ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠵᠠᠮ ᠱᠤᠭᠤᠮ᠎ᠢ ᠲᠣᠳᠣᠷᠬᠠᠶ᠋ᠢᠯᠠᠪᠠ
ᠨᠡᠶ᠋ᠢᠲᠡᠯᠡᠭᠰᠡᠨ ᠴᠠᠭ᠄ 2024-04-09

    ᠠᠮᠢ ᠠᠬᠤᠢ ᠣᠷᠴᠢᠨ ᠲᠣᠭᠤᠷᠢᠨ᠎ᠤ ᠶᠠᠮᠤᠨ ᠲᠦᠷᠦᠭᠦᠬᠡᠨ 《ᠣᠳᠣᠬᠢᠴᠢᠯᠠᠭᠰᠠᠨ ᠠᠮᠢ ᠠᠬᠤᠢ ᠣᠷᠴᠢᠨ ᠲᠤᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠲᠦᠷᠭᠡᠪᠴᠢᠯᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠬᠤᠶᠠᠷ ᠠᠯᠬᠤᠮ ᠵᠶ᠋ᠠᠷ ᠶᠠᠪᠤᠬᠤ》 ᠪᠠᠶ᠋ᠢᠭᠤᠯᠤᠯᠲᠠ ᠵᠢᠨ ᠬᠠᠷᠠᠯᠲᠠ ᠵᠢ ᠳᠤᠷᠠᠳᠤᠨ ᠭᠠᠷᠭ᠋ᠠᠪᠠ᠄ ᠢᠷᠡᠭᠡᠳᠦᠢ ᠵᠢᠨ ᠲᠠᠪᠤᠨ ᠵᠢᠯ᠎ᠳᠤ᠂ ᠣᠳᠣᠬᠢᠴᠢᠯᠠᠭᠰᠠᠨ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠴᠢᠬᠤᠯᠠ ᠠᠬᠢᠯᠲᠠ᠎ᠲᠠᠢ ᠪᠣᠯᠣᠨ᠎ᠠ; 2035 ᠣᠨ ᠪᠣᠯᠬᠤ᠎ᠳᠤ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠤᠨ᠎ᠠ᠃
    ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠪᠣᠯ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠭᠤᠷᠢ ᠮᠥᠨ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠲᠦᠰᠢᠭ ᠲᠤᠯᠭ᠋ᠠᠭᠤᠷᠢ ᠮᠥᠨ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠵᠤᠷᠭ᠋ᠠᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠲᠣᠰ ᠤᠳᠠᠭ᠋ᠠᠨ᠎ᠤ ᠳᠠᠷᠤᠮᠠᠯᠯᠠᠨ ᠲᠠᠷᠬᠠᠭ᠋ᠠᠭᠰᠠᠨ ᠰᠠᠨᠠᠯ᠎ᠨᠢ ᠬᠢᠨᠠᠨ ᠬᠡᠮᠵᠢᠬᠦ ᠵᠢ ᠤᠷᠢᠳ ᠵᠶ᠋ᠠᠷ ᠬᠡᠷᠡᠭᠵᠢᠭᠦᠯᠬᠦ᠂ ᠬᠤᠷᠴᠠ ᠰᠡᠷᠭᠡᠭ ᠵᠶ᠋ᠠᠷ ᠬᠢᠨᠠᠨ ᠬᠡᠮᠵᠢᠬᠦ᠂ ᠣᠨᠣᠪᠴᠢᠲᠠᠢ᠎ᠪᠠᠷ ᠬᠢᠨᠠᠨ ᠬᠡᠮᠵᠢᠬᠦ᠎ᠪᠠᠷ ᠤᠳᠤᠷᠢᠳᠤᠮᠵᠢ᠂ ᠨᠠᠩ ᠥᠨᠳᠥᠷ ᠪᠠᠷᠢᠮᠵᠢᠶ᠎ᠠ᠎ᠪᠠᠷ ᠬᠢᠨᠠᠨ ᠬᠡᠮᠵᠢᠯᠲᠡ ᠵᠢᠨ ᠳ᠋ᠠᠶ᠋ᠢᠲ᠋ᠠ ᠵᠢᠨ 《ᠵᠥᠪ᠂ ᠣᠨᠣᠪᠴᠢᠲᠠᠶ᠂ ᠪᠦᠷᠢᠨ᠂ ᠲᠦᠷᠭᠡᠨ᠂ ᠰᠢᠨ᠎ᠡ》 ᠪᠠᠶ᠋ᠢᠬᠤ ᠵᠢ ᠪᠠᠲᠤᠯᠠᠬᠤ᠎ᠪᠠᠷ ᠬᠠᠷᠠᠯᠲᠠ᠂ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠤᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ ᠪᠤᠰᠤᠳᠴᠢ ᠪᠥᠭᠡᠳ ᠡᠷᠬᠡ ᠰᠦᠷ᠎ᠲᠠᠢ ᠲᠤᠰᠬᠠᠬᠤ᠎ᠪᠠᠷ ᠵᠣᠷᠢᠯᠲᠠ ᠪᠣᠯᠭ᠋ᠠᠵᠤ᠂ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠦᠵᠡᠭᠦᠯᠬᠦ ᠲᠤᠰᠠᠯᠠᠬᠤ᠂ ᠬᠥᠲᠥᠯᠥᠨ ᠳᠠᠭ᠋ᠠᠭᠤᠯᠬᠤ ᠪᠠ ᠦᠢ᠍ᠯᠡᠴᠢᠯᠡᠬᠦ ᠦᠢ᠍ᠯᠡᠳᠦᠯ᠎ᠢ᠎ᠨᠢ ᠨᠠᠩ ᠰᠠᠶ᠋ᠢᠨ ᠪᠠᠳᠠᠷᠠᠭᠤᠯᠪᠠ ᠭᠡᠵᠡᠢ᠃
    ᠲᠤᠰ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠰᠠᠨᠠᠯ᠎ᠳᠤ 《ᠬᠤᠶᠠᠷ ᠠᠯᠬᠤᠮ ᠵᠶ᠋ᠠᠷ ᠶᠠᠪᠤᠬᠤ》 ᠬᠠᠷᠠᠯᠲᠠ ᠵᠢ ᠲᠣᠳᠣᠷᠬᠠᠶ᠋ᠢᠯᠠᠪᠠ᠄ ᠨᠢᠭᠡᠳᠦᠭᠡᠷ ᠠᠯᠬᠤᠮ᠎ᠳᠤ᠂ ᠢᠷᠡᠬᠦ ᠲᠠᠪᠤᠨ ᠵᠢᠯ᠎ᠳᠤ ᠬᠦᠴᠦᠨ ᠵᠶ᠋ᠠᠨ ᠲᠥᠪᠯᠡᠷᠡᠭᠦᠯᠦᠨ ᠣᠳᠣᠬᠢᠴᠢᠯᠠᠭᠰᠠᠨ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠬᠤᠯᠠ ᠠᠬᠢᠴᠠ᠎ᠲᠠᠢ ᠪᠣᠯᠭ᠋ᠠᠵᠤ᠂ ᠣᠭᠲᠠᠷᠭᠤᠢ ᠠᠭ᠋ᠠᠷ ᠬᠠᠭᠤᠷᠠᠢ ᠳᠠᠯᠠᠢ ᠵᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠯᠲᠡ ᠵᠢᠨ ᠰᠦᠯᠵᠢᠶᠡᠨ᠎ᠤ ᠪᠠᠶ᠋ᠢᠭᠤᠯᠤᠯᠲᠠ ᠵᠢᠨ ᠢᠨᠵᠧᠨᠧᠷᠢᠩ᠂ ᠬᠢᠨᠠᠨ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠢᠨᠵᠧᠨᠧᠷᠢᠩ᠂ ᠦᠨᠳᠦᠰᠦᠨ ᠱᠠᠲᠤ ᠵᠢ ᠬᠦᠴᠦᠷᠬᠡᠭᠵᠢᠭᠦᠯᠵᠦ ᠳᠤᠲᠠᠭᠳᠠᠯ᠎ᠢ ᠨᠥᠬᠦᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠂ ᠬᠢᠨᠠᠨ ᠬᠡᠮᠵᠢᠯᠲᠡ ᠵᠢᠨ ᠴᠢᠳᠠᠪᠤᠷᠢᠲᠠᠨ᠎ᠢ ᠬᠥᠮᠥᠵᠢᠭᠦᠯᠬᠦ ᠢᠨᠵᠧᠨᠧᠷᠢᠩ ᠵᠡᠷᠭᠡ 《ᠲᠦᠷᠪᠡᠨ ᠶᠡᠭᠡ ᠢᠨᠵᠧᠨᠧᠷᠢᠩ》᠎ᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠳ᠋ᠢᠭᠢᠲᠴᠢᠯᠡᠭᠰᠡᠨ ᠤᠶᠤᠨᠴᠢᠯᠠᠭᠰᠠᠨ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠂ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠪᠦᠬᠦᠯᠢ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠤᠶᠠᠳᠤᠭ᠋ᠠᠷ ᠠᠯᠬᠤᠮ᠎ᠳᠤ᠂ ᠲᠠᠬᠢᠭ᠋ᠠᠳ ᠲᠠᠪᠤᠨ ᠵᠢᠯ ᠣᠷᠴᠢᠮ᠎ᠤᠨ ᠴᠠᠭ ᠵᠠᠷᠤᠴᠠᠭᠤᠯᠵᠤ᠂ 2035 ᠣᠨ ᠪᠣᠯᠬᠤ᠎ᠳᠤ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠳᠡᠯᠡᠬᠡᠢ ᠵᠢᠨ ᠲᠡᠷᠢᠭᠦᠨ᠎ᠤ ᠲᠦᠪᠰᠢᠨ᠎ᠳᠤ ᠬᠦᠷᠭᠡᠨ᠎ᠡ ᠭᠡᠪᠡ᠃
    ᠰᠠᠨᠠᠯ᠎ᠳᠤ ᠬᠢᠨᠠᠨ ᠬᠡᠮᠵᠢᠯᠲᠡ ᠵᠢᠨ ᠰᠦᠯᠵᠢᠶ᠎ᠡ᠂ ᠬᠢᠨᠠᠨ ᠬᠡᠮᠵᠢᠯᠲᠡ ᠵᠢᠨ ᠮᠡᠷᠭᠡᠵᠢᠯ᠂ ᠲᠤᠬᠠᠶ᠋ᠢᠯᠠᠭᠰᠠᠨ ᠠᠵᠢᠯ᠎ᠤᠨ ᠲᠤᠰᠠᠯᠠᠮᠵᠢ᠂ ᠳ᠋ᠠᠶ᠋ᠢᠲ᠋ᠠ ᠵᠢᠨ ᠴᠢᠨᠠᠷ᠂ ᠬᠢᠨᠠᠨ ᠬᠡᠮᠵᠢᠯᠲᠡ ᠵᠢᠨ ᠬᠠᠮᠢᠶᠠᠷᠤᠯᠲᠠ ᠵᠡᠷᠭᠡ ᠲᠠᠯ᠎ᠠ᠎ᠪᠠᠷ ᠭᠤᠣᠯ ᠡᠭᠦᠷᠭᠡ ᠳᠤᠷᠠᠳᠴᠤ᠂ ᠣᠭᠲᠠᠷᠭᠤᠢ ᠠᠭ᠋ᠠᠷ ᠬᠠᠭᠤᠷᠠᠢ ᠳᠠᠯᠠᠢ ᠵᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠯᠲᠡ ᠵᠢᠨ ᠰᠦᠯᠵᠢᠶ᠎ᠡ ᠵᠢ ᠪᠦᠷᠢᠨᠰᠢᠭᠦᠯᠬᠦ᠂ ᠳ᠋ᠢᠭᠢᠲᠴᠢᠯᠡᠭᠰᠡᠨ ᠤᠶᠤᠨᠴᠢᠯᠠᠭᠰᠠᠨ ᠬᠢᠨᠠᠨ ᠬᠡᠮᠵᠢᠯᠲᠡ ᠵᠢᠨ ᠮᠡᠷᠭᠡᠵᠢᠯ᠎ᠤᠨ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠤᠶᠠᠷ ᠭᠤᠣᠯᠳᠠᠯᠭ᠎ᠠ ᠵᠢ ᠰᠠᠶ᠋ᠢᠲᠤᠷ ᠠᠳᠬᠤᠵᠤ᠂ ᠬᠢᠨᠠᠨ ᠬᠡᠮᠵᠢᠯᠲᠡ ᠵᠢᠨ ᠳ᠋ᠠᠶ᠋ᠢᠲ᠋ᠠ ᠵᠢᠨ ᠴᠢᠨᠠᠷ ᠰᠠᠶ᠋ᠢᠲᠠᠢ᠂ ᠬᠢᠨᠠᠨ ᠬᠡᠮᠵᠢᠯᠲᠡ ᠵᠢᠨ ᠬᠠᠮᠢᠶᠠᠷᠤᠯᠲᠠ ᠵᠢᠨ ᠥᠨᠳᠥᠷ ᠪᠦᠲᠦᠮᠵᠢᠲᠡᠢ᠂ ᠬᠢᠨᠠᠨ ᠬᠡᠮᠵᠢᠯᠲᠡ ᠵᠢᠨ ᠲᠤᠰᠠᠯᠠᠮᠵᠢ ᠵᠢᠨ ᠥᠨᠳᠥᠷ ᠲᠦᠪᠰᠢᠨ᠎ᠢ ᠠᠬᠢᠭᠤᠯᠤᠨ᠎ᠠ ᠭᠡᠵᠦ ᠴᠢᠬᠤᠯᠠᠴᠢᠯᠠᠪᠠ᠃
    ᠣᠶ᠋ᠢᠯᠠᠭ᠋ᠠᠭᠰᠠᠨ ᠵᠶ᠋ᠠᠷ᠂ ᠰᠠᠨᠠᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠤᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠬᠤ ᠵᠢᠨ ᠲᠥᠯᠥᠭᠡ᠂ ᠠᠮᠢ ᠠᠬᠤᠢ ᠣᠷᠴᠢᠨ ᠲᠣᠭᠤᠷᠢᠨ᠎ᠤ ᠶᠠᠮᠤᠨ ᠪᠠᠰᠠ 《ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠭᠤᠣᠯᠳᠠᠯᠭ᠎ᠠ (ᠮᠤᠵᠢ ᠵᠢᠨ ᠬᠡᠪᠴᠢᠶ᠎ᠡ)》 ᠵᠢ ᠰᠤᠳᠤᠯᠤᠨ ᠲᠣᠭᠲᠠᠭ᠋ᠠᠵᠤ᠂ ᠬᠦᠷᠢᠶ᠎ᠡ ᠬᠤᠪᠢᠶᠠᠨ ᠪᠣᠳᠠᠲᠠᠢ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠨ ᠨᠠᠷᠢᠯᠢᠭᠵᠢᠭᠤᠯᠵᠤ᠂ ᠣᠷᠣᠨ ᠨᠤᠲᠤᠭ᠎ᠤᠨ ᠬᠢᠨᠠᠨ ᠬᠡᠮᠵᠢᠯᠲᠡ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠭᠠᠷᠳᠠᠴᠠ ᠬᠠᠩᠭ᠋ᠠᠵᠤ᠂ ᠲᠡᠷᠢᠭᠦᠨ᠎ᠤ ᠭᠠᠵᠠᠷ ᠣᠷᠣᠨ᠎ᠤ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠵᠣᠷᠢᠭᠵᠢᠭᠤᠯᠤᠨ᠂ ᠬᠤᠴᠣᠷᠤᠩᠭᠤᠢ ᠭᠠᠵᠠᠷ ᠣᠷᠣᠨ᠎ᠤ ᠳᠤᠲᠠᠭᠳᠠᠯ ᠵᠶ᠋ᠠᠨ ᠨᠥᠬᠦᠪᠦᠷᠢᠯᠡᠬᠦ᠂ ᠣᠷᠣᠨ ᠨᠤᠲᠤᠭ᠎ᠤᠨ ᠬᠢᠨᠠᠨ ᠬᠡᠮᠵᠢᠯᠲᠡ ᠵᠢᠨ ᠪᠦᠬᠦᠯᠢ ᠴᠣᠭᠴᠠ ᠵᠢᠨ ᠴᠢᠳᠠᠪᠤᠷᠢ ᠵᠢ ᠰᠢᠰᠲ᠋ᠧᠮ᠎ᠲᠠᠢ᠂ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠬᠥᠲᠥᠯᠥᠨ ᠵᠢᠯᠣᠭᠤᠳᠪᠠ᠃
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ