ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠡᠨᠡ ᠵᠢᠯ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠤᠨ ᠴᠠᠬᠢᠯᠭ᠋ᠠᠨ ᠴᠡᠨᠡᠭᠯᠡᠬᠦ ᠱᠣᠩ 3000᠂ ᠴᠠᠬᠢᠯᠭ᠋ᠠᠨ ᠴᠡᠨᠡᠭᠯᠡᠬᠦ ᠲᠡᠷᠭᠡᠨ ᠵᠣᠭᠰᠣᠭ᠋ᠠᠯ᠎ᠢ 5000 ᠰᠢᠨ᠎ᠡ᠎ᠪᠠᠷ ᠨᠡᠮᠡᠭᠳᠡᠭᠦᠯᠬᠦ᠎ᠪᠠᠷ ᠲᠥᠯᠥᠪᠯᠡᠵᠦ᠂ ᠦᠢ᠍ᠯᠡᠴᠢᠯᠡᠭᠡᠨ᠎ᠤ ᠲᠣᠭᠤᠷᠢᠭ᠎ᠲᠤ ᠬᠡᠲᠦ ᠲᠦᠷᠭᠡᠨ ᠴᠡᠨᠡᠭᠯᠡᠬᠦ᠂ ᠴᠢᠳᠠᠯ ᠶᠡᠬᠡᠲᠡᠢ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠳᠡᠳ᠋ ᠰᠠᠶ᠋ᠢᠳ ᠸᠠᠩ ᠭᠠᠩ 29᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠨᠡᠶ᠋ᠢᠲᠡᠯᠡᠬᠦ ᠵᠤᠷᠰᠢᠯᠲᠤ ᠬᠤᠷᠠᠯ ᠳᠡᠭᠡᠷ᠎ᠡ ᠲᠠᠨᠢᠯᠴᠠᠭᠤᠯᠪᠠ᠃
ᠸᠠᠩ ᠭᠠᠩ ᠬᠡᠯᠡᠬᠦ᠎ᠳᠤ᠎ᠪᠠᠨ᠂ ᠣᠶ᠋ᠢᠷ᠎ᠠ ᠵᠢᠨ ᠵᠢᠯ᠎ᠤᠳ᠎ᠲᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠵᠠᠰᠠᠮᠠᠯ ᠵᠠᠮ ᠳᠠᠭ᠋ᠠᠤ ᠵᠢᠨ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ ᠪᠠᠶ᠋ᠢᠨ᠎ᠠ᠃ 2023 ᠣᠨ᠎ᠤ ᠡᠴᠦᠰ ᠪᠣᠯᠲᠠᠯ᠎ᠠ᠂ ᠨᠡᠶ᠋ᠢᠲᠡ 2.1 ᠲᠦᠮᠡᠨ ᠴᠠᠬᠢᠯᠭ᠋ᠠᠨ ᠴᠡᠨᠡᠭᠯᠡᠬᠦ ᠱᠣᠩ᠎ᠢ ᠪᠠᠶ᠋ᠢᠭᠤᠯᠵᠤ᠂ ᠲᠦᠷᠭᠡᠨ᠎ᠤ ᠵᠠᠰᠠᠮᠠᠯ ᠵᠠᠮ ᠳᠠᠭ᠋ᠠᠤ ᠵᠢᠨ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠰᠦᠯᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠭᠡᠵᠡᠢ᠃
ᠰᠢᠨ᠎ᠡ ᠡᠨᠧᠷᠭᠢ ᠵᠢᠨ ᠮᠠᠰᠢᠨ ᠲᠡᠷᠭᠡ᠎ᠪᠠᠷ ᠭᠠᠳᠠᠭᠰᠢ ᠭᠠᠷᠬᠤ ᠬᠦᠮᠦᠨ ᠤᠯᠠᠮ ᠠᠷᠪᠢᠳᠬᠤ ᠵᠢ ᠳᠠᠭ᠋ᠠᠯᠳᠤᠨ᠂ 《ᠲᠦᠷᠭᠡᠨ᠎ᠤ ᠵᠠᠰᠠᠮᠠᠯ ᠵᠠᠮ ᠵᠶ᠋ᠠᠷ ᠶᠠᠪᠤᠬᠤ᠎ᠳᠤ ᠴᠠᠬᠢᠯᠭ᠋ᠠᠨ ᠴᠡᠨᠡᠭᠯᠡᠬᠦ᠎ᠳᠤ ᠬᠦᠴᠢᠷᠳᠡᠬᠦ》᠎ᠨᠢ ᠮᠠᠰᠢ ᠣᠯᠠᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠡᠵᠡᠳ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ ᠪᠣᠯᠵᠠᠢ᠃ 2024 ᠣᠨ᠎ᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠪᠦᠬᠦ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠡᠳᠦᠷ ᠳᠤᠮᠳᠠᠴᠢ ᠵᠢᠨ ᠤᠷᠤᠰᠬᠠᠯ 593.92 ᠲᠦᠮᠡ᠎ᠳᠤ ᠬᠦᠷᠴᠦ᠂ ᠡᠳᠦᠷ ᠳᠤᠮᠳᠠᠴᠢ ᠵᠢᠨ ᠶᠡᠷᠦᠩᠬᠡᠢ ᠤᠷᠤᠰᠬᠠᠯ᠎ᠤᠨ ᠬᠡᠮᠵᠢᠶᠡᠨ᠎ᠤ 10.04% ᠵᠢ ᠡᠵᠡᠯᠡᠵᠦ᠂ 2023 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠮᠡᠳᠡᠭᠳᠡᠮ᠎ᠡ ᠨᠡᠮᠡᠭᠳᠡᠵᠡᠢ᠃
ᠸᠠᠩ ᠭᠠᠩ ᠢᠯᠡᠷᠬᠡᠶ᠋ᠢᠯᠡᠬᠦ᠎ᠳᠤ᠎ᠪᠠᠨ᠂ ᠡᠨᠡ ᠵᠢᠯ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠡᠯ᠎ᠡ ᠭᠠᠵᠠᠷ ᠪᠠ ᠬᠠᠮᠢᠶ᠎ᠠ ᠪᠦᠬᠦᠢ ᠠᠵᠤ ᠠᠬᠤᠶ᠋ᠢᠯᠠᠯ᠎ᠤᠳ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ᠎ᠨᠢ ᠦᠷᠭᠦᠯᠵᠢᠯᠡᠨ ᠵᠢᠯᠤᠭᠤᠳᠴᠤ᠂ ᠪᠦᠲᠦᠭᠡᠨ ᠪᠠᠶ᠋ᠢᠭᠤᠯᠤᠯᠲᠠ᠎ᠪᠠᠨ ᠡᠷᠴᠢᠮᠵᠢᠭᠦᠯᠦᠨ᠂ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠵᠦ᠂ ᠪᠠᠶ᠋ᠢᠷᠢᠯᠠᠭᠤᠯᠤᠯᠲᠠ᠎ᠪᠠᠨ ᠨᠢᠭᠤᠴᠠᠯᠠᠵᠤ᠂ ᠵᠠᠰᠠᠮᠠᠯ ᠵᠠᠮ ᠳᠠᠭ᠋ᠠᠤ ᠵᠢᠨ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ ᠡᠭᠦᠨ᠎ᠤ ᠬᠠᠮᠲᠤ᠂ ᠪᠠᠶᠠᠷ ᠳᠤᠷᠠᠰᠬᠠᠯ ᠠᠮᠠᠷᠠᠯᠲᠠ ᠵᠢᠨ ᠬᠤᠭᠤᠴᠠᠭ᠋ᠠᠨ᠎ᠳᠠᠬᠢ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠴᠠᠭ ᠬᠤᠭᠤᠴᠠᠭ᠋ᠠᠨ᠎ᠳᠠᠬᠢ ᠲᠡᠷᠭᠡᠨ᠎ᠤ ᠤᠷᠤᠰᠬᠠᠯ᠎ᠤᠨ ᠣᠨᠴᠠᠯᠢᠭ᠎ᠢ ᠦᠨᠳᠦᠰᠦᠯᠡᠨ᠂ ᠡᠯ᠎ᠡ ᠭᠠᠵᠠᠷ᠎ᠤᠨ ᠴᠢᠭᠯᠡᠯᠲᠡ ᠴᠢᠨᠠᠷᠲᠠᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠬᠠᠩᠭ᠋ᠠᠬᠤ ᠵᠢ ᠵᠢᠯᠣᠭᠤᠳᠤᠨ᠎ᠠ ᠭᠡᠵᠡᠢ᠃