ᠣᠶ᠋ᠢᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ 《ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠠᠮᠠᠷᠠᠯᠲᠠ ᠪᠠ ᠬᠥᠳᠡᠯᠮᠦᠷᠢ ᠵᠢᠨ ᠬᠥᠯᠥᠰᠦ ᠣᠯᠭᠤᠮᠵᠢ ᠵᠢᠨ ᠡᠷᠬᠡ ᠠᠰᠢᠭ᠎ᠢ ᠪᠠᠲᠤᠯᠠᠬᠤ ᠵᠢᠯᠣᠭᠤᠳᠤᠮᠵᠢ》 《ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠬᠥᠳᠡᠯᠮᠦᠷᠢ ᠵᠢᠨ ᠳᠦᠷᠢᠮ᠎ᠢ ᠵᠠᠷᠯᠠᠨ ᠨᠡᠶ᠋ᠢᠲᠡᠯᠡᠬᠦ ᠵᠢᠯᠣᠭᠤᠳᠤᠮᠵᠢ》 《ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠵᠦᠭᠯᠡᠭᠦᠷ》᠎ᠢ ᠨᠡᠶ᠋ᠢᠲᠡᠯᠡᠪᠡ᠃ ᠰᠢᠤᠳᠠᠨ ᠬᠦᠷᠭᠡᠭᠴᠢ᠂ ᠰᠦᠯᠵᠢᠶ᠎ᠡ᠎ᠪᠠᠷ ᠪᠣᠯᠵᠣᠬᠤ ᠮᠠᠰᠢᠨ᠎ᠤ ᠵᠢᠯᠣᠭᠤᠴᠢ᠂ ᠭᠡᠷ ᠠᠬᠤᠢ ᠵᠢᠨ ᠦᠢ᠍ᠯᠡᠴᠢᠯᠡᠭᠴᠢ ᠵᠡᠷᠭᠡ ᠠᠵᠢᠯ᠎ᠤᠨ ᠬᠥᠯᠥᠰᠦ ᠣᠯᠭᠤᠮᠵᠢ ᠥᠭᠬᠦ᠂ ᠠᠵᠢᠯᠯᠠᠵᠤ ᠠᠮᠠᠷᠠᠬᠤ᠂ ᠬᠥᠳᠡᠯᠮᠦᠷᠢ ᠵᠢᠨ ᠵᠢᠭᠤᠷᠠᠯᠳᠤᠭ᠋ᠠᠨ ᠵᠡᠷᠭᠡ ᠠᠰᠠᠭᠤᠳᠠᠯ᠎ᠤᠳ᠎ᠢ ᠪᠣᠳᠠᠲᠠᠢ ᠵᠢᠯᠣᠭᠤᠳᠤᠨ᠂ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠭᠦᠯᠦᠨ ᠠᠵᠢᠯᠴᠢᠨ ᠬᠡᠷᠡᠭᠯᠡᠬᠦ ᠵᠢ ᠨᠠᠩ ᠰᠠᠶ᠋ᠢᠲᠤᠷ ᠬᠠᠪᠰᠤᠷᠴᠤ᠂ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠡᠷᠬᠡ ᠠᠰᠢᠭ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠪᠣᠯᠣᠨ᠎ᠠ᠃
ᠣᠶ᠋ᠢᠷ᠎ᠠ ᠵᠢᠨ ᠬᠡᠳᠦᠨ ᠵᠢᠯ᠎ᠤᠳ᠎ᠲᠤ᠂ ᠲᠠᠪᠴᠠᠩ᠎ᠤᠨ ᠠᠵᠤ ᠠᠬᠤᠢ ᠦᠳᠲᠡᠷ ᠲᠦᠷᠭᠡᠨ ᠬᠥᠭᠵᠢᠵᠦ᠂ ᠶᠡᠭᠡ ᠬᠡᠮᠵᠢᠶᠡᠨ᠎ᠤ ᠠᠵᠢᠯ ᠣᠯᠬᠤ ᠲᠣᠬᠢᠶᠠᠯ᠎ᠢ ᠡᠭᠦᠳᠴᠦ᠂ ᠢᠨᠲ᠋ᠧᠷ ᠰᠦᠯᠵᠢᠶᠡᠨ ᠲᠠᠪᠴᠠᠩ᠎ᠳᠤ ᠨᠡᠶ᠋ᠢᠲᠡᠯᠡᠭᠰᠡᠨ ᠲᠣᠬᠢᠷᠠᠭᠤᠯᠤᠨ ᠬᠦᠷᠭᠡᠬᠦ᠂ ᠶᠠᠪᠤᠵᠤ ᠰᠠᠭᠤᠬᠤ᠂ ᠲᠡᠭᠡᠭᠡᠪᠦᠷᠢᠯᠡᠬᠦ᠂ ᠭᠡᠷ ᠠᠬᠤᠢ ᠵᠢᠨ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ᠎ᠠᠴᠠ ᠭᠥᠯᠢᠶᠡᠨ ᠠᠪᠤᠭᠰᠠᠨ ᠬᠥᠳᠡᠯᠮᠦᠷᠢᠴᠢᠳ᠎ᠤᠨ ᠡᠷᠬᠡ ᠠᠰᠢᠭ᠎ᠨᠢ ᠨᠡᠶ᠋ᠢᠭᠡᠮ ᠨᠡᠶ᠋ᠢᠲᠡ ᠵᠢᠨ ᠠᠩᠬᠠᠷᠤᠯ᠎ᠢ ᠶᠡᠬᠡᠳᠡ ᠲᠠᠲᠠᠵᠤ ᠪᠠᠶ᠋ᠢᠨ᠎ᠠ᠃ ᠲᠠᠪᠴᠠᠩ᠎ᠤᠨ ᠠᠵᠤ ᠠᠬᠤᠶ᠋ᠢᠯᠠᠯ᠎ᠤᠳ᠎ᠨᠢ ᠡᠶ᠋ᠢᠮᠦᠷᠬᠦᠦ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠲᠤ ᠤᠯᠠᠨ ᠵᠦᠢ᠍ᠯ᠎ᠤᠨ ᠵᠣᠬᠢᠶᠠᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠵᠠᠭᠪᠤᠷ᠎ᠲᠠᠢ ᠪᠠᠶ᠋ᠢᠳᠠᠭ᠃ ᠵᠢᠱ᠌ᠢᠶᠡᠯᠡᠪᠡᠯ᠂ ᠵᠠᠬᠢᠶᠠᠯᠠᠭ᠎ᠠ ᠬᠦᠷᠭᠡᠬᠦ ᠠᠵᠢᠯᠴᠢᠨ ᠬᠡᠷᠡᠭᠯᠡᠬᠦ ᠵᠠᠭᠪᠤᠷ᠎ᠲᠤ ᠲᠤᠰᠬᠠᠢ ᠤᠨᠤᠭ᠋ᠠᠴᠢᠨ᠂ ᠨᠡᠶ᠋ᠢᠲᠡ ᠵᠢᠨ ᠳᠠᠭ᠋ᠠᠭ᠋ᠠᠴᠢᠯᠠᠯᠲᠠ ᠵᠢᠨ ᠤᠨᠤᠭ᠋ᠠᠴᠢᠨ ᠭᠡᠵᠦ ᠪᠣᠶ᠂ ᠰᠦᠯᠵᠢᠶ᠎ᠡ᠎ᠪᠠᠷ ᠮᠠᠰᠢᠨ ᠪᠣᠯᠵᠣᠬᠤ ᠠᠵᠢᠯᠴᠢᠨ ᠬᠡᠷᠡᠭᠯᠡᠬᠦ ᠵᠠᠭᠪᠤᠷ᠎ᠲᠤ C2C ᠵᠠᠭᠪᠤᠷ᠂ B2C ᠵᠠᠭᠪᠤᠷ ᠪᠠ ᠴᠤᠭᠯᠠᠷᠠᠯ᠎ᠤᠨ ᠵᠠᠭᠪᠤᠷ ᠭᠡᠵᠦ ᠪᠣᠶ᠃ ᠠᠵᠢᠯᠴᠢᠨ ᠬᠡᠷᠡᠭᠯᠡᠬᠦ ᠠᠳᠠᠯᠢ ᠪᠤᠰᠤ ᠵᠠᠭᠪᠤᠷ᠎ᠨᠢ ᠤᠯᠠᠮᠵᠢᠯᠠᠯᠲᠤ ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯ ᠣᠯᠣᠯᠲᠠ ᠵᠢᠨ ᠦᠢ᠍ᠯᠡᠴᠢᠯᠡᠭᠡ᠂ ᠬᠥᠳᠡᠯᠮᠦᠷᠢ ᠵᠢᠨ ᠪᠠᠲᠤᠯᠠᠭ᠎ᠠ ᠵᠢᠨ ᠡᠷᠬᠡ ᠠᠰᠢᠭ᠎ᠲᠤ ᠰᠢᠨ᠎ᠡ ᠥᠷᠢᠰᠦᠯᠳᠦᠭᠡᠨ᠎ᠢ ᠳᠤᠷᠠᠳᠤᠭᠰᠠᠨ ᠪᠠᠶ᠋ᠢᠨ᠎ᠠ᠃ ᠡᠭᠦᠨ᠎ᠳᠤ᠂ ᠠᠵᠢᠯᠯᠠᠬᠤ ᠴᠠᠭ᠎ᠨᠢ ᠬᠡᠲᠦ ᠣᠷᠳᠣ᠂ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ ᠵᠢ ᠬᠡᠷᠡᠭᠯᠡᠭᠰᠡᠨ᠎ᠨᠢ ᠲᠣᠳᠣ ᠦᠭᠡᠢ᠂ ᠲᠠᠪᠴᠠᠩ᠎ᠤᠨ ᠳᠦᠷᠢᠮ᠎ᠢ ᠲᠣᠭᠲᠠᠭ᠋ᠠᠭᠰᠠᠨ᠎ᠨᠢ ᠢᠯᠡ ᠪᠤᠰᠤ᠂ ᠡᠷᠬᠡ᠎ᠪᠠᠨ ᠬᠠᠮᠠᠭ᠋ᠠᠯᠠᠬᠤ᠎ᠳᠤ ᠬᠦᠴᠢᠷᠳᠡᠯ ᠶᠡᠭᠡ ᠵᠡᠷᠭᠡ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠤᠨ ᠲᠤᠰᠬᠠᠯ ᠨᠡᠯᠢᠶᠡᠳ ᠲᠣᠪᠣᠶ᠋ᠢᠮ᠎ᠠ ᠪᠠᠶ᠋ᠢᠨ᠎ᠠ᠃
2021 ᠣᠨ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ 《ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠬᠤ ᠲᠤᠬᠠᠢ ᠵᠢᠯᠤᠭᠤᠳᠬᠤ ᠰᠠᠨᠠᠯ》᠎ᠢ ᠨᠡᠶ᠋ᠢᠲᠡᠯᠡᠭᠰᠡᠨ᠎ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠠᠰᠠ ᠵᠠᠬᠢᠶᠠᠯᠠᠭ᠎ᠠ ᠬᠦᠷᠭᠡᠭᠴᠢ᠂ ᠰᠦᠯᠵᠢᠶ᠎ᠡ᠎ᠪᠠᠷ ᠪᠣᠯᠵᠣᠬᠤ ᠮᠠᠰᠢᠨ᠎ᠤ ᠵᠢᠯᠣᠭᠤᠴᠢ ᠵᠡᠷᠭᠡ ᠭᠤᠣᠯᠳᠠᠯᠭ᠎ᠠ᠎ᠲᠠᠢ ᠬᠥᠮᠥᠰ᠎ᠲᠤ ᠬᠠᠨᠳᠤᠭᠤᠯᠤᠭᠰᠠᠨ ᠲᠤᠰᠬᠠᠢ ᠡᠷᠬᠡ ᠠᠰᠢᠭ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠣᠯᠠᠨᠲᠠ ᠨᠡᠶ᠋ᠢᠲᠡᠯᠡᠭᠰᠡᠨ ᠪᠠᠶ᠋ᠢᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠳᠡᠯᠮᠦᠷᠢ ᠵᠢᠨ ᠬᠠᠷᠢᠴᠠᠭ᠋ᠠᠨ᠎ᠤ ᠵᠤᠷᠭ᠋ᠠᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠡᠲᠡᠭᠡᠷ ᠠᠷᠭ᠎ᠠ ᠬᠡᠮᠵᠢᠶ᠎ᠡ᠎ᠨᠢ ᠠᠵᠤ ᠠᠬᠤᠶ᠋ᠢᠯᠠᠯ᠎ᠤᠨ ᠬᠥᠳᠡᠯᠮᠦᠷᠢ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠵᠦᠢ ᠵᠣᠬᠢᠰᠲᠠᠢ ᠵᠠᠭ᠋ᠠᠭᠯᠠᠵᠤ᠂ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠳᠦᠷᠢᠮ᠎ᠤᠨ ᠲᠣᠭᠲᠠᠴᠠ᠎ᠳᠤ ᠰᠢᠨ᠎ᠡ ᠵᠢ ᠡᠭᠦᠳᠪᠡ᠃ ᠭᠡᠲᠡᠯ᠎ᠡ᠂ ᠠᠵᠤ ᠠᠬᠤᠶ᠋ᠢᠯᠠᠯ᠎ᠤᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠬᠤ ᠵᠢ ᠵᠢᠯᠣᠭᠤᠳᠤᠨ ᠠᠬᠢᠭᠤᠯᠬᠤ ᠶᠠᠪᠤᠴᠠ᠎ᠳᠤ᠂ ᠠᠵᠤ ᠠᠬᠤᠶ᠋ᠢᠯᠠᠯ᠎ᠤᠳ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠨᠢ ᠬᠡᠷᠡᠭᠵᠢᠭᠦᠯᠬᠦᠶ᠋ᠢᠴᠡ ᠴᠢᠨᠠᠷ ᠵᠶ᠋ᠠᠷ ᠳᠤᠲᠠᠮᠠᠭ ᠪᠠᠶ᠋ᠢᠵᠤ᠂ ᠨᠠᠩ ᠪᠣᠳᠠᠲᠠᠢ ᠬᠡᠷᠡᠭᠵᠢᠭᠦᠯᠬᠦ ᠠᠷᠭ᠎ᠠ ᠲᠣᠭᠲᠠᠭ᠋ᠠᠵᠤ᠂ ᠣᠨᠣᠪᠴᠢᠲᠠᠶ ᠣᠶ᠋ᠢᠯᠠᠭ᠋ᠠᠬᠤ ᠪᠠ ᠪᠥᠬᠦ ᠲᠠᠯ᠎ᠠ᠎ᠪᠠᠷ ᠬᠡᠷᠡᠭᠵᠢᠭᠦᠯᠬᠦ᠎ᠳᠤ ᠳᠥᠭᠦᠮᠯᠡᠬᠦ ᠵᠢ ᠬᠦᠰᠡᠵᠦ ᠪᠠᠶ᠋ᠢᠨ᠎ᠠ ᠭᠡᠵᠦ ᠲᠤᠰᠬᠠᠵᠠᠢ ᠭᠡᠪᠡ᠃
ᠰᠢᠨ᠎ᠡ ᠲᠣᠭᠲᠠᠭ᠋ᠠᠯ᠎ᠳᠤ ᠬᠥᠮᠥᠰ᠎ᠤᠨ ᠠᠩᠬᠠᠷᠤᠯ᠎ᠢ ᠲᠠᠲᠠᠭᠰᠠᠨ ᠨᠢᠭᠡ ᠬᠤᠪᠢᠷᠠᠯᠲᠠ ᠭᠡᠪᠡᠯ᠂ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠠᠵᠢᠯᠯᠠᠬᠤ ᠴᠠᠭ᠎ᠢ ᠪᠤᠳᠤᠬᠤ ᠠᠷᠭ᠎ᠠ ᠪᠠ ᠠᠮᠠᠷᠠᠬᠤ ᠠᠷᠭ᠎ᠠ ᠵᠢ ᠳᠤᠷᠠᠳᠴᠠᠢ᠃ ᠲᠤᠬᠠᠶ᠋ᠢᠯᠠᠪᠠᠯ ᠠᠵᠢᠯᠯᠠᠬᠤ ᠴᠠᠭ᠎ᠨᠢ ᠳᠡᠭᠡᠳᠦ ᠬᠢᠵᠠᠭ᠋ᠠᠷᠲᠤ᠎ᠪᠠᠨ ᠬᠥᠷᠪᠡᠯ᠂ ᠲᠠᠪᠴᠠᠩ᠎ᠠᠴᠠ ᠵᠠᠬᠢᠶᠠᠯᠠᠭ᠎ᠠ ᠳᠠᠭ᠋ᠠᠭ᠋ᠠᠯᠭ᠋ᠠᠬᠤ᠎ᠪᠠᠨ ᠵᠣᠭᠰᠣᠬᠤ ᠬᠡᠷᠡᠭᠲᠡᠢ᠃ 《ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠠᠮᠠᠷᠠᠯᠲᠠ ᠪᠠ ᠬᠥᠳᠡᠯᠮᠦᠷᠢ ᠵᠢᠨ ᠬᠥᠯᠥᠰᠦ ᠣᠯᠭᠤᠮᠵᠢ ᠵᠢᠨ ᠡᠷᠬᠡ ᠠᠰᠢᠭ᠎ᠢ ᠪᠠᠲᠤᠯᠠᠬᠤ ᠵᠢᠯᠣᠭᠤᠳᠤᠮᠵᠢ》᠎ᠳᠤ᠂ ᠲᠠᠪᠴᠠᠩ᠎ᠤᠨ ᠠᠵᠤ ᠠᠬᠤᠶ᠋ᠢᠯᠠᠯ᠎ᠨᠢ ᠠᠵᠢᠯᠴᠢᠨ᠎ᠤ ᠡᠪᠯᠡᠯ ᠪᠤᠶᠤ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠲᠥᠯᠥᠭᠡᠯᠡᠭᠴᠢ᠎ᠲᠠᠢ ᠵᠥᠪᠳᠡᠯᠴᠡᠵᠦ᠂ ᠬᠥᠳᠡᠯᠮᠦᠷᠢᠴᠢᠳ᠎ᠤᠨ ᠵᠠᠯᠭ᠋ᠠᠭ᠎ᠠ᠎ᠪᠠᠷ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ ᠴᠠᠭ ᠪᠠ ᠡᠳᠦᠷ ᠪᠦᠷᠢ ᠵᠢᠨ ᠬᠠᠮᠤᠭ ᠣᠷᠳᠣ ᠠᠵᠢᠯᠯᠠᠬᠤ ᠴᠠᠭ᠎ᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠬᠥᠳᠡᠯᠮᠦᠷᠢᠴᠢᠳ᠎ᠤᠨ ᠠᠵᠢᠯᠯᠠᠬᠤ ᠴᠠᠭ᠎ᠨᠢ ᠳᠡᠭᠡᠳᠦ ᠬᠢᠵᠠᠭ᠋ᠠᠷᠲᠤ᠎ᠪᠠᠨ ᠬᠥᠷᠪᠡᠯ᠂ ᠰᠢᠰᠲ᠋ᠧᠮ᠎ᠠᠴᠠ ᠠᠮᠠᠷᠠᠬᠤ ᠰᠠᠨᠠᠭᠤᠯᠤᠮᠵᠢ ᠥᠭᠬᠦ ᠵᠢᠨ ᠬᠠᠮᠲᠤ ᠵᠠᠬᠢᠶᠠᠯᠠᠭ᠎ᠠ ᠥᠭᠬᠦ᠎ᠪᠠᠨ ᠬᠡᠰᠡᠭ ᠬᠤᠭᠤᠴᠠᠭ᠎ᠠ ᠵᠣᠭᠰᠣᠵᠤ᠂ ᠬᠥᠳᠡᠯᠮᠦᠷᠢᠴᠢᠳ᠎ᠤᠨ ᠴᠢᠬᠤᠯᠠ ᠪᠦᠬᠦᠢ ᠠᠮᠠᠷᠠᠬᠤ ᠴᠠᠭ ᠣᠯᠬᠤ ᠵᠢ ᠪᠠᠲᠤᠯᠠᠬᠤ ᠬᠡᠷᠡᠭᠲᠡᠢ ᠭᠡᠵᠦ ᠲᠣᠳᠣᠷᠬᠠᠶ᠋ᠢᠯᠠᠵᠠᠢ᠃
ᠨᠥᠭᠦᠭᠡ ᠨᠢᠭᠡ ᠡᠷᠬᠡ ᠠᠰᠢᠭ᠎ᠨᠢ ᠭᠡᠪᠡᠯ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠨ᠎ᠳᠤ ᠲᠡᠭᠦᠨ᠎ᠤ ᠪᠣᠳᠠᠲᠠᠢ ᠠᠵᠢᠯᠯᠠᠵᠤ ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠴᠠᠭ ᠪᠦᠷᠢ ᠵᠢᠨ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ ᠵᠢ ᠬᠡᠷᠡᠭᠯᠡᠨ᠎ᠡ᠃ ᠡᠭᠦᠨ᠎ᠤ ᠬᠠᠮᠲᠤ᠂ ᠮᠠᠰᠢ ᠣᠯᠠᠨ ᠬᠦᠷᠭᠡᠭᠴᠢ ᠵᠢᠨ ᠳᠤᠷᠠᠳᠤᠭᠰᠠᠨ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠦᠷᠭᠦᠯᠵᠢᠯᠡᠨ ᠠᠵᠢᠯᠯᠠᠪᠠᠯ ᠨᠡᠮᠡᠵᠦ ᠠᠵᠢᠯᠯᠠᠭᠰᠠᠨ ᠮᠥᠩᠭᠦ ᠣᠯᠵᠤ ᠳᠡᠶ᠋ᠢᠯᠬᠦ ᠡᠰᠡᠬᠦ ᠠᠰᠠᠭᠤᠳᠠᠯ᠎ᠳᠤ ᠴᠢᠭᠯᠡᠭᠦᠯᠦᠨ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠲᠤ ᠠᠵᠢᠯᠯᠠᠵᠤ ᠪᠠᠶ᠋ᠢᠭ᠎ᠠ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠬᠥᠳᠡᠯᠮᠦᠷᠢ ᠵᠢᠨ ᠬᠥᠯᠥᠰᠦ ᠣᠯᠭᠤᠮᠵᠢ᠎ᠨᠢ ᠬᠡᠪ᠎ᠤᠨ ᠠᠵᠢᠯᠯᠠᠬᠤ ᠴᠠᠭ᠎ᠤᠨ ᠬᠥᠳᠡᠯᠮᠦᠷᠢ ᠵᠢᠨ ᠬᠥᠯᠥᠰᠦ ᠣᠯᠭᠤᠮᠵᠢ᠎ᠠᠴᠠ ᠥᠨᠳᠥᠷ ᠪᠠᠶ᠋ᠢᠬᠤ ᠬᠡᠷᠡᠭᠲᠡᠢ᠂ ᠠᠵᠤ ᠠᠬᠤᠶ᠋ᠢᠯᠠᠯ᠎ᠨᠢ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠨ ᠬᠤᠪᠢ ᠬᠥᠮᠥᠨ᠎ᠳᠤ ᠴᠠᠭ ᠲᠤᠬᠠᠢᠳᠤᠨᠢ ᠲᠤᠭ᠎ᠠ ᠶᠣᠰᠣᠭ᠋ᠠᠷ ᠥᠭᠬᠦ ᠬᠡᠷᠡᠭᠲᠡᠢ ᠭᠡᠵᠦ ᠰᠢᠨ᠎ᠡ ᠲᠣᠭᠲᠠᠭ᠋ᠠᠯ᠎ᠳᠤ ᠲᠣᠳᠣᠷᠬᠠᠶ᠋ᠢᠯᠠᠵᠠᠢ᠃
ᠨᠡᠶ᠋ᠢᠰᠯᠡᠯ᠎ᠤᠨ ᠠᠵᠤ ᠠᠬᠤᠢ ᠠᠷᠠᠯᠵᠢᠶᠠᠨ᠎ᠤ ᠶᠡᠭᠡ ᠰᠤᠷᠭ᠋ᠠᠭᠤᠯᠢ ᠵᠢᠨ ᠬᠥᠳᠡᠯᠮᠦᠷᠢ ᠵᠢᠨ ᠠᠵᠤ ᠠᠬᠤᠢ ᠵᠢᠨ ᠳᠡᠭᠡᠳᠦ ᠰᠤᠷᠭ᠋ᠠᠭᠤᠯᠢ ᠵᠢᠨ ᠳᠡᠳ᠋ ᠫᠷᠤᠹᠧᠰᠰᠤᠷ᠂ ᠳᠤᠮᠳᠠᠳᠤ ᠤᠯᠤᠰ᠎ᠤᠨ ᠰᠢᠨ᠎ᠡ ᠬᠡᠯᠪᠡᠷᠢ᠎ᠪᠠᠷ ᠠᠵᠢᠯ ᠣᠯᠭᠤᠬᠤ ᠰᠤᠳᠤᠯᠭ᠋ᠠᠨ᠎ᠤ ᠲᠥᠪ᠎ᠤᠨ ᠡᠷᠬᠢᠯᠡᠭᠴᠢ ᠵᠠᠩ ᠴᠧᠩ ᠭᠠᠩ᠄ 《〈ᠬᠤᠶᠠᠷ ᠵᠢᠯᠣᠭᠤᠳᠤᠮᠵᠢ ᠨᠢᠭᠡ ᠵᠦᠭᠯᠡᠭᠦᠷ〉᠎ᠢ ᠨᠡᠶ᠋ᠢᠲᠡᠯᠡᠭᠰᠡᠨ᠎ᠨᠢ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠬᠥᠳᠡᠯᠮᠦᠷᠢᠴᠢᠳ᠎ᠤᠨ ᠬᠥᠳᠡᠯᠮᠦᠷᠢ ᠵᠢᠨ ᠬᠥᠯᠥᠰᠦ ᠣᠯᠭᠤᠮᠵᠢ ᠵᠢᠨ ᠡᠷᠬᠡ᠂ ᠬᠥᠳᠡᠯᠮᠦᠷᠢ ᠵᠢᠨ ᠨᠥᠬᠦᠴᠡᠯ᠎ᠤᠨ ᠡᠷᠬᠡ᠂ ᠬᠥᠳᠡᠯᠮᠦᠷᠢ ᠵᠢᠨ ᠲᠡᠳᠬᠦᠮᠵᠢ ᠵᠢᠨ ᠡᠷᠬᠡ ᠵᠡᠷᠭᠡ ᠬᠥᠳᠡᠯᠮᠦᠷᠢ ᠵᠢᠨ ᠡᠷᠬᠡ ᠠᠰᠢᠭ᠎ᠤᠨ ᠪᠠᠲᠤᠯᠠᠭ᠎ᠠ ᠵᠢ ᠴᠢᠨᠠᠭᠰᠢᠳᠠ ᠤᠯᠠᠮ ᠨᠠᠷᠢᠯᠢᠭᠵᠢᠭᠤᠯᠤᠭᠰᠠᠨ ᠶᠠᠪᠤᠳᠠᠯ ᠪᠣᠯᠣᠨ᠎ᠠ᠃ ᠬᠥᠳᠡᠯᠮᠦᠷᠢ ᠵᠢᠨ ᠬᠥᠯᠥᠰᠦ ᠣᠯᠭᠤᠮᠵᠢ ᠵᠢᠨ ᠡᠷᠬᠡ ᠵᠢᠨ ᠪᠠᠲᠤᠯᠠᠭ᠎ᠠ᠎ᠳᠤ ᠨᠠᠭ᠋ᠠᠲᠤ ᠵᠠᠬ᠎ᠠ ᠵᠢᠨ ᠴᠠᠯᠢᠩ᠎ᠤᠨ ᠪᠠᠲᠤᠯᠠᠭ᠎ᠠ ᠵᠢᠴᠢ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠥᠨᠳᠥᠷ ᠬᠥᠯᠥᠰᠦ ᠣᠯᠭᠤᠮᠵᠢ ᠵᠢᠨ ᠪᠠᠷᠢᠮᠵᠢᠶ᠎ᠠ ᠵᠢ ᠴᠢᠬᠤᠯᠠᠴᠢᠯᠠᠪᠠ; ᠠᠮᠠᠷᠠᠯᠲᠠ ᠪᠠ ᠴᠢᠯᠦᠭᠡᠨ᠎ᠤ ᠡᠷᠬᠡ ᠵᠢᠨ ᠪᠠᠲᠤᠯᠠᠭ᠎ᠠ᠎ᠨᠢ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ ᠴᠠᠭ ᠪᠠ ᠬᠠᠮᠤᠭ ᠣᠷᠳᠣ ᠠᠵᠢᠯᠯᠠᠭᠰᠠᠨ ᠴᠠᠭ᠎ᠢ ᠴᠢᠬᠤᠯᠠᠴᠢᠯᠠᠬᠤ ᠵᠢᠨ ᠬᠠᠮᠲᠤ ᠠᠵᠢᠯᠯᠠᠭᠰᠠᠨ ᠴᠠᠭ᠎ᠢ ᠪᠤᠳᠤᠬᠤ ᠠᠷᠭ᠎ᠠ ᠵᠢ ᠳᠤᠷᠠᠳᠪᠠ; ᠬᠥᠳᠡᠯᠮᠦᠷᠢ ᠵᠢᠨ ᠲᠡᠳᠬᠦᠮᠵᠢ ᠵᠢᠨ ᠡᠷᠬᠡ ᠵᠢ ᠭᠤᠣᠯᠳᠠᠭᠤ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠲᠣᠭᠲᠠᠴᠠ᠂ ᠠᠵᠢᠯᠲᠠᠨ᠎ᠤ ᠡᠪᠯᠡᠯ ᠵᠶ᠋ᠠᠷ ᠡᠷᠬᠡ᠎ᠪᠠᠨ ᠬᠠᠮᠠᠭ᠋ᠠᠯᠠᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠡᠷᠬᠡ᠎ᠪᠠᠨ ᠬᠠᠮᠠᠭ᠋ᠠᠯᠠᠬᠤ ᠵᠡᠷᠭᠡ ᠠᠷᠭ᠎ᠠ ᠵᠠᠮ ᠵᠶ᠋ᠠᠷ ᠪᠠᠲᠤᠯᠠᠨ᠎ᠠ᠃》 ᠭᠡᠵᠦ ᠢᠯᠡᠷᠬᠡᠶ᠋ᠢᠯᠡᠪᠡ᠃
ᠡᠭᠦᠨ᠎ᠠᠴᠠ ᠡᠮᠦᠨ᠎ᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠬᠤᠯᠪᠣᠭᠳᠠᠯ ᠪᠦᠬᠦᠢ ᠪᠠᠶ᠋ᠢᠴᠠᠭ᠋ᠠᠨ ᠰᠤᠳᠤᠯᠤᠯᠲᠠ ᠪᠠ ᠰᠤᠳᠤᠯᠤᠨ ᠶᠠᠷᠢᠯᠴᠠᠬᠤ ᠬᠤᠷᠠᠯ᠎ᠢ ᠣᠯᠠᠨᠲᠠ ᠡᠷᠭᠢᠯᠡᠭᠰᠡᠨ ᠪᠥᠭᠡᠳ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ ᠵᠠᠰᠠᠭ ᠵᠠᠬᠢᠷᠭ᠋ᠠᠨ᠎ᠤ ᠬᠠᠮᠲᠤᠷᠠᠭᠰᠠᠨ ᠵᠢᠯᠣᠭᠤᠳᠤᠯᠭ᠎ᠠ ᠥᠷᠨᠢᠭᠦᠯᠦᠭᠰᠡᠨ ᠪᠠᠶ᠋ᠢᠨ᠎ᠠ᠃ ᠵᠢᠯᠣᠭᠤᠳᠤᠮᠵᠢ᠂ ᠵᠦᠭᠯᠡᠭᠦᠷ᠎ᠤᠨ ᠪᠣᠳᠠᠲᠠᠢ ᠠᠭᠤᠯᠭ᠎ᠠ ᠵᠢᠨ ᠪᠦᠷᠢᠯᠳᠦᠯ᠎ᠨᠢ ᠠᠵᠤ ᠠᠬᠤᠶ᠋ᠢᠯᠠᠯ᠂ ᠬᠥᠳᠡᠯᠮᠦᠷᠢᠴᠢᠨ᠂ ᠮᠡᠷᠭᠡᠵᠢᠯᠲᠡᠨ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠪᠠ ᠭᠠᠵᠠᠷ ᠣᠷᠣᠨ᠎ᠤ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠴᠤ᠂ 《ᠬᠤᠶᠠᠷ᠎ᠢ ᠬᠠᠮᠠᠭ᠋ᠠᠯᠠᠬᠤ》 ᠣᠶ᠋ᠢᠯᠠᠭ᠋ᠠᠭᠳᠠᠬᠤᠨ᠎ᠢ ᠢᠯᠡᠷᠡᠭᠦᠯᠦᠭᠰᠡᠨ ᠪᠠᠶ᠋ᠢᠨ᠎ᠠ᠃
ᠵᠠᠩ ᠴᠧᠩ ᠭᠠᠩ᠎ᠤᠨ ᠦᠵᠡᠬᠦ᠎ᠪᠠᠷ᠂ 《ᠬᠤᠶᠠᠷ ᠵᠢᠯᠣᠭᠤᠳᠤᠮᠵᠢ ᠨᠢᠭᠡ ᠵᠦᠭᠯᠡᠭᠦᠷ》᠎ᠢ ᠨᠡᠶ᠋ᠢᠲᠡᠯᠡᠭᠰᠡᠨ᠎ᠨᠢ ᠰᠢᠨ᠎ᠡ ᠬᠡᠯᠪᠡᠷᠢ᠎ᠪᠠᠷ ᠠᠵᠢᠯ ᠣᠯᠣᠭᠰᠠᠨ ᠠᠵᠢᠯᠯᠠᠭᠰᠠᠳ ᠪᠠ ᠲᠠᠪᠴᠠᠩ᠎ᠤᠨ ᠠᠵᠤ ᠠᠬᠤᠶ᠋ᠢᠯᠠᠯ᠎ᠤᠳ᠎ᠤᠨ ᠬᠤᠯᠪᠣᠭᠳᠠᠯ ᠪᠦᠬᠦᠢ ᠬᠥᠳᠡᠯᠮᠦᠷᠢ ᠵᠢᠨ ᠡᠷᠬᠡ ᠠᠰᠢᠭ᠎ᠤᠨ ᠳᠤᠮᠳᠠᠬᠢ ᠡᠷᠬᠡ ᠡᠭᠦᠷᠭᠡ ᠵᠢᠨ ᠬᠠᠷᠢᠴᠠᠭ᠎ᠠ ᠵᠢ ᠵᠣᠬᠢᠴᠠᠭᠤᠯᠬᠤ᠎ᠳᠤ ᠠᠰᠢᠭᠲᠠᠢ ᠪᠠᠶ᠋ᠢᠵᠤ᠂ ᠨᠢᠭᠡ ᠲᠠᠯ᠎ᠠ᠎ᠪᠠᠷ ᠲᠠᠪᠴᠠᠩ᠎ᠤᠨ ᠠᠵᠤ ᠠᠬᠤᠶ᠋ᠢᠯᠠᠯ᠎ᠤᠳ᠎ᠤᠨ ᠠᠵᠢᠯᠴᠢᠨ ᠬᠡᠷᠡᠭᠯᠡᠬᠦ ᠳᠦᠷᠢᠮ᠎ᠢ ᠲᠣᠭᠲᠠᠭ᠋ᠠᠬᠤ᠎ᠳᠤ ᠵᠢᠯᠣᠭᠤᠳᠤᠯᠭ᠎ᠠ ᠪᠣᠯᠵᠤ᠂ ᠨᠥᠭᠦᠭᠡ ᠲᠠᠯ᠎ᠠ᠎ᠪᠠᠷ ᠪᠠᠰᠠ ᠠᠵᠢᠯᠯᠠᠭᠰᠠᠳ᠎ᠤᠨ ᠵᠢᠱ᠌ᠢᠯᠲᠡ ᠵᠢ ᠬᠥᠲᠥᠯᠥᠨ ᠵᠢᠯᠤᠭᠤᠳᠬᠤ ᠵᠢᠨ ᠬᠠᠮᠲᠤ ᠬᠥᠳᠡᠯᠮᠦᠷᠢ ᠵᠢᠨ ᠵᠢᠭᠤᠷᠠᠯᠳᠤᠭ᠋ᠠᠨ᠎ᠤ ᠲᠣᠭᠲᠠᠭ᠋ᠠᠯᠲᠠ᠎ᠳᠤ ᠪᠠᠷᠢᠮᠵᠢᠶ᠎ᠠ ᠬᠠᠩᠭ᠋ᠠᠨ ᠥᠭᠴᠡᠢ᠃ ᠡᠲᠡᠭᠡᠷ᠎ᠨᠢ ᠴᠥᠮ ᠠᠵᠢᠯᠯᠠᠭᠴᠢ ᠪᠠ ᠲᠠᠪᠴᠠᠩ᠎ᠤᠨ ᠠᠵᠤ ᠠᠬᠤᠶ᠋ᠢᠯᠠᠯ᠎ᠤᠨ ᠬᠤᠭᠤᠷᠣᠨᠳᠣᠬᠢ ᠨᠠᠩ ᠡᠶ᠎ᠡ ᠵᠣᠬᠢᠴᠠᠯ᠎ᠲᠠᠢ ᠠᠵᠢᠯᠴᠢᠨ ᠬᠡᠷᠡᠭᠯᠡᠬᠦ ᠬᠠᠷᠢᠴᠠᠭ᠎ᠠ ᠵᠢ ᠪᠦᠷᠢᠯᠳᠦᠭᠦᠯᠬᠦ᠎ᠳᠤ ᠠᠰᠢᠭᠲᠠᠢ ᠶᠤᠮ᠃