᠨᠢ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ ᠳᠡᠯᠡᠬᠡᠢ ᠵᠢᠨ ᠵᠠᠬ᠎ᠠ ᠳᠡᠯᠭᠡᠭᠦᠷ᠎ᠲᠤ ᠭᠠᠷᠴᠤ᠂ ᠭᠠᠳᠠᠭ᠋ᠠᠳᠤ ᠭᠠᠷᠭ᠋ᠠᠯᠲᠠ ᠵᠢᠨ ᠬᠡᠪᠴᠢᠶ᠎ᠡ ᠵᠢᠯ ᠳᠠᠷᠠᠭ᠋ᠠᠯᠠᠨ ᠥᠷᠭᠡᠵᠢᠵᠦ᠂ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃
    ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶ᠎ᠠ ᠬᠠᠮᠲᠤᠷᠠᠯᠴᠠᠭ᠎ᠠ ᠵᠢᠨ ᠡᠷᠡᠭᠦᠯ ᠬᠥᠭᠵᠢᠯᠲᠡ ᠵᠢ ᠠᠬᠢᠭᠤᠯᠬᠤ ᠵᠢ ᠱᠠᠭ᠋ᠠᠷᠳᠠᠪᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠨᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠪᠠᠶ᠋ᠢᠴᠠᠭ᠋ᠠᠨ ᠰᠤᠳᠤᠯᠤᠯᠲᠠ ᠵᠢ ᠥᠷᠭᠡᠨ ᠭᠦᠨᠵᠡᠭᠡᠢ ᠥᠷᠨᠢᠭᠦᠯᠵᠦ᠂ ᠠᠷᠠᠯᠵᠢᠶ᠎ᠠ ᠬᠠᠮᠲᠤᠷᠠᠯᠴᠠᠭ᠎ᠠ ᠵᠢᠨ ᠬᠥᠭᠵᠢᠯᠲᠡ ᠵᠢᠨ ᠡᠷᠡᠭᠦᠯ᠂ ᠦᠷᠭᠦᠯᠵᠢᠯᠡᠬᠦᠶ᠋ᠢᠴᠡ ᠴᠢᠨᠠᠷ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ 《ᠰᠠᠨᠠᠯ》᠎ᠢ ᠲᠤᠭᠤᠷᠪᠢᠵᠤ᠂ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ 《ᠰᠠᠨᠠᠯ》᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
    ᠬᠤᠶᠠᠷ᠂ 《ᠰᠠᠨᠠᠯ》᠎ᠤᠨ ᠭᠤᠣᠯ ᠠᠭᠤᠯᠭ᠎ᠠ
    《ᠰᠠᠨᠠᠯ》᠎ᠳᠤ ᠵᠢᠷᠭᠤᠭ᠋ᠠᠨ ᠲᠠᠯ᠎ᠠ᠎ᠠᠴᠠ 18 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃ ᠨᠢᠭᠡ᠎ᠳᠤ ᠳᠡᠯᠡᠬᠡᠶ᠋ᠢᠴᠢᠯᠡᠭᠰᠡᠨ ᠡᠵᠡᠩᠨᠡᠯᠲᠡ ᠵᠢᠨ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ᠂ ᠭᠠᠳᠠᠭ᠋ᠠᠳᠤ ᠵᠢᠨ ᠰᠤᠳᠤᠯᠤᠨ ᠨᠡᠭᠡᠭᠡᠬᠦ ᠬᠠᠮᠲᠤᠷᠠᠯᠴᠠᠭ᠎ᠠ ᠵᠢ ᠵᠣᠷᠢᠭᠵᠢᠭᠤᠯᠬᠤ᠂ ᠭᠠᠳᠠᠭ᠋ᠠᠳᠤ ᠵᠢᠨ ᠲᠣᠭᠲᠠᠭ᠋ᠠᠯ᠎ᠳᠤ ᠨᠡᠶ᠋ᠢᠴᠡᠭᠰᠡᠨ ᠡᠵᠡᠩᠨᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠭᠠᠳᠠᠭ᠋ᠠᠳᠤ ᠵᠢᠨ ᠬᠤᠯᠪᠣᠭᠳᠠᠯ ᠪᠦᠬᠦᠢ ᠠᠵᠤ ᠠᠬᠤᠶ᠋ᠢᠯᠠᠯ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠬᠤ᠂ ᠭᠠᠳᠠᠭ᠋ᠠᠳᠤ᠎ᠳᠤ ᠰᠡᠯᠪᠢᠬᠦ ᠵᠡᠷᠭᠡ ᠪᠣᠷᠣᠯᠠᠭᠤᠯᠤᠭᠰᠠᠨ᠎ᠤ ᠳᠠᠷᠠᠭ᠋ᠠᠬᠢ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠳᠡᠯᠡᠬᠡᠶ᠋ᠢᠴᠢᠯᠡᠭᠰᠡᠨ ᠴᠢᠳᠠᠪᠤᠷᠢᠲᠠᠳ᠎ᠢ ᠢᠳᠡᠪᠬᠢᠲᠡᠢ᠎ᠪᠠᠷ ᠬᠥᠮᠥᠵᠢᠭᠦᠯᠬᠦ ᠵᠡᠷᠭᠡ 5 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠬᠤᠶᠠᠷ᠎ᠲᠤ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠲᠠᠯ᠎ᠠ᠎ᠪᠠᠷ᠂ ᠲᠡᠭᠡᠭᠡᠪᠦᠷᠢ ᠵᠢᠨ ᠬᠠᠮᠢᠶᠠᠷᠤᠯᠲᠠ ᠵᠢ ᠰᠢᠯᠢᠳᠡᠭᠵᠢᠭᠦᠯᠬᠦ᠂ ᠲᠡᠭᠡᠭᠡᠪᠦᠷᠢ ᠵᠢᠨ ᠪᠠᠲᠤᠯᠠᠭ᠎ᠠ ᠪᠠ ᠦᠢ᠍ᠯᠡᠴᠢᠯᠡᠭᠡ ᠵᠢ ᠴᠢᠩᠭ᠋ᠠᠳᠬᠠᠬᠤ ᠵᠡᠷᠭᠡ 2 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠭᠤᠷᠪᠠ᠎ᠳᠤ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠬᠤ ᠲᠠᠯ᠎ᠠ᠎ᠪᠠᠷ᠂ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠠᠷᠭ᠎ᠠ ᠵᠢ ᠰᠢᠯᠢᠳᠡᠭᠵᠢᠭᠦᠯᠬᠦ᠂ ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠂ ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠨᠣᠷᠮ᠎ᠠ ᠵᠢᠨ ᠠᠶᠤᠯ᠎ᠠᠴᠠ ᠵᠠᠶ᠋ᠢᠯᠠᠬᠤ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠬᠦ᠂ ᠠᠷᠠᠳ᠎ᠤᠨ ᠵᠣᠭᠤᠰ᠎ᠤᠨ ᠬᠢᠯᠢ ᠠᠯᠤᠰᠯᠠᠨ ᠳ᠋ᠦᠩᠨᠡᠨ ᠪᠤᠳᠤᠬᠤ᠎ᠳᠤ ᠳᠥᠭᠦᠮᠯᠡᠬᠦ ᠵᠡᠷᠭᠡ 4 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠳᠥᠷᠪᠡ᠎ᠳᠤ ᠠᠷᠠᠯᠵᠢᠶ᠎ᠠ ᠵᠢ ᠠᠬᠢᠭᠤᠯᠬᠤ ᠠᠵᠢᠯᠯᠠᠭ᠎ᠠ ᠵᠢ ᠰᠢᠯᠢᠳᠡᠭᠵᠢᠭᠦᠯᠬᠦ ᠲᠠᠯ᠎ᠠ᠎ᠪᠠᠷ᠂ ᠠᠵᠤ ᠠᠬᠤᠶ᠋ᠢᠯᠠᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠎ᠠ ᠥᠷᠨᠢᠭᠦᠯᠬᠦ ᠵᠢ ᠢᠳᠡᠪᠬᠢᠲᠡᠢ ᠳᠡᠮᠵᠢᠬᠦ᠂ ᠨᠡᠶ᠋ᠢᠲᠡ ᠵᠢᠨ ᠲᠠᠪᠴᠠᠩ᠎ᠤᠨ ᠲᠤᠰᠠᠯᠠᠮᠵᠢ ᠵᠢ ᠴᠢᠩᠭ᠋ᠠᠷᠠᠭᠤᠯᠬᠤ ᠵᠡᠷᠭᠡ 2 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠲᠠᠪᠤ᠎ᠳᠤ ᠰᠠᠶ᠋ᠢᠨ ᠰᠠᠶ᠋ᠢᠬᠠᠨ ᠠᠷᠠᠯᠵᠢᠶᠠᠨ᠎ᠤ ᠣᠷᠴᠢᠨ ᠨᠥᠬᠦᠴᠡᠯ᠎ᠢ ᠪᠦᠷᠢᠯᠳᠦᠭᠦᠯᠬᠦ ᠲᠠᠯ᠎ᠠ᠎ᠪᠠᠷ᠂ ᠪᠠᠷᠢᠮᠵᠢᠶ᠎ᠠ ᠵᠢ ᠳᠡᠯᠡᠬᠡᠶ᠋ᠢᠴᠢᠯᠡᠬᠦ ᠪᠠ ᠬᠢᠷᠢ ᠲᠡᠩᠴᠡᠬᠦ ᠵᠢ ᠦᠨᠡᠯᠡᠨ ᠲᠣᠭᠲᠠᠭ᠋ᠠᠵᠤ ᠬᠠᠷᠢᠯᠴᠠᠨ ᠮᠡᠳᠡᠷᠡᠬᠦ ᠵᠢ ᠠᠬᠢᠭᠤᠯᠬᠤ᠂ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠤᠨ ᠦᠢ᠍ᠯᠡᠳᠦᠯ ᠴᠢᠳᠠᠪᠤᠷᠢ ᠵᠢ ᠭᠦᠢ᠍ᠴᠡᠳ ᠪᠠᠳᠠᠷᠠᠭᠤᠯᠬᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠬᠦ ᠵᠡᠷᠭᠡ 3 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠵᠢᠷᠭᠤᠭ᠎ᠠ᠎ᠳᠤ ᠲᠦᠭᠰᠢᠭᠦᠷᠢ ᠵᠢ ᠰᠡᠷᠭᠡᠶ᠋ᠢᠯᠡᠬᠦ ᠴᠢᠳᠠᠪᠤᠷᠢ ᠵᠢ ᠨᠡᠮᠡᠭᠳᠡᠭᠦᠯᠬᠦ ᠲᠠᠯ᠎ᠠ᠎ᠪᠠᠷ᠂ ᠤᠯᠠᠨ ᠲᠠᠯᠠᠲᠤ ᠪᠠ ᠬᠤᠶᠠᠷ ᠲᠠᠯᠠᠲᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠂ ᠤᠯᠤᠰ᠎ᠤᠨ ᠭᠠᠳᠠᠨᠠᠬᠢ ᠠᠷᠠᠯᠵᠢᠶ᠎ᠠ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠢᠳᠡᠪᠬᠢᠲᠡᠢ ᠲᠣᠬᠢᠲᠠᠢ ᠠᠷᠭ᠋ᠠᠴᠠᠭ᠋ᠠᠬᠤ ᠵᠡᠷᠭᠡ 2 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃
    ᠳᠠᠷᠠᠭ᠎ᠠ᠎ᠪᠠᠷ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠪᠢᠴᠢᠭ ᠮᠠᠲ᠋ᠧᠷᠢᠶᠠᠯ᠎ᠢ ᠨᠠᠶ᠋ᠢᠳᠠᠪᠤᠷᠢᠵᠢᠭᠤᠯᠬᠤ ᠪᠠ ᠲᠦᠷᠦ ᠵᠢᠨ ᠪᠣᠳᠣᠯᠭ᠎ᠠ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠭᠤᠣᠯᠴᠢ᠂ ᠲᠣᠭᠲᠠᠭᠤᠨ᠂ ᠪᠠᠭᠲᠠᠭ᠋ᠠᠮᠵᠢᠲᠠᠢ᠂ ᠳᠥᠭᠦᠮ ᠠᠷᠠᠯᠵᠢᠶᠠᠨ᠎ᠤ ᠣᠷᠴᠢᠨ ᠨᠥᠬᠦᠴᠡᠯ᠎ᠢ ᠢᠳᠡᠪᠬᠢᠲᠡᠢ ᠪᠠᠶ᠋ᠢᠭᠤᠯᠵᠤ᠂ ᠡᠯ᠎ᠡ ᠤᠯᠤᠰ᠎ᠯᠤᠭ᠎ᠠ ᠵᠢᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠦᠷᠢᠶᠡᠨ᠎ᠳᠠᠬᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠷᠠᠯᠵᠢᠶᠠᠨ᠎ᠤ ᠬᠠᠮᠲᠤᠷᠠᠯᠴᠠᠭ᠎ᠠ ᠵᠢᠨ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠵᠠᠭᠪᠤᠷ ᠬᠢᠭᠡᠳ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠥᠭᠵᠢᠯᠲᠡ ᠵᠢ ᠪᠠᠶ᠋ᠢᠭᠤᠯᠬᠤ᠎ᠳᠤ ᠨᠡᠩ ᠰᠠᠶ᠋ᠢᠲᠤᠷ ᠦᠢ᠍ᠯᠡᠴᠢᠯᠡᠨ᠎ᠡ᠃
   
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ