ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠬᠤᠯᠪᠣᠭ᠋ᠠᠯᠠᠨ 《2024 ᠣᠨ᠎ᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠵᠢ ᠬᠡᠯᠲᠦᠷᠢᠭᠦᠯᠬᠦ ᠵᠢᠴᠢ ᠡᠬᠡ ᠮᠥᠩᠭᠦ ᠵᠢ ᠬᠤᠶ᠋ᠢᠰᠢᠯᠠᠭᠤᠯᠤᠨ ᠲᠥᠯᠥᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠡᠳ᠋ ᠰᠤᠷᠭ᠋ᠠᠨ [2024] 2 ᠳ᠋ᠤᠭ᠋ᠠᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠪᠠ᠃ ᠡᠳᠦᠭᠡ ᠳᠠᠷᠠᠭ᠋ᠠᠬᠢ ᠮᠡᠲᠦ ᠲᠠᠶ᠋ᠢᠯᠤᠮᠵᠢ ᠬᠢᠪᠡ᠄
1. 《ᠮᠡᠳᠡᠭᠳᠡᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠠᠴᠢ ᠬᠤᠯᠪᠣᠭᠳᠠᠯ᠎ᠨᠢ ᠶᠠᠭᠤ ᠪᠤᠢ?
ᠬᠠᠷᠢᠭᠤᠯᠲᠠ᠄ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠬᠢᠨᠠᠮᠠᠭ᠋ᠠᠢ ᠰᠤᠳᠤᠯᠵᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠵᠢ ᠬᠡᠯᠲᠦᠷᠢᠭᠦᠯᠬᠦ ᠵᠢᠴᠢ ᠡᠬᠡ ᠮᠥᠩᠭᠦ ᠵᠢ ᠬᠤᠶ᠋ᠢᠰᠢᠯᠠᠭᠤᠯᠤᠨ ᠲᠥᠯᠥᠬᠦ ᠲᠥᠷᠥ ᠵᠢᠨ ᠪᠣᠳᠣᠯᠭ᠎ᠠ ᠵᠢ 2024 ᠣᠨ᠎ᠳᠤ ᠦᠷᠭᠦᠯᠵᠢᠯᠡᠭᠦᠯᠦᠨ ᠬᠡᠷᠡᠭᠵᠢᠭᠦᠯᠬᠦ᠎ᠪᠠᠷ ᠲᠣᠭᠲᠠᠪᠠ᠃
ᠲᠣᠰ ᠤᠳᠠᠭ᠋ᠠᠨ᠎ᠤ ᠠᠷᠭ᠎ᠠ ᠬᠡᠮᠵᠢᠶ᠎ᠡ ᠵᠢ ᠨᠡᠶ᠋ᠢᠲᠡᠯᠡᠭᠰᠡᠨ᠎ᠨᠢ᠂ ᠵᠢᠱ᠌ᠢᠯᠲᠡ᠎ᠪᠠᠷ 24.4 ᠳ᠋ᠦᠩᠰᠢᠭᠤᠷ ᠲᠥᠭᠦᠷᠢᠭ᠎ᠤᠨ ᠬᠦᠦ ᠮᠥᠩᠭᠦ ᠵᠢ ᠬᠠᠰᠤᠨ ᠬᠡᠯᠲᠦᠷᠢᠭᠦᠯᠵᠦ᠂ ᠪᠠᠷᠤᠭ 550 ᠲᠦᠮᠡᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠰᠢᠭ ᠬᠦᠷᠲᠡᠭᠡᠨ᠎ᠡ᠂ ᠡᠨᠡ᠎ᠨᠢ ᠵᠢᠭᠡᠯᠡᠯᠭᠡ ᠵᠢᠭᠡᠯᠡᠭᠰᠡᠨ ᠰᠤᠷᠤᠭᠴᠢᠳ᠎ᠤᠨ ᠠᠵᠤ ᠠᠬᠤᠢ ᠵᠢᠨ ᠳᠠᠷᠤᠭ᠋ᠠᠰᠤ ᠪᠠ ᠠᠵᠢᠯ ᠣᠯᠬᠤ ᠳᠠᠷᠤᠭ᠋ᠠᠰᠤ ᠵᠢ ᠬᠥᠩᠭᠡᠷᠡᠭᠦᠯᠵᠦ᠂ ᠰᠤᠷᠤᠭᠴᠢᠳ᠎ᠢ ᠬᠠᠪᠰᠤᠷᠤᠨ ᠬᠤᠪᠢ ᠬᠥᠮᠥᠨ᠎ᠤ ᠢᠲᠡᠭᠡᠮᠵᠢ ᠵᠢᠨ ᠲᠡᠮᠳᠡᠭᠯᠡᠯ᠎ᠢ᠎ᠨᠢ ᠬᠠᠮᠠᠭ᠋ᠠᠯᠠᠵᠤ᠂ ᠲᠡᠳᠡᠨ᠎ᠤ ᠤᠷᠤᠭᠰᠢᠲᠠᠢ᠎ᠪᠠᠷ ᠠᠵᠢᠯ ᠣᠯᠬᠤ ᠵᠢ ᠠᠬᠢᠭᠤᠯᠬᠤ᠎ᠳᠤ ᠠᠰᠢᠭᠲᠠᠢ ᠶᠤᠮ᠃
2. ᠲᠣᠰ ᠤᠳᠠᠭ᠋ᠠᠨ᠎ᠤ ᠬᠦᠦ ᠮᠥᠩᠭᠦ ᠵᠢ ᠬᠡᠯᠲᠦᠷᠢᠭᠦᠯᠬᠦ ᠪᠠ ᠡᠬᠡ ᠮᠥᠩᠭᠦ ᠵᠢ ᠬᠤᠶ᠋ᠢᠰᠢᠯᠠᠭᠤᠯᠤᠨ ᠲᠥᠯᠥᠬᠦ ᠡᠲᠡᠭᠡᠳ᠎ᠨᠢ ᠬᠡᠨ ᠪᠣᠶ?
ᠬᠠᠷᠢᠭᠤᠯᠲᠠ᠄ ᠲᠣᠰ ᠤᠳᠠᠭ᠋ᠠᠨ᠎ᠤ ᠬᠦᠦ ᠮᠥᠩᠭᠦ ᠵᠢ ᠬᠡᠯᠲᠦᠷᠢᠭᠦᠯᠬᠦ ᠪᠠ ᠡᠬᠡ ᠮᠥᠩᠭᠦ ᠵᠢ ᠬᠤᠶ᠋ᠢᠰᠢᠯᠠᠭᠤᠯᠤᠨ ᠲᠥᠯᠥᠬᠦ ᠡᠲᠡᠭᠡᠳ ᠪᠣᠯ 2024 ᠣᠨ ᠵᠢᠴᠢ ᠲᠡᠭᠦᠨ᠎ᠠᠴᠠ ᠡᠮᠦᠨᠡᠬᠢ ᠵᠢᠯ᠎ᠤᠳ᠎ᠲᠤ ᠲᠡᠭᠦᠰᠦᠭᠰᠡᠨ᠂ 2024 ᠣᠨ᠎ᠳᠤ ᠡᠬᠡ ᠮᠥᠩᠭᠦ ᠪᠤᠶᠤ ᠬᠦᠦ ᠮᠥᠩᠭᠦ᠎ᠪᠠᠨ ᠲᠥᠯᠥᠬᠦ ᠶᠣᠰᠣᠲᠠᠢ ᠵᠢᠭᠡᠯᠡᠯᠭᠡ ᠵᠢᠭᠡᠯᠡᠭᠰᠡᠨ ᠰᠤᠷᠤᠭᠴᠢᠳ ᠪᠣᠯᠣᠨ᠎ᠠ᠃
《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ᠎ᠪᠠᠨ ᠨᠢᠭᠡᠨᠲᠡ ᠲᠦᠯᠦᠵᠦ ᠳᠠᠭᠤᠰᠬᠠᠭᠰᠠᠨ ᠲᠡᠭᠦᠰᠬᠦ ᠰᠤᠷᠤᠭᠴᠢᠳ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠤᠰᠠᠯᠠᠮᠵᠢ ᠵᠢᠨ ᠬᠡᠪᠴᠢᠶᠡᠨ᠎ᠳᠤ ᠪᠠᠭᠲᠠᠬᠤ ᠦᠭᠡᠢ᠃
3. ᠲᠣᠰ ᠤᠳᠠᠭ᠋ᠠᠨ᠎ᠤ ᠬᠦᠦ ᠮᠥᠩᠭᠦ ᠵᠢ ᠬᠡᠯᠲᠦᠷᠢᠭᠦᠯᠬᠦ ᠬᠡᠪᠴᠢᠶ᠎ᠡ ᠵᠢ ᠬᠡᠷᠬᠢᠨ ᠲᠣᠭᠲᠠᠭ᠋ᠠᠬᠤ ᠪᠣᠶ? ᠭᠤᠶᠤᠴᠢᠯᠠᠬᠤ ᠴᠢᠬᠤᠯᠠᠲᠠᠢ ᠦᠦ?
ᠬᠠᠷᠢᠭᠤᠯᠲᠠ᠄ ᠲᠣᠰ ᠤᠳᠠᠭ᠋ᠠᠨ᠎ᠤ ᠬᠡᠯᠲᠦᠷᠢᠭᠦᠯᠦᠭᠰᠡᠨ᠎ᠨᠢ 2024 ᠣᠨ᠎ᠳᠤ ᠲᠥᠯᠥᠬᠦ ᠶᠣᠰᠣᠲᠠᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠪᠣᠯᠣᠨ᠎ᠠ᠂ ᠵᠢᠭᠡᠯᠡᠯᠭᠡ ᠵᠢᠭᠡᠯᠡᠭᠰᠡᠨ ᠰᠤᠷᠤᠭᠴᠢᠳ ᠭᠤᠶᠤᠴᠢᠯᠠᠬᠤ ᠴᠢᠬᠤᠯᠠ ᠦᠭᠡᠢ᠂ ᠳᠠᠭ᠋ᠠᠭ᠋ᠠᠨ ᠭᠦᠢ᠍ᠴᠡᠳᠬᠡᠬᠦ ᠪᠠᠩᠬᠢ ᠰᠢᠭᠤᠳ ᠭᠦᠢ᠍ᠴᠡᠳᠬᠡᠨ᠎ᠡ᠃
ᠨᠢᠭᠡ᠎ᠳᠤ 2024 ᠣᠨ᠎ᠳᠤ ᠰᠢᠨ᠎ᠡ᠎ᠪᠠᠷ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ᠎ᠤᠨ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠠᠬᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠵᠢ ᠡᠳ᠋᠎ᠤᠨ ᠵᠠᠰᠠᠭ᠎ᠠᠴᠠ ᠪᠥᠬᠦ ᠲᠤᠭ᠎ᠠ᠎ᠪᠠᠷ᠎ᠨᠢ ᠳᠠᠮ ᠬᠦᠦ ᠥᠭᠬᠦ ᠤᠴᠢᠷ᠎ᠠᠴᠠ᠂ ᠲᠡᠭᠦᠰᠦᠭᠰᠡᠨ ᠬᠤᠶ᠋ᠢᠨ᠎ᠠ ᠲᠥᠯᠥᠬᠦ ᠬᠤᠭᠤᠴᠠᠭ᠋ᠠᠨ᠎ᠳᠤ ᠣᠷᠣᠭᠰᠠᠨ᠎ᠤ ᠳᠠᠷᠠᠭ᠎ᠠ᠂ 2024 ᠣᠨ᠎ᠳᠤ ᠬᠤᠪᠢ ᠬᠥᠮᠥᠨ᠎ᠤ ᠲᠥᠯᠥᠬᠦ ᠶᠣᠰᠣᠲᠠᠢ ᠬᠦᠦ ᠮᠥᠩᠭᠦ ᠵᠢ᠎ᠨᠢ ᠬᠡᠯᠲᠦᠷᠢᠭᠦᠯᠦᠨ᠎ᠡ᠃
ᠬᠤᠶᠠᠷ᠎ᠲᠤ ᠥᠩᠭᠡᠷᠡᠭᠰᠡᠨ ᠵᠢᠯ᠎ᠤᠳ᠎ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ᠎ᠤᠨ 2024 ᠣᠨ᠎ᠳᠤ ᠬᠤᠪᠢ ᠬᠥᠮᠥᠨ᠎ᠤ ᠲᠥᠯᠥᠬᠦ ᠶᠣᠰᠣᠲᠠᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠵᠢ ᠬᠡᠯᠲᠦᠷᠢᠭᠦᠯᠦᠨ᠎ᠡ᠂ ᠡᠭᠦᠨ᠎ᠳᠤ ᠥᠩᠭᠡᠷᠡᠭᠰᠡᠨ ᠵᠢᠯ᠎ᠤᠳ᠎ᠤᠨ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠵᠢᠨ 2024 ᠣᠨ᠎ᠳᠤ ᠲᠦᠷᠦᠭᠰᠡᠨ ᠲᠣᠷᠭ᠋ᠠᠭᠤᠯᠢ ᠵᠢᠨ ᠬᠦᠦ ᠮᠥᠩᠭᠦ ᠵᠢ ᠪᠠᠭᠲᠠᠭ᠋ᠠᠨ᠎ᠠ᠃
4. ᠥᠩᠭᠡᠷᠡᠭᠰᠡᠨ ᠵᠢᠯ᠎ᠤᠳ᠎ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠬᠡᠷᠪᠡ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ 2024 ᠣᠨ᠎ᠤ ᠬᠦᠦ ᠮᠥᠩᠭᠦ᠎ᠪᠠᠨ ᠨᠢᠭᠡᠨᠲᠡ ᠲᠥᠯᠥᠭᠰᠡᠨ ᠪᠠᠶ᠋ᠢᠪᠠᠯ ᠬᠡᠯᠲᠦᠷᠢᠭᠦᠯᠵᠦ ᠪᠣᠯᠣᠨ᠎ᠠ ᠦᠦ?
ᠬᠠᠷᠢᠭᠤᠯᠲᠠ᠄ ᠥᠩᠭᠡᠷᠡᠭᠰᠡᠨ ᠵᠢᠯ᠎ᠤᠳ᠎ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ᠎ᠤᠨ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ ᠨᠢᠭᠡᠨᠲᠡ ᠲᠥᠯᠥᠭᠰᠡᠨ 2024 ᠣᠨ᠎ᠤ ᠬᠦᠦ ᠮᠥᠩᠭᠦ ᠵᠢ ᠬᠤᠶᠠᠷ ᠵᠦᠢ᠍ᠯ᠎ᠤᠨ ᠪᠠᠶ᠋ᠢᠳᠠᠯ᠎ᠳᠤ ᠬᠤᠪᠢᠶᠠᠵᠤ ᠬᠡᠯᠲᠦᠷᠢᠭᠦᠯᠦᠨ᠎ᠡ᠃
ᠨᠢᠭᠡ᠎ᠳᠤ ᠳᠠᠭ᠋ᠠᠭ᠋ᠠᠨ ᠭᠦᠢ᠍ᠴᠡᠳᠬᠡᠬᠦ ᠪᠠᠩᠬᠢ ᠵᠣᠭᠤᠰ ᠰᠠᠭᠤᠯᠭ᠋ᠠᠨ ᠬᠠᠰᠤᠭᠰᠠᠨ ᠦᠭᠡᠢ ᠪᠠᠶ᠋ᠢᠪᠠᠯ᠂ ᠵᠣᠬᠢᠬᠤ ᠪᠡᠯᠡ ᠮᠥᠩᠭᠦ ᠵᠢ ᠳᠠᠭᠢᠵᠤ ᠬᠠᠰᠤᠬᠤ ᠦᠭᠡᠢ᠂ ᠵᠢᠭᠡᠯᠡᠯᠭᠡ ᠵᠢᠭᠡᠯᠡᠭᠰᠡᠨ ᠰᠤᠷᠤᠭᠴᠢᠳ ᠥᠪᠡᠰᠦᠪᠡᠨ ᠬᠡᠷᠡᠭᠯᠡᠨ᠎ᠡ᠃
ᠬᠤᠶᠠᠷ᠎ᠲᠤ ᠳᠠᠭ᠋ᠠᠭ᠋ᠠᠨ ᠭᠦᠢ᠍ᠴᠡᠳᠬᠡᠬᠦ ᠪᠠᠩᠬᠢ᠎ᠨᠢ ᠨᠢᠭᠡᠨᠲᠡ ᠰᠠᠭᠤᠯᠭ᠋ᠠᠨ ᠬᠠᠰᠤᠭᠰᠠᠨ ᠪᠠᠶ᠋ᠢᠪᠠᠯ᠂ ᠨᠢᠭᠡᠨᠲᠡ ᠰᠠᠭᠤᠯᠭ᠋ᠠᠨ ᠬᠤᠷᠢᠶᠠᠭᠰᠠᠨ ᠬᠡᠯᠲᠦᠷᠢᠭᠦᠯᠬᠦ ᠶᠣᠰᠣᠲᠠᠢ ᠬᠦᠦ ᠮᠥᠩᠭᠦ ᠵᠢ ᠬᠤᠪᠢ ᠬᠥᠮᠥᠨ᠎ᠤ ᠲᠠᠩᠰᠠᠨ ᠡᠷᠦᠭᠡ᠎ᠳᠤᠨᠢ ᠪᠤᠴᠠᠭ᠋ᠠᠨ᠎ᠠ᠃
5. 《ᠮᠡᠳᠡᠭᠳᠡᠯ》᠎ᠳᠠᠬᠢ 《ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠳᠠᠮ ᠬᠦᠦ ᠵᠢᠨ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠵᠤ᠂ ᠬᠡᠯᠲᠦᠷᠢᠭᠦᠯᠦᠭᠰᠡᠨ ᠬᠦᠦ ᠮᠥᠩᠭᠦ ᠵᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ ᠲᠤᠰ ᠲᠤᠰ ᠡᠭᠦᠷᠭᠡᠯᠡᠨ᠎ᠡ》 ᠭᠡᠳᠡᠭ᠎ᠢ ᠬᠡᠷᠬᠢᠨ ᠣᠶ᠋ᠢᠯᠠᠭ᠋ᠠᠬᠤ ᠪᠤᠶ?
ᠬᠠᠷᠢᠭᠤᠯᠲᠠ᠄ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢ ᠦᠨᠳᠦᠰᠦᠯᠡᠪᠡᠯ᠂ ᠰᠤᠷᠤᠭᠴᠢᠳ᠎ᠤᠨ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠠᠬᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠦ ᠵᠢ ᠴᠥᠮ ᠡᠳ᠋᠎ᠤᠨ ᠵᠠᠰᠠᠭ᠎ᠠᠴᠠ ᠨᠥᠬᠦᠪᠦᠷᠢᠯᠡᠵᠦ᠂ ᠳᠠᠮ ᠬᠦᠦ ᠵᠢᠨ ᠪᠡᠯᠡ ᠮᠥᠩᠭᠦ ᠵᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ ᠲᠣᠰ ᠲᠣᠰ ᠡᠭᠦᠷᠭᠡᠯᠡᠨ᠎ᠡ᠃ ᠲᠣᠰ ᠤᠳᠠᠭ᠋ᠠᠨ᠎ᠤ ᠬᠦᠦ ᠮᠥᠩᠭᠦ ᠵᠢ ᠬᠡᠯᠲᠦᠷᠢᠭᠦᠯᠬᠦ᠎ᠳᠤ ᠳᠠᠮ ᠬᠦᠦ ᠵᠢᠨ ᠲᠥᠷᠥ ᠵᠢᠨ ᠪᠣᠳᠣᠯᠭ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠪᠣᠳᠠᠲᠠᠢ ᠲᠣᠬᠢᠷᠠᠭᠤᠯᠤᠯᠲᠠ ᠵᠢᠨ ᠠᠷᠭ᠎ᠠ ᠮᠠᠶᠢᠭ᠄ ᠬᠦᠦ ᠮᠥᠩᠭᠦ ᠵᠢ ᠬᠡᠯᠲᠦᠷᠢᠭᠦᠯᠬᠦ᠎ᠳᠤ ᠬᠡᠷᠡᠭᠰᠡᠬᠦ ᠪᠡᠯᠡ ᠮᠥᠩᠭᠦ ᠵᠢ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠥᠯᠥᠪᠯᠡᠭᠡ᠎ᠳᠤ ᠲᠤᠰᠠᠭ᠋ᠠᠷ ᠵᠢᠭᠰᠠᠭ᠋ᠠᠭᠰᠠᠨ ᠬᠤᠲᠠ)᠎ᠪᠠᠷ ᠨᠢᠭᠡᠴᠢ ᠪᠣᠯᠭ᠋ᠠᠵᠤ᠂ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠨᠢᠭᠡᠨᠲᠡ ᠳᠠᠭ᠋ᠠᠭ᠋ᠠᠨ ᠭᠦᠢ᠍ᠴᠡᠳᠬᠡᠬᠦ ᠪᠠᠩᠬᠢ᠎ᠳᠤ ᠰᠠᠯᠭ᠋ᠠᠨ ᠥᠭᠭᠦᠭᠰᠡᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠲᠦᠭᠰᠢᠭᠦᠷᠢ ᠵᠢᠨ ᠨᠥᠬᠦᠪᠦᠷᠢ ᠮᠥᠩᠭᠦᠨ᠎ᠤ ᠬᠡᠷᠡᠭᠯᠡᠵᠦ ᠪᠣᠯᠬᠤ ᠦᠯᠡᠳᠡᠭᠡᠯ ᠪᠡᠯᠡ ᠮᠥᠩᠭᠦ᠎ᠠᠴᠠ ᠲᠥᠯᠥᠵᠦ ᠪᠣᠯᠣᠨ᠎ᠠ᠃ ᠬᠦᠷᠦᠯᠴᠡᠬᠦ ᠦᠭᠡᠢ ᠬᠡᠰᠡᠭ ᠪᠤᠶᠤ ᠦᠯᠡᠳᠡᠭᠡᠯ ᠪᠡᠯᠡ ᠮᠥᠩᠭᠦ ᠪᠠᠶ᠋ᠢᠬᠤ ᠦᠭᠡᠢ ᠮᠤᠵᠢ ᠣᠷᠣᠨ᠎ᠤ ᠬᠡᠷᠡᠭᠰᠡᠬᠦ ᠪᠡᠯᠡ ᠮᠥᠩᠭᠦ ᠵᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ ᠲᠣᠰ ᠲᠣᠰ 2024 ᠣᠨ᠎ᠤ ᠲᠥᠰᠥᠪ᠎ᠲᠤ᠎ᠪᠠᠨ ᠲᠣᠬᠢᠷᠠᠭᠤᠯᠤᠨ᠎ᠠ᠃
6. 2024 ᠣᠨ᠎ᠳᠤ ᠲᠥᠯᠥᠬᠦ ᠶᠣᠰᠣᠲᠠᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠡᠬᠡ ᠮᠥᠩᠭᠦ ᠵᠢ ᠨᠢᠭᠡ ᠵᠢᠯ ᠬᠤᠶ᠋ᠢᠰᠢᠯᠠᠭᠤᠯᠤᠨ ᠲᠥᠯᠥᠬᠦ᠎ᠪᠠᠷ ᠭᠤᠶᠤᠴᠢᠯᠠᠵᠤ ᠪᠣᠯᠣᠨ᠎ᠠ᠂ ᠬᠡᠷᠬᠢᠨ ᠭᠦᠢ᠍ᠴᠡᠳᠬᠡᠬᠦ ᠪᠤᠶ?
ᠬᠠᠷᠢᠭᠤᠯᠲᠠ᠄ ᠨᠢᠭᠡ᠎ᠳᠤ ᠡᠬᠡ ᠮᠥᠩᠭᠦ ᠪᠤᠴᠠᠭ᠋ᠠᠬᠤ ᠬᠤᠭᠤᠴᠠᠭ᠎ᠠ᠎ᠪᠠᠨ ᠤᠷᠲᠤᠳᠬᠠᠭᠰᠠᠨ ᠵᠢᠭᠡᠯᠡᠯᠭᠡ ᠵᠢᠭᠡᠯᠡᠭᠰᠡᠨ ᠰᠤᠷᠤᠭᠴᠢᠳ 2024 ᠣᠨ᠎ᠳᠤ ᠵᠢᠭᠡᠯᠡᠯᠭᠡ ᠵᠢᠨ ᠡᠬᠡ ᠮᠥᠩᠭᠦ᠎ᠪᠠᠨ ᠲᠦᠯᠦᠬᠦ ᠴᠢᠬᠤᠯᠠ ᠦᠭᠡᠢ ᠪᠣᠯᠬᠤᠷ ᠵᠢᠭᠡᠯᠡᠯᠭᠡ ᠵᠢᠨ ᠡᠬᠡ ᠮᠥᠩᠭᠦ᠎ᠪᠠᠨ ᠬᠤᠶ᠋ᠢᠰᠢᠯᠠᠭᠤᠯᠤᠨ ᠲᠦᠯᠦᠬᠦ᠎ᠪᠠᠷ ᠭᠤᠶᠤᠴᠢᠯᠠᠬᠤ ᠴᠢᠬᠤᠯᠠ ᠦᠭᠡᠢ᠃
ᠬᠤᠶᠠᠷ᠎ᠲᠤ ᠵᠢᠭᠡᠯᠡᠯᠭᠡ ᠵᠢᠨ ᠡᠬᠡ ᠮᠥᠩᠭᠦ ᠵᠢ ᠪᠤᠴᠠᠭ᠋ᠠᠬᠤ ᠬᠤᠭᠤᠴᠠᠭ᠋ᠠᠨ᠎ᠳᠤ ᠪᠠᠶ᠋ᠢᠭ᠎ᠠ ᠵᠢᠭᠡᠯᠡᠯᠭᠡ ᠵᠢᠭᠡᠯᠡᠭᠰᠡᠨ ᠰᠤᠷᠤᠭᠴᠢᠳ ᠥᠪᠡᠷᠲᠡᠭᠡᠨ ᠭᠤᠶᠤᠴᠢᠯᠠᠬᠤ ᠵᠢᠨ ᠬᠠᠮᠲᠤ ᠳᠠᠭ᠋ᠠᠭ᠋ᠠᠨ ᠭᠦᠢ᠍ᠴᠡᠳᠬᠡᠬᠦ ᠪᠠᠩᠬᠢ ᠵᠢᠨ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠪᠡᠯ᠂ 2024 ᠣᠨ᠎ᠤ ᠵᠢᠭᠡᠯᠡᠯᠭᠡ ᠵᠢᠨ ᠡᠬᠡ ᠮᠥᠩᠭᠦ᠎ᠪᠠᠨ 1 ᠵᠢᠯ ᠬᠤᠶ᠋ᠢᠰᠢᠯᠠᠭᠤᠯᠤᠨ ᠲᠥᠯᠥᠵᠦ ᠪᠣᠯᠣᠨ᠎ᠠ᠂ ᠬᠤᠭᠤᠴᠠᠭ᠎ᠠ ᠵᠢ ᠤᠷᠲᠤᠳᠬᠠᠭᠰᠠᠨ ᠵᠢᠭᠡᠯᠡᠯᠭᠡ᠎ᠳᠤ ᠲᠣᠷᠭ᠋ᠠᠭᠤᠯᠢ ᠵᠢᠨ ᠬᠦᠦ ᠮᠥᠩᠭᠦ ᠪᠠ ᠳᠠᠪᠬᠤᠷ ᠬᠦᠦ ᠮᠥᠩᠭᠦ ᠪᠤᠳᠤᠬᠤ ᠦᠭᠡᠢ᠂ ᠬᠠᠮᠤᠭ᠎ᠤᠨ ᠣᠷᠳᠣ ᠵᠢᠭᠡᠯᠡᠯᠭᠡ ᠵᠢᠨ ᠬᠤᠭᠤᠴᠠᠭ᠎ᠠ ᠵᠢᠨ ᠲᠥᠷᠥ ᠵᠢᠨ ᠪᠣᠳᠣᠯᠭ᠎ᠠ ᠬᠤᠪᠢᠷᠠᠬᠤ ᠦᠭᠡᠢ᠃ ᠲᠤᠰ ᠬᠥᠮᠥᠨ ᠭᠤᠶᠤᠴᠢᠯᠠᠯ ᠳᠡᠪᠰᠢᠭᠦᠯᠦᠭᠰᠡᠨ ᠦᠭᠡᠢ ᠪᠠᠶ᠋ᠢᠪᠠᠯ᠂ ᠤᠤᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠵᠢᠭᠡᠯᠡᠯᠭᠡ ᠵᠢᠨ ᠡᠬᠡ ᠮᠥᠩᠭᠦ ᠵᠢ ᠪᠤᠴᠠᠭ᠋ᠠᠨ᠎ᠠ ᠭᠡᠵᠦ ᠳᠤᠭᠤᠢ ᠮᠡᠳᠡᠷᠡᠨ᠎ᠡ᠃
ᠭᠤᠷᠪᠠ᠎ᠳᠤ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ᠂ ᠵᠢᠭᠡᠯᠡᠯᠭᠡ ᠵᠢᠭᠡᠯᠡᠭᠰᠡᠨ ᠰᠤᠷᠤᠭᠴᠢᠳ᠎ᠤᠨ ᠨᠢᠭᠡᠨᠲᠡ ᠨᠢᠭᠡ ᠬᠡᠰᠡᠭ ᠪᠤᠶᠤ ᠪᠦᠬᠦ ᠡᠬᠡ ᠮᠥᠩᠭᠦ ᠵᠢ ᠲᠦᠯᠦᠭᠰᠡᠨ ᠪᠠᠶ᠋ᠢᠪᠠᠯ ᠬᠤᠶ᠋ᠢᠰᠢᠯᠠᠭᠤᠯᠤᠨ ᠲᠥᠯᠥᠬᠦ᠎ᠪᠠᠷ ᠳᠠᠭᠢᠵᠤ ᠭᠤᠶᠤᠴᠢᠯᠠᠵᠤ ᠪᠣᠯᠬᠤ ᠦᠭᠡᠢ᠃
ᠬᠠᠮᠢᠶ᠎ᠠ ᠪᠦᠬᠦᠢ ᠭᠤᠶᠤᠴᠢᠯᠠᠬᠤ ᠠᠷᠭ᠎ᠠ ᠵᠠᠮ᠎ᠢ ᠡᠯ᠎ᠡ ᠳᠠᠭ᠋ᠠᠭ᠋ᠠᠨ ᠭᠦᠢ᠍ᠴᠡᠳᠬᠡᠬᠦ ᠪᠠᠩᠬᠢ᠎ᠠᠴᠠ ᠬᠠᠷᠢᠭᠤᠴᠠᠨ ᠨᠡᠪᠲᠡᠷᠡᠭᠦᠯᠦᠨ᠎ᠡ᠂ ᠵᠢᠭᠡᠯᠡᠯᠭᠡ ᠵᠢᠭᠡᠯᠡᠭᠰᠡᠨ ᠰᠤᠷᠤᠭᠴᠢᠳ ᠴᠠᠭ ᠲᠤᠬᠠᠢᠳᠤᠨᠢ ᠠᠩᠬᠠᠷᠤᠯ᠎ᠳᠤ᠎ᠪᠠᠨ ᠠᠪᠤᠭ᠋ᠠᠷᠠᠢ᠃