ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠤᠳᠤᠷᠢᠳᠤᠮᠵᠢ ᠵᠢ ᠬᠡᠷᠬᠢᠨ ᠨᠠᠩ ᠳᠣᠪᠤᠶ᠋ᠢᠯᠭ᠋ᠠᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · 2024 ᠣᠨ᠎ᠳᠤ ᠳᠤᠮᠳᠠᠳᠤ ᠤᠯᠤᠰ᠎ᠤᠨ ᠠᠵᠤ ᠠᠬᠤᠢ ᠢᠩᠭᠢᠵᠦ ᠠᠵᠢᠯᠯᠠᠨ᠎ᠠ)
ᠨᠡᠶ᠋ᠢᠲᠡᠯᠡᠭᠰᠡᠨ ᠴᠠᠭ᠄ 2024-03-11

    2023 ᠣᠨ᠎ᠳᠤ᠂ ᠮᠠᠨ᠎ᠤ ᠤᠯᠤᠰ᠎ᠤᠨ ᠠᠵᠢᠯ ᠣᠯᠭᠤᠯᠲᠠ ᠵᠢᠨ ᠭᠤᠣᠯ ᠭᠦᠢ᠍ᠴᠡᠳᠬᠡᠯ ᠲᠤᠭ᠎ᠠ ᠠᠮᠵᠢᠯᠲᠠ᠎ᠲᠠᠢ ᠪᠡᠶᠡᠯᠡᠭᠳᠡᠵᠦ᠂ ᠠᠵᠢᠯ ᠣᠯᠭᠤᠯᠲᠠ ᠵᠢᠨ ᠪᠠᠶ᠋ᠢᠳᠠᠯ ᠶᠡᠷᠦᠩᠬᠡᠢ᠎ᠳᠤ᠎ᠪᠠᠨ ᠰᠠᠶ᠋ᠢᠵᠢᠷᠠᠪᠠ᠄ 1 — 12 ᠳ᠋ᠤᠭ᠋ᠠᠷ ᠰᠠᠷ᠎ᠠ᠎ᠳᠤ᠂ ᠪᠥᠬᠦ ᠤᠯᠤᠰ᠎ᠤᠨ ᠬᠤᠲᠠ ᠪᠠᠯᠭ᠋ᠠᠰᠤᠨ᠎ᠤ 1244 ᠲᠦᠮᠡᠨ ᠬᠥᠮᠥᠨ ᠠᠵᠢᠯ ᠣᠯᠵᠤ᠂ 12 ᠳ᠋ᠤᠭ᠋ᠠᠷ ᠰᠠᠷ᠎ᠠ᠎ᠳᠤ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠨ ᠨᠣᠷᠮ᠎ᠠ 5.1% ᠪᠠᠶ᠋ᠢᠵᠤ᠂ ᠭᠤᠣᠯᠳᠠᠯᠭ᠎ᠠ᠎ᠲᠠᠢ ᠬᠥᠮᠦᠰ᠎ᠤᠨ ᠠᠵᠢᠯ ᠣᠯᠭᠤᠯᠲᠠ ᠵᠢᠱ᠌ᠢᠯᠲᠡ᠎ᠠᠴᠠ ᠰᠠᠶ᠋ᠢᠨ ᠪᠣᠯᠪᠠ᠃
    《ᠬᠠᠨᠳᠤᠰᠢ᠎ᠠᠴᠠ ᠦᠵᠡᠪᠡᠯ᠂ 2024 ᠣᠨ᠎ᠤ ᠠᠵᠢᠯ ᠣᠯᠭᠤᠯᠲᠠ ᠵᠢᠨ ᠠᠵᠢᠯ ᠲᠣᠭᠲᠠᠭᠤᠨ ᠰᠠᠭᠤᠷᠢ᠎ᠲᠠᠢ᠃ ᠠᠵᠤ ᠠᠬᠤᠢ ᠵᠢᠨ ᠨᠡᠮᠡᠭᠳᠡᠯ ᠤᠯᠠᠮ ᠨᠢᠭᠡ ᠠᠯᠬᠤᠮ ᠰᠡᠷᠭᠦᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢ ᠲᠦᠷᠭᠡᠪᠴᠢᠯᠡᠨ ᠬᠤᠪᠢᠷᠠᠭᠤᠯᠵᠤ᠂ ᠲᠥᠷᠥ ᠵᠢᠨ ᠪᠣᠳᠣᠯᠭ᠎ᠠ ᠵᠢᠨ ᠠᠰᠢᠭ᠎ᠢ ᠦᠷᠭᠦᠯᠵᠢᠯᠡᠨ ᠪᠠᠳᠠᠷᠠᠭᠤᠯᠵᠤ᠂ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ᠎ᠳᠤ ᠪᠠᠲᠤ ᠪᠠᠬᠢ ᠲᠤᠰᠠᠯᠠᠮᠵᠢ ᠬᠠᠩᠭ᠋ᠠᠵᠤ ᠪᠤᠢ᠃》 ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠤᠯᠲᠠ ᠵᠢ ᠠᠬᠢᠭᠤᠯᠬᠤ ᠵᠤᠷᠭ᠋ᠠᠨ᠎ᠤ ᠳᠠᠷᠤᠭ᠎ᠠ ᠵᠠᠩ ᠶᠢᠩ ᠢᠯᠡᠷᠬᠡᠶ᠋ᠢᠯᠡᠬᠦ᠎ᠳᠤ᠎ᠪᠠᠨ᠂ ᠡᠨᠡ ᠵᠢᠯ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠳᠤᠷᠠᠳᠤᠭᠰᠠᠨ ᠱᠠᠭ᠋ᠠᠷᠳᠠᠯᠭ᠎ᠠ ᠶᠣᠰᠣᠭ᠋ᠠᠷ᠂ 《ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠤᠳᠤᠷᠢᠳᠤᠮᠵᠢ ᠵᠢ ᠨᠠᠩ ᠳᠣᠪᠤᠶ᠋ᠢᠯᠭ᠋ᠠᠵᠤ᠂ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ》᠂ ᠠᠵᠢᠯ ᠣᠯᠭᠤᠯᠲᠠ ᠵᠢᠨ ᠰᠠᠶ᠋ᠢᠵᠢᠷᠠᠬᠤ ᠬᠠᠨᠳᠤᠰᠢ ᠵᠢ ᠬᠦᠴᠦᠯᠡᠨ ᠪᠠᠬᠢᠵᠢᠭᠦᠯᠦᠨ᠎ᠡ ᠭᠡᠵᠡᠢ᠃
    ᠬᠠᠮᠵᠢᠯᠴᠠᠭ᠎ᠠ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠨᠡᠶ᠋ᠢᠯᠡᠮᠡᠯ ᠬᠦᠴᠦᠨ᠎ᠢ ᠪᠠᠳᠠᠷᠠᠭᠤᠯᠤᠨ᠎ᠠ᠃ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ᠎ᠳᠤ ᠠᠰᠢᠭᠲᠠᠢ ᠲᠦᠷᠦ ᠵᠢᠨ ᠪᠣᠳᠣᠯᠭ᠎ᠠ ᠵᠢ ᠢᠯᠡᠭᠦᠬᠡᠨ ᠨᠡᠶ᠋ᠢᠲᠡᠯᠡᠵᠦ᠂ ᠠᠵᠤ ᠠᠬᠤᠢ ᠵᠢᠨ ᠪᠤᠰᠤ ᠲᠦᠷᠦ ᠵᠢᠨ ᠪᠣᠳᠣᠯᠭ᠎ᠠ ᠵᠢ ᠨᠡᠶ᠋ᠢᠲᠡᠯᠡᠵᠦ ᠠᠵᠢᠯ ᠣᠯᠭᠤᠯᠲᠠ ᠵᠢᠨ ᠨᠥᠯᠥᠭᠡ ᠵᠢ ᠵᠡᠷᠭᠡ᠎ᠪᠠᠷ ᠦᠨᠡᠯᠡᠨ ᠵᠢᠱ᠌ᠢᠬᠦ ᠵᠢ ᠠᠬᠢᠭᠤᠯᠤᠨ᠂ ᠡᠳ᠋᠎ᠤᠨ ᠵᠠᠰᠠᠭ᠎ᠤᠨ ᠨᠥᠬᠦᠪᠦᠷᠢ᠂ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠂ ᠮᠥᠩᠭᠦᠨ ᠭᠦᠢ᠍ᠯᠭᠡᠭᠡᠨ᠎ᠤ ᠳᠡᠮᠵᠢᠯᠭᠡ᠂ ᠨᠡᠶ᠋ᠢᠭᠡᠮ᠎ᠤᠨ ᠪᠠᠲᠤᠯᠠᠭ᠎ᠠ ᠵᠡᠷᠭᠡ ᠳᠡᠮᠵᠢᠯᠭᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠲᠦᠷᠦ ᠵᠢᠨ ᠪᠣᠳᠣᠯᠭ᠎ᠠ᠎ᠪᠠᠷ ᠠᠵᠢᠯ ᠣᠯᠭᠤᠯᠲᠠ ᠵᠢ ᠠᠬᠢᠭᠤᠯᠬᠤ ᠠᠰᠢᠭ᠎ᠢ ᠪᠠᠳᠠᠷᠠᠭᠤᠯᠤᠨ᠎ᠠ᠃
    ᠰᠢᠨ᠎ᠡ ᠵᠢ ᠡᠭᠦᠳᠬᠦ ᠵᠢ ᠠᠬᠢᠭᠤᠯᠵᠤ᠂ ᠠᠵᠢᠯ᠎ᠤᠨ ᠪᠠᠶ᠋ᠢᠷᠢ ᠵᠢᠨ ᠣᠷᠣᠨ ᠵᠠᠢ ᠵᠢ ᠠᠭᠤᠳᠠᠯᠤᠨ᠎ᠠ᠃ ᠠᠵᠢᠯ ᠣᠯᠭᠤᠯᠲᠠ ᠵᠢᠨ ᠠᠵᠤ ᠦᠢ᠍ᠯᠡᠰ᠎ᠤᠨ ᠬᠠᠮᠵᠢᠯᠴᠠᠨ ᠬᠥᠳᠡᠯᠦᠯᠴᠡᠬᠦ ᠲᠣᠭᠲᠠᠯᠴᠠᠭ᠎ᠠ ᠵᠢ ᠦᠷᠭᠦᠯᠵᠢᠯᠡᠨ ᠪᠦᠷᠢᠨᠰᠢᠭᠦᠯᠵᠦ᠂ ᠲᠣᠭ᠋ᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠪᠤᠭᠤᠷᠤᠯᠴᠤᠳ᠎ᠤᠨ ᠠᠵᠤ ᠠᠬᠤᠢ ᠵᠡᠷᠭᠡ ᠠᠵᠢᠯ ᠣᠯᠭᠤᠯᠲᠠ ᠵᠢᠨ ᠣᠷᠣᠨ ᠵᠠᠢ ᠵᠢ ᠥᠷᠭᠡᠳᠬᠡᠵᠦ᠂ ᠨᠡᠩ ᠤᠯᠠᠨ ᠰᠢᠨ᠎ᠡ ᠠᠵᠢᠯ᠎ᠤᠨ ᠪᠠᠶ᠋ᠢᠷᠢ ᠵᠢ ᠡᠭᠦᠳᠦᠨ᠎ᠡ᠃
    ᠭᠤᠣᠯᠳᠠᠯᠭ᠎ᠠ ᠵᠢ ᠠᠳᠬᠤᠵᠤ᠂ ᠠᠵᠢᠯ ᠣᠯᠭᠤᠯᠲᠠ ᠵᠢᠨ ᠶᠡᠭᠡ ᠲᠠᠯ᠎ᠠ ᠵᠢ ᠲᠣᠭᠲᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠤᠬᠤ ᠳᠡᠮᠵᠢᠯᠭᠡ ᠵᠢ ᠴᠢᠩᠭ᠋ᠠᠳᠬᠠᠵᠤ᠂ ᠲᠤᠰᠬᠠᠢ ᠦᠢ᠍ᠯᠡᠴᠢᠯᠡᠭᠡ ᠵᠢ ᠴᠢᠩᠭ᠋ᠠᠷᠠᠭᠤᠯᠤᠨ᠂ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠵᠢ ᠵᠣᠯᠭ᠋ᠠᠭᠤᠯᠤᠭᠰᠠᠨ᠂ ᠵᠠᠯᠠᠭᠤᠴᠤᠳ᠎ᠤᠨ ᠠᠵᠢᠯ ᠣᠯᠵᠤ ᠦᠰᠦᠨ ᠪᠣᠶ᠋ᠢᠵᠢᠬᠤ ᠵᠢ ᠠᠬᠢᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠤᠨ᠎ᠠ; ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠵᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠦᠨ᠂ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠪᠤᠵᠠᠭ᠋ᠠᠶ᠋ᠢᠷᠠᠭᠤᠯᠵᠤ᠂ ᠨᠤᠲᠤᠭ᠎ᠲᠤ᠎ᠪᠠᠨ ᠪᠤᠴᠠᠵᠤ ᠦᠢ᠍ᠯᠡᠰ ᠪᠤᠰᠬᠠᠬᠤ ᠵᠢ ᠳᠡᠮᠵᠢᠨ᠎ᠡ; ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠵᠤ᠂ ᠠᠵᠢᠯ ᠣᠯᠭᠤᠯᠲᠠ ᠵᠢᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠦᠨ᠂ ᠠᠵᠢᠯ ᠣᠯᠭᠤᠯᠲᠠ ᠵᠢᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠪᠠᠲᠤ ᠰᠠᠬᠢᠨ᠎ᠠ᠃
    《ᠡᠭᠦᠨ᠎ᠠᠴᠠ ᠭᠠᠳᠠᠨ᠎ᠠ᠂ ᠡᠨᠡ ᠵᠢᠯ ᠪᠠᠰᠠ ᠪᠦᠬᠦ ᠤᠯᠤᠰ᠎ᠤᠨ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠭᠠᠷᠭ᠋ᠠᠨ᠂ ᠭᠡᠷ᠎ᠤᠨ ᠡᠭᠦᠳᠡᠨ᠎ᠳᠠᠬᠢ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠵᠠᠭᠪᠤᠷ᠎ᠢ ᠪᠤᠶ ᠪᠣᠯᠭ᠋ᠠᠵᠤ᠂ ᠣᠯᠠᠨ ᠲᠦᠮᠡᠨ᠎ᠤ ᠮᠡᠳᠡᠷᠡᠵᠦ ᠬᠦᠷᠲᠡᠬᠦᠶ᠋ᠢᠴᠡ ᠨᠡᠩ ᠣᠯᠠᠨ ᠠᠵᠢᠯ ᠣᠯᠭᠤᠯᠲᠠ ᠵᠢᠨ ᠦᠢ᠍ᠯᠡᠴᠢᠯᠡᠭᠡ ᠵᠢ ᠬᠠᠩᠭ᠋ᠠᠬᠤ ᠪᠣᠯᠣᠨ᠎ᠠ》 ᠭᠡᠵᠦ ᠵᠠᠩ ᠶᠢᠩ ᠬᠡᠯᠡᠪᠡ᠃
    ᠣᠳᠣᠬᠠᠨ᠎ᠳᠤ᠂ ᠰᠢᠨ᠎ᠡ ᠨᠢᠭᠡ ᠵᠢᠯ᠎ᠤᠨ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠵᠢ ᠶᠠᠭ ᠵᠠᠯᠭ᠋ᠠᠭ᠎ᠠ᠎ᠪᠠᠷ ᠪᠤᠲᠠᠲᠠᠶ᠋ᠢᠵᠢᠭᠤᠯᠵᠤ ᠪᠠᠶ᠋ᠢᠨ᠎ᠠ᠃ ᠠᠵᠢᠯ ᠣᠯᠬᠤ᠎ᠳᠤ ᠬᠦᠴᠢᠷᠲᠡᠢ ᠬᠥᠮᠥᠰ᠂ ᠠᠵᠢᠯ ᠠᠯᠳᠠᠭᠰᠠᠨ ᠵᠡᠮᠳᠡᠭᠴᠦᠳ᠎ᠲᠤ ᠵᠣᠷᠢᠭᠤᠯᠤᠭᠰᠠᠨ ᠠᠵᠢᠯ ᠣᠯᠭᠤᠯᠲᠠ ᠵᠢᠨ ᠲᠤᠰᠠᠯᠠᠮᠵᠢ ᠵᠢᠨ ᠰᠠᠷ᠎ᠠ ᠵᠢᠨ ᠠᠵᠢᠯᠯᠠᠭ᠎ᠠ ᠵᠢ ᠨᠢᠭᠡᠨᠲᠡ ᠡᠬᠢᠯᠡᠭᠦᠯᠵᠦ᠂ ᠴᠥᠭᠡᠨ ᠪᠤᠰᠤ ᠭᠠᠵᠠᠷ ᠣᠷᠣᠨ᠎ᠤ᠎ᠬᠢᠨ 《ᠠᠵᠢᠯ ᠣᠯᠭᠤᠯᠲᠠ ᠵᠢᠨ ᠮᠣᠬᠤᠯᠠᠭ》 ᠭᠠᠷᠭ᠋ᠠᠵᠤ᠂ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠤᠯᠠᠨ ᠲᠦᠮᠡᠨ᠎ᠤ ᠳᠡᠷᠭᠡᠳᠡ ᠬᠦᠷᠭᠡᠵᠦ ᠪᠠᠶ᠋ᠢᠨ᠎ᠠ᠃ 2024 ᠣᠨ᠎ᠤ ᠬᠠᠪᠤᠷ᠎ᠤᠨ ᠤᠷᠢ ᠠᠵᠢᠯᠯᠠᠭ᠎ᠠ ᠵᠢ ᠨᠢᠭᠡᠨᠲᠡ ᠪᠥᠬᠦ ᠤᠯᠤᠰ᠎ᠲᠤ ᠥᠷᠨᠢᠭᠦᠯᠵᠦ᠂ ᠵᠢᠱ᠌ᠢᠯᠲᠡ᠎ᠪᠠᠷ 3000 ᠲᠦᠮᠡᠨ ᠠᠵᠢᠯ᠎ᠤᠨ ᠪᠠᠶ᠋ᠢᠷᠢ ᠬᠠᠩᠭ᠋ᠠᠬᠤ ᠪᠣᠯᠣᠨ᠎ᠠ᠃
    《ᠪᠢᠳᠡ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠵᠢᠮ᠎ᠡ ᠶᠣᠰᠣ᠎ᠲᠠᠢ ᠤᠶᠠᠯᠳᠤᠭᠤᠯᠤᠨ᠂ ᠬᠥᠳᠡᠯᠮᠦᠷᠢᠴᠢᠳ᠎ᠤᠨ ᠬᠡᠷᠡᠭᠴᠡᠭᠡ ᠵᠢ ᠦᠨᠳᠦᠰᠦᠯᠡᠨ᠂ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ᠎ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ᠎ᠲᠠᠢ ᠬᠦᠮᠦᠰ ᠪᠠ ᠡᠯ᠎ᠡ ᠲᠥᠷᠥᠯ᠎ᠤᠨ ᠠᠵᠢᠯᠴᠢᠨ ᠬᠡᠷᠡᠭᠯᠡᠬᠦ ᠠᠵᠤ ᠠᠬᠤᠶ᠋ᠢᠯᠠᠯ᠎ᠢ ᠬᠠᠮᠤᠷᠴᠦ᠂ 〈ᠰᠠᠷ᠎ᠠ ᠪᠣᠯᠭ᠋ᠠᠨ ᠡᠯᠰᠡᠯᠲᠡ᠎ᠲᠠᠢ᠂ ᠦᠢ᠍ᠯᠡᠴᠢᠯᠡᠭᠡ ᠵᠢ ᠲᠠᠰᠤᠯᠳᠠᠭᠤᠯᠬᠤ ᠦᠭᠡᠢ〉 ᠵᠢ ᠴᠢᠷᠮᠠᠶ᠋ᠢᠨ ᠪᠡᠶᠡᠯᠡᠭᠦᠯᠦᠨ᠎ᠡ》 ᠭᠡᠵᠦ ᠵᠠᠩ ᠶᠢᠩ ᠬᠡᠯᠡᠪᠡ᠃
   
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ