ᠨᠢᠭᠡ᠂ ᠨᠣᠣᠷᠠᠭᠯᠠᠭᠰᠠᠨ ᠠᠬᠤᠢ ᠪᠠᠶ᠋ᠢᠳᠠᠯ
ᠬᠡᠦᠬᠡᠳ ᠪᠣᠯ ᠭᠡᠷ ᠪᠦᠯᠢ ᠵᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ᠎ᠤ ᠢᠷᠡᠭᠡᠳᠦᠢ ᠮᠥᠨ᠂ ᠬᠡᠦᠬᠡᠳ᠎ᠤᠳ ᠬᠠᠤᠯᠢ ᠶᠣᠰᠣᠭ᠋ᠠᠷ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠳᠤ ᠣᠷᠣᠯᠴᠠᠬᠤ᠎ᠨᠢ ᠬᠡᠦᠬᠡᠳ᠎ᠤᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠪᠠᠲᠤᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠪᠥᠭᠡᠳ ᠲᠦᠭ ᠲᠦᠮᠡᠨ ᠭᠡᠷ ᠪᠦᠯᠢ ᠵᠢᠨ ᠵᠣᠯ ᠵᠢᠷᠭ᠋ᠠᠯᠲᠤ ᠠᠮᠢᠳᠤᠷᠠᠯ᠎ᠤᠨ ᠴᠢᠬᠤᠯᠠ ᠪᠠᠲᠤᠯᠠᠭ᠎ᠠ ᠶᠤᠮ᠃ ᠮᠠᠨ᠎ᠤ ᠤᠯᠤᠰ᠎ᠤᠨ ᠬᠤᠲᠠ ᠬᠥᠳᠡᠭᠡᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠳᠦᠷᠢᠮ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠳᠠᠭ᠋ᠠᠳᠬᠠᠯ᠎ᠳᠤ ᠣᠷᠣᠯᠴᠠᠭᠰᠠᠨ ᠬᠡᠦᠬᠡᠳ᠎ᠤᠨ ᠲᠤᠭ᠎ᠠ ᠲᠣᠭᠲᠠᠭᠤᠨ᠎ᠤ ᠳᠤᠮᠳᠠ ᠨᠡᠮᠡᠭᠳᠡᠵᠦ᠂ 2023 ᠣᠨ᠎ᠳᠤ ᠳᠠᠭ᠋ᠠᠳᠬᠠᠯ᠎ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭ᠋ᠠᠳᠬᠠᠯ᠎ᠳᠤ ᠣᠷᠣᠯᠴᠠᠭᠰᠠᠨ ᠬᠡᠦᠬᠡᠳ᠎ᠤᠨ ᠲᠤᠭ᠎ᠠ ᠲᠣᠭᠲᠠᠭᠤᠨ ᠵᠶ᠋ᠠᠷ ᠨᠡᠮᠡᠭᠳᠡᠭᠰᠡᠨ᠎ᠨᠢ ᠬᠡᠦᠬᠡᠳ᠎ᠤᠳ᠎ᠤᠨ ᠡᠷᠡᠭᠦᠯ ᠮᠡᠨᠳᠦ ᠵᠢᠨ ᠡᠷᠬᠡ ᠠᠰᠢᠭ᠎ᠢ ᠪᠠᠲᠤᠯᠠᠬᠤ᠎ᠳᠤ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠦᠢ᠍ᠯᠡᠳᠦᠯ ᠭᠠᠷᠭ᠋ᠠᠭᠰᠠᠨ ᠪᠠᠶ᠋ᠢᠨ᠎ᠠ᠃ ᠭᠡᠪᠡᠴᠦ ᠡᠭᠦᠨ᠎ᠤ ᠬᠠᠮᠲᠤ ᠪᠠᠰᠠ ᠨᠢᠷᠠᠢ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ᠎ᠳᠤ ᠭᠠᠷ ᠭᠦᠢ᠍ᠴᠡᠳᠬᠡᠯ ᠣᠯᠠᠨ᠂ ᠶᠠᠪᠤᠴᠠ ᠤᠷᠲᠤ᠂ ᠴᠥᠭᠡᠨ ᠲᠣᠭ᠋ᠠᠨ᠎ᠤ ᠭᠡᠷ᠎ᠤᠨ ᠠᠬᠠᠮᠠᠳ᠎ᠤᠨ ᠳᠠᠭ᠋ᠠᠳᠬᠠᠯ᠎ᠳᠤ ᠣᠷᠣᠯᠴᠠᠬᠤ ᠤᠬᠠᠮᠰᠠᠷ ᠳᠣᠷᠣᠢ᠂ ᠣᠨᠴᠠ ᠵᠠᠷᠢᠮ ᠬᠤᠲᠠ ᠪᠠᠶ᠋ᠢᠩᠭᠤ ᠰᠠᠭᠤᠭ᠎ᠠ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ ᠬᠢᠵᠠᠭ᠋ᠠᠷᠯᠠᠯ᠎ᠢ ᠬᠠᠷᠠᠬᠠᠨ ᠪᠦᠷᠢᠮᠦᠰᠦᠨ ᠴᠢᠯᠦᠭᠡᠲᠡᠢ ᠪᠣᠯᠭ᠋ᠠᠭ᠋ᠠᠳᠤᠢ ᠵᠡᠷᠭᠡ ᠠᠰᠠᠭᠤᠳᠠᠯ᠎ᠤᠳ ᠣᠷᠣᠰᠢᠵᠤ ᠪᠠᠶ᠋ᠢᠭ᠎ᠠ ᠪᠣᠯᠬᠤᠷ ᠬᠠᠮᠲᠤ ᠵᠢᠨ ᠲᠠᠨᠢᠯᠲᠠ᠎ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ᠎ᠤᠳ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠂ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠲᠦᠪᠰᠢᠨ᠎ᠢ ᠴᠢᠨᠠᠭᠰᠢᠳᠠ ᠤᠯᠠᠮ ᠳᠡᠭᠡᠭᠰᠢᠯᠡᠭᠦᠯᠬᠦ ᠵᠢ ᠠᠬᠢᠭᠤᠯᠬᠤ ᠴᠢᠬᠤᠯᠠᠲᠠᠢ ᠪᠠᠶ᠋ᠢᠨ᠎ᠠ᠃ ᠬᠡᠦᠬᠡᠳ᠎ᠤᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ ᠪᠢᠳᠡ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠂ ᠪᠥᠬᠦ ᠤᠯᠤᠰ᠎ᠤᠨ ᠡᠮᠡᠭᠲᠡᠶ᠋ᠢᠴᠦᠳ᠎ᠤᠨ ᠬᠤᠯᠪᠤᠭ᠋ᠠᠨ᠎ᠤ ᠠᠯᠪᠠᠨ ᠲᠢᠩᠬᠢᠮ᠎ᠲᠠᠢ ᠬᠠᠮᠲᠤᠷᠠᠨ 《ᠬᠡᠦᠬᠡᠳ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠰᠤᠳᠤᠯᠤᠨ ᠲᠤᠭᠤᠷᠪᠢᠵᠠᠢ᠃
ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ
《ᠮᠡᠳᠡᠭᠳᠡᠯ》᠎ᠳᠤ ᠳᠠᠷᠠᠭ᠋ᠠᠬᠢ ᠰᠡᠳᠬᠢᠮᠵᠢ ᠵᠢ ᠵᠢᠷᠤᠮᠯᠠᠪᠠ᠄ ᠨᠢᠭᠡ᠎ᠳᠤ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ 《〈14 · 5〉 ᠵᠢᠨ ᠪᠥᠬᠦ ᠠᠷᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠥᠯᠥᠪᠯᠡᠭᠡ》᠎ᠳᠤ ᠳᠤᠷᠠᠳᠤᠭᠰᠠᠨ ᠵᠢᠯ ᠪᠦᠷᠢ 95%᠎ᠠᠴᠠ ᠳᠡᠭᠡᠭᠰᠢᠬᠢ ᠵᠢ ᠳᠠᠭ᠋ᠠᠳᠬᠠᠯ᠎ᠳᠤ ᠣᠷᠣᠭᠤᠯᠬᠤ ᠨᠣᠷᠮ᠎ᠠ ᠵᠢᠨ ᠬᠠᠷᠠᠯᠲᠠ ᠵᠢ ᠪᠡᠶᠡᠯᠡᠭᠦᠯᠬᠦ ᠵᠢ ᠪᠣᠳᠣᠯᠬᠢᠯᠠᠵᠤ᠂ 2024 ᠣᠨ᠎ᠤ ᠡᠴᠦᠰ ᠪᠣᠯᠲᠠᠯ᠎ᠠ᠂ 80%᠎ᠠᠴᠠ ᠳᠡᠭᠡᠭᠰᠢᠬᠢ ᠨᠢᠷᠠᠢ ᠬᠡᠦᠬᠡᠳ᠎ᠤᠳ᠎ᠢ ᠲᠥᠷᠥᠭᠰᠡᠨ ᠵᠢᠯ᠎ᠳᠤᠨᠢ ᠳᠠᠭ᠋ᠠᠳᠬᠠᠯ᠎ᠳᠤ ᠣᠷᠣᠭᠤᠯᠬᠤ᠎ᠪᠠᠷ ᠴᠢᠷᠮᠠᠶ᠋ᠢᠨ᠎ᠠ ᠭᠡᠵᠦ ᠲᠣᠳᠣᠷᠬᠠᠢ ᠳᠤᠷᠠᠳᠪᠠ᠃ 《14 · 5》 ᠵᠢᠨ ᠬᠤᠭᠤᠴᠠᠭ᠋ᠠᠨ᠎ᠤ ᠡᠴᠦᠰ ᠪᠣᠯᠬᠤ᠎ᠳᠤ᠂ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠳᠡᠭᠡᠭᠰᠢᠯᠡᠭᠦᠯᠦᠨ᠎ᠡ᠃ ᠬᠤᠶᠠᠷ᠎ᠲᠤ ᠦᠢ᠍ᠯᠡᠴᠢᠯᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠵᠢ ᠬᠠᠷᠢᠴᠠᠩᠭᠤᠢ᠎ᠪᠠᠷ ᠲᠣᠭᠲᠠᠭᠤᠨ ᠪᠠᠶ᠋ᠢᠯᠭ᠋ᠠᠬᠤ ᠵᠢ ᠪᠠᠲᠤᠯᠠᠭᠰᠠᠨ ᠤᠷᠢᠲᠠᠯ᠎ᠳᠤ᠂ ᠨᠢᠷᠠᠢ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠴᠤᠪᠤᠷᠠᠯ᠎ᠢ ᠭᠤᠣᠯᠳᠠᠯᠭ᠎ᠠ᠎ᠲᠠᠢ ᠰᠢᠯᠢᠳᠡᠭᠵᠢᠭᠦᠯᠵᠦ᠂ ᠳᠠᠭ᠋ᠠᠳᠬᠠᠯ᠎ᠳᠤ ᠣᠷᠣᠯᠴᠠᠬᠤ ᠳᠠᠩᠰᠠᠯᠠᠯᠲᠠ ᠵᠢᠨ ᠭᠤᠭᠴᠤᠭ᠎ᠠ ᠵᠢ ᠴᠣᠮᠬᠠᠯᠠᠨ᠂ ᠦᠢ᠍ᠯᠡᠴᠢᠯᠡᠭᠡ᠎ᠪᠠᠨ ᠰᠠᠶ᠋ᠢᠵᠢᠷᠠᠭᠤᠯᠵᠤ᠂ ᠴᠢᠭᠯᠡᠯᠲᠡ ᠴᠢᠨᠠᠷᠲᠠᠢ᠎ᠪᠠᠷ ᠠᠵᠢᠯ᠎ᠤᠨ ᠱᠠᠭ᠋ᠠᠷᠳᠠᠯᠭ᠎ᠠ ᠳᠤᠷᠠᠳᠤᠨ᠎ᠠ᠃ ᠭᠤᠷᠪᠠ᠎ᠳᠤ ᠲᠥᠪ ᠶᠣᠰᠣ ᠵᠢ ᠵᠢᠷᠤᠮᠯᠠᠨ ᠰᠢᠨ᠎ᠡ ᠵᠢ ᠡᠭᠦᠳᠬᠦ ᠵᠢ ᠪᠠᠷᠢᠮᠲᠠᠯᠠᠨ᠎ᠠ᠃ 《ᠮᠡᠳᠡᠭᠳᠡᠯ》᠎ᠨᠢ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠠᠵᠢᠯ᠎ᠢ ᠴᠢᠩᠭ᠋ᠠᠳᠬᠠᠬᠤ ᠪᠠ ᠰᠠᠶ᠋ᠢᠵᠢᠷᠠᠭᠤᠯᠬᠤ ᠲᠤᠬᠠᠢ ᠵᠢᠯᠤᠭᠤᠳᠬᠤ ᠰᠠᠨᠠᠯ》 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢ᠍ᠴᠡᠳᠬᠡᠬᠦ ᠳᠦᠷᠢᠮ》᠎ᠢ ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠵᠢᠨ ᠬᠠᠮᠲᠤ ᠣᠷᠣᠨ ᠨᠤᠲᠤᠭ᠎ᠤᠨ ᠬᠠᠶ᠋ᠢᠨ ᠰᠦᠪᠡᠭᠴᠢᠯᠡᠯᠲᠡ ᠪᠠ ᠰᠢᠨᠡᠴᠢᠯᠡᠯᠲᠡ ᠵᠢ ᠵᠣᠷᠢᠭᠵᠢᠭᠤᠯᠤᠨ᠎ᠠ᠃
《ᠮᠡᠳᠡᠭᠳᠡᠯ》᠎ᠨᠢ ᠬᠡᠦᠬᠡᠳ᠎ᠢ ᠳᠠᠭ᠋ᠠᠳᠬᠠᠯ᠎ᠳᠤ ᠣᠷᠣᠭᠤᠯᠬᠤ ᠳᠠᠶ᠋ᠢᠴᠢᠯᠠᠯᠲᠠ ᠵᠢ ᠡᠷᠴᠢᠮᠵᠢᠭᠦᠯᠬᠦ᠂ ᠨᠢᠷᠠᠢ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠴᠣᠪᠤᠷᠠᠯ᠎ᠢ ᠰᠢᠯᠢᠳᠡᠭᠵᠢᠭᠦᠯᠬᠦ᠂ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠬᠠᠩᠭ᠋ᠠᠯᠭ᠎ᠠ ᠵᠢ ᠬᠠᠮᠵᠢᠯᠴᠠᠭᠤᠯᠤᠨ ᠰᠢᠯᠢᠳᠡᠭᠵᠢᠭᠦᠯᠬᠦ᠂ ᠰᠠᠯᠠᠭ᠎ᠠ ᠮᠥᠴᠢᠷ᠎ᠤᠳ᠎ᠤᠨ ᠳ᠋ᠠᠶ᠋ᠢᠲ᠋ᠠ ᠬᠤᠪᠢᠶᠠᠯᠴᠠᠬᠤ ᠵᠢ ᠴᠢᠩᠭ᠋ᠠᠳᠬᠠᠬᠤ᠂ ᠰᠢᠮᠳᠠᠭᠤᠯᠤᠨ ᠵᠢᠯᠤᠭᠤᠳᠴᠤ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠲᠤᠰᠬᠠᠢ ᠠᠵᠢᠯᠯᠠᠭ᠎ᠠ᠎ᠳᠤ ᠪᠠᠶ᠋ᠢᠷᠢᠯᠠᠭᠤᠯᠤᠯᠲᠠ ᠬᠢᠪᠡ᠃ ᠨᠢᠭᠡ᠎ᠳᠤ ᠬᠡᠦᠬᠡᠳ᠎ᠢ ᠳᠠᠭ᠋ᠠᠳᠬᠠᠯ᠎ᠳᠤ ᠣᠷᠣᠭᠤᠯᠬᠤ ᠳᠠᠶ᠋ᠢᠴᠢᠯᠠᠯᠲᠠ ᠵᠢ ᠡᠷᠴᠢᠮᠵᠢᠭᠦᠯᠦᠨ᠎ᠡ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠡᠭᠲᠡᠶ᠋ᠢᠴᠦᠳ᠎ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠳᠠᠭ᠋ᠠᠳᠬᠠᠯ᠎ᠳᠤ ᠣᠷᠣᠯᠴᠠᠬᠤ ᠵᠢ ᠤᠬᠠᠭᠤᠯᠤᠨ ᠳᠠᠶ᠋ᠢᠴᠢᠯᠠᠬᠤ᠎ᠪᠠᠨ ᠦᠨᠡᠨ ᠬᠦ᠌ ᠡᠷᠴᠢᠮᠵᠢᠭᠦᠯᠦᠨ᠎ᠡ᠃ ᠬᠤᠶᠠᠷ᠎ᠲᠤ ᠨᠢᠷᠠᠢ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠴᠣᠪᠤᠷᠠᠯ᠎ᠢ ᠰᠢᠯᠢᠳᠡᠭᠵᠢᠭᠦᠯᠦᠨ᠎ᠡ᠃ ᠡᠯ᠎ᠡ ᠭᠠᠵᠠᠷ᠎ᠢ ᠱᠠᠭ᠋ᠠᠷᠳᠠᠨ 《ᠲᠥᠷᠥᠭᠰᠡᠨᠤ ᠳᠠᠷᠠᠭ᠋ᠠᠬᠢ ᠠᠵᠢᠯ ᠶᠠᠪᠤᠳᠠᠯ᠎ᠤᠳ᠎ᠢ ᠨᠢᠭᠡ ᠯᠠ ᠠᠵᠢᠯ ᠶᠠᠪᠤᠳᠠᠯ ᠪᠣᠯᠭ᠋ᠠᠨ》 ᠭᠦᠢ᠍ᠴᠡᠳᠬᠡᠬᠦ ᠵᠢ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ᠎ᠤᠨ ᠲᠥᠷᠥᠭᠰᠡᠨᠤ ᠠᠨᠠᠭ᠋ᠠᠬᠤ ᠵᠢᠨ ᠭᠡᠷᠡᠴᠢᠯᠡᠯ ᠵᠶ᠋ᠠᠷ᠎ᠨᠢ ᠨᠢᠷᠠᠢ ᠬᠡᠦᠬᠡᠳ᠎ᠢ ᠳᠠᠭ᠋ᠠᠳᠬᠠᠯ᠎ᠳᠤ ᠣᠷᠣᠭᠤᠯᠬᠤ ᠵᠢ ᠰᠦᠪᠡᠭᠴᠢᠯᠡᠬᠦ ᠵᠢ ᠵᠣᠷᠢᠭᠵᠢᠭᠤᠯᠤᠨ᠎ᠠ᠃ ᠭᠤᠷᠪᠠ᠎ᠳᠤ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠬᠠᠩᠭ᠋ᠠᠯᠭ᠎ᠠ ᠵᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ᠎ᠤ ᠡᠷᠦᠬᠡ ᠠᠮᠠ᠎ᠲᠠᠢ ᠬᠡᠦᠬᠡᠳ᠎ᠤᠨ ᠪᠠᠶ᠋ᠢᠩᠭᠤ ᠰᠠᠭᠤᠭ᠎ᠠ ᠭᠠᠵᠠᠷ᠂ ᠰᠤᠷᠭ᠋ᠠᠭᠤᠯᠢ ᠵᠢᠨ ᠬᠠᠷᠢᠶ᠎ᠠ᠎ᠲᠠᠢ ᠭᠠᠵᠠᠷ᠎ᠲᠤ᠎ᠪᠠᠨ ᠳᠠᠭ᠋ᠠᠳᠬᠠᠯ᠎ᠳᠤ ᠣᠷᠣᠯᠴᠠᠬᠤ ᠵᠢ ᠠᠬᠢᠭᠤᠯᠤᠨ᠎ᠠ᠃ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠵᠢ ᠤᠷᠮᠠᠰᠢᠭᠤᠯᠵᠤ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ᠎ᠤᠨ ᠰᠠᠯᠠᠭ᠋ᠠᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠬᠥᠭᠵᠢᠯᠲᠡ ᠵᠢ ᠳᠡᠮᠵᠢᠵᠦ᠂ ᠬᠡᠦᠬᠡᠳ᠎ᠤᠳ᠎ᠤᠨ ᠡᠷᠡᠭᠦᠯ ᠮᠡᠨᠳᠦ ᠵᠢᠨ ᠡᠷᠬᠡ ᠠᠰᠢᠭ᠎ᠢ ᠪᠠᠲᠤᠯᠠᠨ᠂ ᠡᠮᠴᠢᠯᠡᠭᠡᠨ᠎ᠤ ᠦᠢ᠍ᠯᠡᠴᠢᠯᠡᠭᠡ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃ ᠳᠥᠷᠪᠡ᠎ᠳᠤ ᠰᠠᠯᠠᠭ᠎ᠠ ᠮᠥᠴᠢᠷ᠎ᠤᠳ᠎ᠤᠨ ᠳ᠋ᠠᠶ᠋ᠢᠲ᠋ᠠ ᠬᠤᠪᠢᠶᠠᠯᠴᠠᠬᠤ ᠵᠢ ᠴᠢᠩᠭ᠋ᠠᠳᠬᠠᠨ᠎ᠠ᠃ ᠰᠠᠯᠠᠭ᠎ᠠ ᠮᠥᠴᠢᠷ᠎ᠤᠳ ᠡᠯᠪᠡᠨ ᠬᠠᠮᠵᠢᠯᠴᠠᠬᠤ᠎ᠪᠠᠷ ᠳᠠᠮᠵᠢᠭᠤᠯᠤᠨ᠂ ᠡᠯ᠎ᠡ ᠲᠥᠷᠥᠯ᠎ᠤᠨ ᠬᠡᠦᠬᠡᠳ᠎ᠤᠨ ᠳᠠᠭ᠋ᠠᠳᠬᠠᠯ᠎ᠳᠤ ᠣᠷᠣᠯᠴᠠᠭᠰᠠᠨ ᠪᠠᠶ᠋ᠢᠳᠠᠯ᠎ᠢ ᠴᠠᠭ ᠲᠤᠬᠠᠢᠳᠤᠨᠢ ᠣᠨᠣᠪᠴᠢᠲᠠᠶ ᠡᠵᠡᠮᠰᠢᠵᠦ᠂ ᠳᠠᠭ᠋ᠠᠳᠬᠠᠭᠤᠯᠬᠤ ᠶᠣᠰᠣᠲᠠᠢ ᠵᠢ᠎ᠨᠢ ᠴᠥᠮ ᠳᠠᠭ᠋ᠠᠳᠬᠠᠭᠤᠯᠬᠤ ᠬᠡᠷᠡᠭᠲᠡᠢ᠃ ᠲᠠᠪᠤ᠎ᠳᠤ ᠰᠢᠮᠳᠠᠭᠤᠯᠤᠨ ᠵᠢᠯᠤᠭᠤᠳᠴᠤ ᠨᠠᠶ᠋ᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ ᠣᠷᠣᠨ᠎ᠤ᠎ᠪᠠᠨ ᠬᠡᠦᠬᠡᠳ᠎ᠢ ᠳᠠᠭ᠋ᠠᠳᠬᠠᠯ᠎ᠳᠤ ᠣᠷᠣᠭᠤᠯᠬᠤ ᠲᠤᠰᠬᠠᠢ ᠠᠵᠢᠯᠯᠠᠭ᠎ᠠ ᠵᠢ ᠬᠢᠨᠠᠨ ᠵᠢᠯᠤᠭᠤᠳᠬᠤ᠎ᠪᠠᠨ ᠴᠢᠩᠭ᠋ᠠᠳᠬᠠᠵᠤ᠂ ᠠᠵᠢᠯ᠎ᠢ ᠲᠣᠬᠢᠷᠠᠭᠤᠯᠬᠤ ᠪᠠ ᠰᠢᠮᠳᠠᠭᠤᠯᠬᠤ ᠵᠢ ᠰᠠᠶ᠋ᠢᠲᠤᠷ ᠬᠢᠵᠦ᠂ ᠬᠡᠦᠬᠡᠳ᠎ᠤᠨ ᠳᠠᠭ᠋ᠠᠳᠬᠠᠯ᠎ᠳᠤ ᠣᠷᠣᠯᠴᠠᠭᠰᠠᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ᠎ᠡ᠃
ᠭᠤᠷᠪᠠ᠂ ᠲᠠᠷᠠᠭ᠋ᠠᠴᠢ ᠵᠢᠨ ᠠᠵᠢᠯ
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠰᠤᠷᠭ᠋ᠠᠨ ᠬᠥᠮᠦᠵᠢᠯ᠎ᠤᠨ ᠶᠠᠮᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠵᠥᠪᠯᠡᠯ᠂ ᠡᠮᠡᠭᠲᠡᠶ᠋ᠢᠴᠦᠳ᠎ᠤᠨ ᠬᠤᠯᠪᠤᠭ᠎ᠠ ᠵᠡᠷᠭᠡ ᠰᠠᠯᠠᠭ᠎ᠠ ᠮᠥᠴᠢᠷ᠎ᠤᠳ᠎ᠲᠠᠢ ᠬᠠᠮᠲᠤ᠎ᠪᠠᠷ ᠡᠯ᠎ᠡ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠬᠡᠦᠬᠡᠳ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠭᠤᠯᠬᠤ ᠲᠤᠰᠬᠠᠢ ᠠᠵᠢᠯᠯᠠᠭ᠎ᠠ ᠵᠢ ᠰᠠᠶ᠋ᠢᠲᠤᠷ ᠥᠷᠨᠢᠭᠦᠯᠵᠦ᠂ ᠬᠡᠦᠬᠡᠳ᠎ᠤᠨ ᠳᠠᠭ᠋ᠠᠳᠬᠠᠯ᠎ᠳᠤ ᠣᠷᠣᠯᠴᠠᠭᠰᠠᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠂ ᠬᠡᠦᠬᠡᠳ᠎ᠤᠨ ᠳᠠᠭ᠋ᠠᠳᠬᠠᠯ᠎ᠳᠤ ᠣᠷᠣᠯᠴᠠᠬᠤ ᠡᠷᠬᠡ ᠠᠰᠢᠭ᠎ᠢ ᠪᠠᠲᠤᠯᠠᠵᠤ᠂ ᠬᠡᠦᠬᠡᠳ᠎ᠤᠨ ᠡᠷᠡᠭᠦᠯ ᠮᠡᠨᠳᠦ ᠵᠢ ᠬᠠᠮᠠᠭ᠋ᠠᠯᠠᠨ᠎ᠠ᠃