ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠨ᠎ᠤ ᠤᠯᠤᠰ ᠲᠠᠷᠢᠶᠠᠴᠢᠳ᠎ᠤᠨ ᠠᠩᠬᠠᠷᠴᠤ ᠪᠠᠶ᠋ᠢᠭ᠎ᠠ ᠨᠢᠭᠡ ᠪᠦᠯᠦᠭ ᠠᠵᠢᠯ ᠶᠠᠪᠤᠳᠠᠯ᠎ᠢ ᠬᠦᠴᠦ᠎ᠪᠠᠨ ᠲᠥᠪᠯᠡᠷᠡᠭᠦᠯᠦᠨ ᠰᠠᠶ᠋ᠢᠲᠤᠷ ᠬᠢᠬᠦ᠎ᠪᠠᠷ ᠪᠤᠢ
ᠨᠡᠶ᠋ᠢᠲᠡᠯᠡᠭᠰᠡᠨ ᠴᠠᠭ᠄ 2024-03-25

    ᠥᠨᠥ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ᠂ 《ᠮᠢᠩᠭ᠋ᠠᠨ ᠲᠦᠮᠡ ᠵᠢᠨ ᠢᠨᠵᠧᠨᠧᠷᠢᠩ》᠎ᠳᠤ ᠠᠭᠤᠯᠤᠭᠳᠠᠵᠤ ᠪᠠᠶ᠋ᠢᠭ᠎ᠠ ᠬᠥᠭᠵᠢᠯᠲᠡ ᠵᠢᠨ ᠤᠬᠠᠭᠳᠠᠬᠤᠨ᠂ ᠠᠵᠢᠯ᠎ᠤᠨ ᠠᠷᠭ᠎ᠠ ᠪᠠ ᠠᠬᠢᠭᠤᠯᠬᠤ ᠲᠣᠭᠲᠠᠴᠠ ᠵᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠤᠨ 《ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ》᠎ᠤ ᠠᠵᠢᠯ᠎ᠤᠨ ᠶᠡᠷᠦᠩᠬᠡᠢ ᠭᠠᠷᠳᠠᠴᠠ ᠪᠣᠯᠭ᠋ᠠᠨ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠤᠬᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ᠂ ᠳᠦᠷᠦ ᠵᠢᠨ ᠪᠣᠳᠣᠯᠭ᠎ᠠ ᠵᠢ ᠳᠦᠷᠦᠯ ᠬᠤᠪᠢᠶᠠᠨ ᠬᠡᠷᠡᠭᠵᠢᠭᠦᠯᠵᠦ᠂ ᠠᠯᠬᠤᠮ ᠳᠠᠷᠠᠭ᠋ᠠᠯᠠᠯ᠎ᠲᠠᠢ᠎ᠪᠠᠷ ᠣᠷᠣᠭᠰᠢᠯᠠᠨ᠂ ᠤᠷᠳᠤ ᠬᠤᠭᠤᠴᠠᠭ᠎ᠠ᠎ᠪᠠᠷ ᠴᠢᠷᠮᠠᠶ᠋ᠢᠨ ᠠᠵᠢᠯᠯᠠᠵᠤ᠂ ᠤᠯᠠᠨ ᠲᠦᠮᠡᠨ᠎ᠳᠤ ᠮᠡᠳᠡᠷᠡᠭᠳᠡᠬᠦ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠵᠢ ᠬᠦᠴᠦᠨ ᠵᠶ᠋ᠠᠨ ᠲᠥᠪᠯᠡᠷᠡᠭᠦᠯᠦᠨ ᠰᠠᠶ᠋ᠢᠲᠤᠷ ᠠᠳᠬᠤᠵᠤ᠂ ᠮᠥᠨ ᠴᠢᠨᠠᠷ᠎ᠤᠨ ᠠᠬᠢᠯᠲᠠ᠎ᠲᠠᠢ᠂ ᠱᠠᠲᠤᠴᠢ ᠴᠢᠨᠠᠷᠲᠠᠢ ᠦᠷ᠎ᠡ ᠪᠦᠲᠦᠭᠡᠯ᠎ᠢ ᠳᠠᠰᠤᠷᠠᠯᠳᠠ ᠦᠭᠡᠢ ᠣᠯᠬᠤ ᠬᠡᠷᠡᠭᠲᠡᠢ ᠭᠡᠵᠦ ᠳᠤᠷᠠᠳᠪᠠ᠃
    ᠬᠡᠷᠬᠢᠨ ᠬᠦᠴᠦᠨ ᠵᠶ᠋ᠠᠨ ᠲᠥᠪᠯᠡᠷᠡᠭᠦᠯᠵᠦ ᠪᠠᠶ᠋ᠢᠭ᠋ᠠᠳ ᠤᠯᠠᠨ ᠲᠦᠮᠡᠨ᠎ᠳᠤ ᠮᠡᠳᠡᠷᠡᠭᠳᠡᠬᠦ ᠨᠢᠭᠡ ᠪᠦᠯᠦᠭ ᠪᠣᠳᠠᠲᠤ ᠠᠵᠢᠯ ᠶᠠᠪᠤᠳᠠᠯ ᠬᠢᠬᠦ ᠵᠢ ᠰᠠᠶ᠋ᠢᠲᠤᠷ ᠠᠳᠬᠤᠬᠤ ᠪᠤᠢ?
    ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ᠂ ᠬᠥᠳᠡᠭᠡ ᠲᠣᠰᠬᠤᠨ᠎ᠤ ᠰᠠᠭᠤᠷᠢ ᠪᠡᠯᠡᠳᠬᠡᠮᠵᠢ ᠵᠢᠨ ᠲᠤᠲᠠᠭᠳᠠᠯ᠎ᠢ ᠨᠥᠬᠦᠪᠦᠷᠢᠯᠡᠬᠦ ᠵᠢ ᠠᠬᠢᠭᠤᠯᠤᠨ᠎ᠠ ᠭᠡᠵᠦ ᠲᠣᠳᠣᠷᠬᠠᠶ᠋ᠢᠯᠠᠪᠠ᠃ ᠡᠯ᠎ᠡ ᠭᠠᠵᠠᠷ᠎ᠤᠨ ᠪᠣᠳᠠᠲᠤ ᠪᠠᠶ᠋ᠢᠳᠠᠯ ᠬᠢᠭᠡᠳ ᠲᠠᠷᠢᠶᠠᠴᠢᠳ᠎ᠤᠨ ᠬᠡᠷᠡᠭᠴᠡᠭᠡᠨ᠎ᠠᠴᠠ ᠭᠠᠷᠳᠠᠵᠤ᠂ ᠲᠦᠭᠡᠮᠡᠯ ᠬᠠᠷᠠᠭ᠋ᠠᠯᠵᠠᠯ᠎ᠢ ᠲᠦᠭᠡᠮᠡᠯᠵᠢᠭᠦᠯᠬᠦ ᠶᠠᠪᠤᠳᠠᠯ᠎ᠢ ᠠᠳᠬᠤᠨ᠂ ᠨᠢᠭᠡ ᠵᠦᠢ᠍ᠯ᠎ᠢ ᠬᠢᠪᠡᠯ ᠨᠢᠭᠡ ᠵᠦᠢ᠍ᠯ᠎ᠢ ᠪᠦᠲᠦᠭᠡᠨ᠎ᠡ᠃
    ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠬᠦ ᠳᠤᠭᠤᠶ᠋ᠢᠯᠠᠩ᠎ᠤᠨ ᠬᠤᠯᠪᠣᠭᠳᠠᠯ ᠪᠦᠬᠦᠢ ᠭᠡᠰᠢᠭᠦᠨ᠎ᠤ ᠬᠡᠯᠡᠬᠦ᠎ᠪᠠᠷ᠂ ᠵᠢᠱ᠌ᠢᠶᠡᠯᠡᠪᠡᠯ᠂ ᠬᠥᠳᠡᠭᠡ ᠲᠣᠰᠬᠤᠨ᠎ᠤ ᠤᠰᠤ ᠬᠠᠩᠭ᠋ᠠᠬᠤ ᠢᠨᠵᠧᠨᠧᠷᠢᠩ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠂ ᠨᠥᠬᠦᠴᠡᠯ᠎ᠲᠠᠢ᠎ᠨᠢ ᠬᠤᠳᠠ ᠬᠦᠳᠡᠭᠡᠨ᠎ᠤ ᠤᠰᠤᠨ᠎ᠤ ᠬᠠᠩᠭ᠋ᠠᠯᠲᠠ ᠵᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭ᠋ᠠᠬᠤ ᠵᠢ ᠬᠡᠪᠴᠢᠶᠡᠵᠢᠭᠦᠯᠬᠦ᠎ᠪᠠᠨ ᠠᠬᠢᠭᠤᠯᠵᠤ᠂ ᠬᠠᠷᠠᠬᠠᠨ ᠨᠥᠬᠦᠴᠡᠯ ᠪᠦᠷᠢᠯᠳᠦᠭᠦᠯᠦᠭᠡ ᠦᠭᠡᠢ᠎ᠨᠢ ᠪᠠᠭ᠎ᠠ ᠬᠡᠯᠪᠡᠷᠢ ᠵᠢᠨ ᠤᠰᠤ ᠬᠠᠩᠭ᠋ᠠᠬᠤ ᠢᠨᠵᠧᠨᠧᠷᠢᠩ᠎ᠤᠨ ᠵᠢᠷᠤᠮᠵᠢᠭᠰᠠᠨ ᠪᠦᠲᠦᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ᠎ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠭᠰᠡᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠨ᠂ ᠬᠥᠳᠡᠭᠡ ᠲᠣᠰᠬᠤᠨ᠎ᠤ ᠬᠠᠩᠭ᠋ᠠᠬᠤ ᠤᠰᠤᠨ᠎ᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ᠎ᠤ ᠴᠠᠬᠢᠯᠭ᠋ᠠᠨ ᠲᠣᠣᠷ᠎ᠢ ᠪᠠᠬᠢᠵᠢᠭᠦᠯᠦᠨ ᠳᠡᠪᠰᠢᠭᠦᠯᠬᠦ ᠢᠨᠵᠧᠨᠧᠷᠢᠩ᠎ᠢ ᠠᠬᠢᠭᠤᠯᠤᠨ᠎ᠠ᠃ ᠬᠥᠳᠡᠭᠡ ᠲᠣᠰᠬᠤᠨ᠎ᠤ ᠲᠠᠷᠠᠬᠠᠢ ᠮᠠᠶᠢᠭ᠎ᠤᠨ ᠰᠢᠨ᠎ᠡ ᠡᠨᠧᠷᠭᠢ ᠵᠢᠨ ᠬᠥᠭᠵᠢᠯᠲᠡ ᠵᠢ ᠠᠬᠢᠭᠤᠯᠵᠤ᠂ ᠭᠤᠣᠯᠳᠠᠯᠭ᠎ᠠ᠎ᠲᠠᠢ ᠭᠠᠴᠠᠭ᠎ᠠ ᠪᠠᠯᠭ᠋ᠠᠰᠤᠨ᠎ᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠡᠨᠡᠭᠯᠡᠬᠦ ᠪᠠ ᠴᠡᠨᠡᠭ ᠰᠣᠯᠢᠬᠤ ᠪᠡᠯᠡᠳᠬᠡᠮᠵᠢ ᠵᠢ ᠲᠥᠯᠥᠪᠯᠡᠨ ᠪᠠᠶ᠋ᠢᠭᠤᠯᠬᠤ ᠵᠢ ᠴᠢᠩᠭ᠋ᠠᠳᠬᠠᠨ᠎ᠠ᠃ 《ᠬᠥᠳᠡᠭᠡ ᠲᠣᠰᠬᠤᠨ᠎ᠤ ᠳᠥᠷᠪᠡᠨ ᠰᠠᠶ᠋ᠢᠨ ᠵᠠᠮ》᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠪᠠ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠲᠡᠭᠦᠯᠳᠡᠷᠵᠢᠭᠦᠯᠦᠨ᠂ ᠬᠥᠳᠡᠭᠡ ᠲᠣᠰᠬᠤᠨ᠎ᠤ ᠵᠠᠰᠠᠮᠠᠯ ᠵᠠᠮ ᠪᠠ ᠬᠦᠭᠦᠷᠭᠡᠨ᠎ᠤ 《ᠠᠶᠤᠯ ᠲᠦᠭᠰᠢᠭᠦᠷᠢ ᠵᠢ ᠠᠷᠢᠯᠭ᠋ᠠᠬᠤ》 ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠥᠭᠡᠷᠡᠴᠢᠯᠡᠨ ᠪᠠᠷᠢᠬᠤ ᠪᠠ ᠬᠥᠳᠡᠭᠡ ᠲᠣᠰᠬᠤᠨ᠎ᠤ ᠭᠠᠵᠠᠷ ᠬᠥᠳᠡᠯᠦᠯᠲᠡ᠎ᠳᠤ ᠳᠠᠭ᠋ᠠᠭ᠋ᠠᠮᠠᠭ᠋ᠠᠢ ᠭᠡᠷ ᠪᠠᠶ᠋ᠢᠰᠢᠩ᠎ᠤᠨ ᠥᠭᠡᠷᠡᠴᠢᠯᠡᠯᠲᠡ ᠵᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢ ᠪᠠᠬᠢᠵᠢᠭᠦᠯᠦᠨ᠎ᠡ ᠭᠡᠵᠡᠢ᠃
    ᠬᠥᠳᠡᠭᠡ ᠲᠣᠰᠬᠤᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠲᠠᠯ᠎ᠠ᠎ᠪᠠᠷ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ᠂ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠴᠢᠬᠤᠯᠠ ᠪᠦᠬᠦᠢ ᠬᠥᠳᠡᠭᠡ ᠲᠣᠰᠬᠤᠨ᠎ᠤ ᠪᠠᠭ᠎ᠠ ᠬᠡᠪᠴᠢᠶᠡᠲᠦ ᠰᠤᠷᠭ᠋ᠠᠭᠤᠯᠢ ᠵᠢ ᠰᠠᠶ᠋ᠢᠲᠤᠷ ᠡᠷᠭᠢᠯᠡᠨ᠎ᠡ᠃ ᠰᠢᠶᠠᠨ᠎ᠤ ᠬᠡᠪᠴᠢᠶᠡᠨ᠎ᠤ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠤᠷᠢᠶ᠎ᠠ ᠪᠠ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠤᠨ ᠦᠢ᠍ᠯᠡᠴᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠡᠮᠴᠢ ᠨᠠᠷ᠎ᠤᠨ ᠳᠣᠲᠣᠷᠠᠬᠢ ᠠᠵᠢᠯ ᠡᠷᠭᠢᠯᠡᠬᠦ (ᠲᠤᠰᠠᠯᠠᠭᠴᠢ) ᠡᠮᠴᠢ ᠵᠢᠨ ᠬᠢᠷᠢ ᠬᠡᠮ᠎ᠢ ᠪᠦᠷᠢᠯᠳᠦᠭᠦᠯᠦᠭᠰᠡᠨ ᠠᠵᠢᠯᠲᠠᠨ᠎ᠤ ᠬᠠᠷᠢᠴᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ᠎ᠤ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ᠎ᠨᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃
    ᠡᠨᠡ ᠵᠢᠯ ᠰᠢᠶᠠᠨ᠎ᠤ ᠬᠡᠪᠴᠢᠶᠡᠨ᠎ᠳᠠᠬᠢ ᠬᠥᠳᠡᠭᠡ ᠲᠣᠰᠬᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠬᠡᠷᠡᠭᠯᠡᠬᠦ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦᠨ᠎ᠤ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠵᠦ᠂ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠢ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠠᠮᠢᠶᠠᠷᠤᠯᠲᠠ᠎ᠳᠤ ᠣᠷᠣᠭᠤᠯᠬᠤ ᠵᠢ ᠲᠦᠷᠭᠡᠳᠬᠡᠨ᠎ᠡ᠃ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠣᠷᠣᠨ ᠪᠦᠰᠡ ᠵᠢᠨ ᠴᠢᠨᠠᠷᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠪᠠᠶ᠋ᠢᠭᠤᠯᠤᠯᠲᠠ ᠵᠢ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠠᠬᠢᠭᠤᠯᠵᠤ᠂ ᠬᠥᠳᠡᠭᠡ ᠲᠣᠰᠬᠤᠨ᠎ᠤ ᠨᠠᠰᠤᠲᠠᠶ᠋ᠢᠴᠤᠳ᠎ᠤᠨ ᠬᠤᠭᠤᠯᠠᠨ᠎ᠤ ᠳᠡᠳᠬᠦᠮᠵᠢ ᠪᠠ ᠬᠠᠷᠢᠯᠴᠠᠨ ᠲᠤᠰᠠᠯᠠᠯᠴᠠᠬᠤ ᠦᠢ᠍ᠯᠡᠴᠢᠯᠡᠭᠡ ᠵᠢ ᠵᠣᠷᠢᠭᠵᠢᠭᠤᠯᠤᠨ᠎ᠠ᠃ ᠬᠤᠳᠠ ᠬᠥᠳᠡᠭᠡᠨ᠎ᠤ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ 《ᠢᠯᠡᠭᠦᠦ ᠲᠤᠰᠢᠶᠠᠪᠠᠯ ᠢᠯᠡᠭᠦᠦ ᠣᠯᠬᠤ᠂ ᠤᠳᠠᠭ᠋ᠠᠨ ᠲᠤᠰᠢᠶᠠᠪᠠᠯ ᠢᠯᠡᠭᠦᠦ ᠣᠯᠬᠤ》 ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ ᠬᠥᠳᠡᠭᠡ ᠲᠣᠰᠬᠤᠨ᠎ᠤ ᠦᠷᠡᠵᠢᠯ᠎ᠤᠨ ᠳᠡᠮᠵᠢᠯᠭᠡ ᠪᠠ ᠨᠢᠯᠬ᠎ᠠ ᠬᠡᠦᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠨᠡᠭᠦᠳᠡᠯ ᠬᠡᠦᠬᠡᠳ᠂ ᠭᠡᠷ ᠵᠶ᠋ᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶ᠋ᠢᠴᠦᠳ᠂ ᠨᠠᠰᠤᠲᠠᠶ᠋ᠢᠴᠤᠳ᠂ ᠵᠡᠮᠳᠡᠭᠴᠦᠳ ᠵᠡᠷᠭᠡ ᠬᠦᠮᠦᠰ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡ ᠵᠢ ᠰᠠᠶ᠋ᠢᠲᠤᠷ ᠬᠢᠨ᠎ᠡ ᠭᠡᠵᠦ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠲᠤᠭᠤᠷᠪᠢᠬᠤ ᠳᠤᠭᠤᠶ᠋ᠢᠯᠠᠩ᠎ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃
    ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠲᠤᠭᠤᠷᠪᠢᠬᠤ ᠳᠤᠭᠤᠶ᠋ᠢᠯᠠᠩ᠎ᠤᠨ ᠬᠤᠯᠪᠣᠭᠳᠠᠯ ᠪᠦᠬᠦᠢ ᠭᠡᠰᠢᠭᠦᠨ ᠢᠯᠡᠷᠬᠡᠶ᠋ᠢᠯᠡᠬᠦ᠎ᠳᠤ᠎ᠪᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠥᠳᠡᠭᠡ ᠲᠣᠰᠬᠤᠨ᠎ᠤ ᠤᠰᠤ᠂ ᠴᠠᠬᠢᠯᠭ᠋ᠠᠨ᠂ ᠵᠠᠮ᠂ ᠬᠡᠢ᠂ ᠭᠡᠷ ᠪᠠᠶ᠋ᠢᠰᠢᠩ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠬᠥᠳᠡᠭᠡ ᠲᠣᠰᠬᠤᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠰᠢᠭᠦᠯᠵᠦ᠂ 《ᠪᠠᠶ᠋ᠢᠬᠤ ᠡᠰᠡᠬᠦ》 ᠵᠢ ᠤᠷᠢᠳ ᠵᠶ᠋ᠠᠷ ᠰᠢᠢ᠍ᠳᠪᠦᠷᠢᠯᠡᠵᠦ᠂ 《ᠰᠠᠶ᠋ᠢᠨ ᠡᠰᠡᠬᠦ》 ᠵᠢ ᠳᠠᠷᠠᠭ᠎ᠠ᠎ᠨᠢ ᠰᠢᠢ᠍ᠳᠪᠦᠷᠢᠯᠡᠨ᠎ᠡ᠃ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠎ᠳᠤ ᠤᠯᠠᠮᠵᠢᠯᠠᠯᠲᠤ ᠠᠶ᠋ᠢᠯ ᠲᠣᠰᠬᠤᠨ ᠪᠠ ᠬᠥᠳᠡᠭᠡ ᠲᠣᠰᠬᠤᠨ᠎ᠤ ᠣᠨᠴᠠᠯᠢᠭ ᠳᠦᠷᠰᠦ ᠪᠠᠶ᠋ᠢᠳᠠᠯ᠎ᠢ ᠬᠠᠮᠠᠭ᠋ᠠᠯᠠᠬᠤ ᠵᠢ ᠠᠩᠬᠠᠷᠬᠤ ᠬᠡᠷᠡᠭᠲᠡᠢ᠂ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠬᠡᠪ ᠵᠠᠭᠪᠤᠷ᠎ᠢ ᠲᠡᠷᠡ ᠬᠡᠪ ᠵᠶ᠋ᠠᠷ᠎ᠨᠢ ᠰᠣᠬᠤᠷ ᠪᠠᠯᠠᠢ᠎ᠪᠠᠷ ᠨᠡᠭᠦᠯᠭᠡᠨ ᠬᠡᠷᠡᠭᠯᠡᠵᠦ᠂ ᠬᠥᠳᠡᠭᠡ ᠲᠣᠰᠬᠤᠨ᠎ᠤ ᠬᠡᠪ ᠨᠠᠮᠪᠠ ᠵᠢ ᠠᠯᠳᠠᠭᠳᠠᠭᠤᠯᠵᠤ ᠪᠣᠯᠬᠤ ᠦᠭᠡᠢ ᠭᠡᠵᠡᠢ᠃
    《ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ》᠎ᠤ ᠠᠵᠢᠯ᠎ᠢ ᠰᠠᠶ᠋ᠢᠨ ᠬᠢᠭᠰᠡᠨ ᠡᠰᠡᠬᠦ ᠵᠢᠨ ᠵᠠᠩᠭᠢᠯᠠᠭ᠎ᠠ᠎ᠨᠢ ᠲᠠᠷᠢᠶᠠᠴᠢᠳ᠎ᠤᠨ ᠪᠠᠶᠠᠷᠯᠠᠭᠰᠠᠨ ᠡᠰᠡᠬᠦ᠂ ᠰᠡᠳᠬᠢᠯ ᠬᠠᠨᠤᠭᠰᠠᠨ ᠡᠰᠡᠬᠦ᠎ᠳᠤ ᠪᠠᠶ᠋ᠢᠨ᠎ᠠ᠃ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠡᠷᠬᠡᠪᠰᠢ ᠦᠨᠡᠨ᠎ᠠᠴᠠ ᠵᠥᠪ᠎ᠢ ᠡᠷᠢᠬᠦ᠂ ᠪᠣᠳᠠᠲᠤ ᠠᠵᠢᠯ ᠬᠢᠬᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠵᠢ ᠪᠠᠷᠢᠮᠲᠠᠯᠠᠨ᠂ ᠦᠨᠡᠨ ᠬᠦ᠌ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠵᠤ᠂ ᠦᠩᠭᠡᠨ ᠲᠠᠯ᠎ᠠ ᠵᠢᠨ ᠠᠵᠢᠯ ᠬᠢᠬᠦ ᠵᠢ ᠡᠷᠡᠰ ᠡᠰᠡᠷᠭᠦᠴᠡᠨ᠎ᠡ᠃ ᠪᠣᠳᠠᠲᠤ ᠠᠰᠢᠭ ᠬᠦᠷᠲᠡᠭᠡᠬᠦ ᠠᠵᠢᠯ᠎ᠢ ᠢᠯᠡᠭᠦᠬᠡᠨ ᠬᠢᠵᠦ᠂ ᠲᠠᠷᠢᠶᠠᠴᠢᠳ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠬᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ ᠪᠦᠲᠦᠭᠡᠯᠴᠢ ᠴᠢᠨᠠᠷ᠎ᠢ ᠳᠠᠶ᠋ᠢᠴᠢᠯᠠᠨ᠂ ᠲᠠᠷᠢᠶᠠᠴᠢᠳ᠎ᠢ ᠦᠨᠡᠨ ᠬᠦ᠌ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠴᠢ ᠪᠠ ᠠᠰᠢᠭ ᠬᠦᠷᠳᠡᠭᠴᠢ ᠪᠣᠯᠭ᠋ᠠᠨ᠎ᠠ ᠭᠡᠵᠦ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠬᠦ ᠳᠤᠭᠤᠶ᠋ᠢᠯᠠᠩ᠎ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ