ᠪᠥᠬᠦ ᠤᠯᠤᠰ᠎ᠲᠤ 100 ᠣᠷᠴᠢᠮ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ 《ᠳᠠᠭ᠋ᠠᠭᠤᠯᠤᠭᠴᠢ ᠰᠢᠶᠠᠨ》᠎ᠢ ᠪᠣᠶ᠋ᠢᠵᠢᠭᠤᠯᠵᠤ᠂ 1000 ᠣᠷᠴᠢᠮ ᠰᠢᠶᠠᠨ᠎ᠤ ᠬᠡᠪᠴᠢᠶᠡᠨ᠎ᠳᠠᠬᠢ ᠳ᠋ᠢᠭᠢᠲᠴᠢᠯᠡᠭᠰᠡᠨ ᠭᠦᠢ᠍ᠯᠭᠡᠭᠡᠨ᠎ᠤ ᠬᠦᠲᠦᠴᠢ ᠠᠵᠤ ᠠᠬᠤᠶ᠋ᠢᠯᠠᠯ᠎ᠢ ᠪᠤᠶ᠋ᠢᠵᠢᠭᠤᠯᠤᠨ᠂ 1000 ᠣᠷᠴᠢᠮ ᠰᠢᠶᠠᠨ᠎ᠤ ᠬᠡᠪᠴᠢᠶᠡᠨ᠎ᠳᠠᠬᠢ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠰᠠᠭᠤᠷᠢᠨ᠎ᠢ ᠪᠠᠶ᠋ᠢᠭᠤᠯᠵᠤ᠂ 10000 ᠣᠷᠴᠢᠮ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠳᠠᠭ᠋ᠠᠭᠤᠯᠤᠭᠴᠢ ᠵᠢ ᠪᠣᠶ᠋ᠢᠵᠢᠭᠤᠯᠤᠨ᠎ᠠ ᠁ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠣᠶ᠋ᠢᠷ᠎ᠠ᠎ᠳᠤ 《ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠳᠡᠭᠡᠷᠡᠬᠢ 5 ᠵᠢᠯ᠎ᠤᠨ ᠬᠤᠭᠤᠴᠠᠭ᠋ᠠᠲᠤ ᠡᠭᠦᠷᠭᠡ ᠵᠢᠨ ᠬᠠᠷᠠᠯᠲᠠ ᠵᠢ ᠳᠤᠷᠠᠳᠪᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ᠎ᠲᠠᠢ ᠬᠠᠮᠲᠤ᠎ᠪᠠᠷ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠢᠨᠵᠧᠨᠧᠷᠢᠩ᠎ᠢ ᠬᠡᠷᠡᠭᠵᠢᠭᠦᠯᠵᠦ᠂ ᠰᠢᠶᠠᠨ ᠰᠢᠶᠠᠩ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠠ ᠲᠦᠷᠭᠡᠨ ᠢᠯᠡᠭᠡᠯᠲᠡ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠲᠦᠷᠭᠡᠳᠬᠡᠨ ᠨᠠᠪᠲᠠᠷᠡᠭᠦᠯᠵᠦ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ᠎ᠤ ᠣᠨᠴᠠᠯᠢᠭᠲᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠦᠴᠦᠨ ᠨᠡᠮᠡᠷᠢᠯᠡᠨ᠎ᠡ ᠭᠡᠵᠡᠢ᠃
3000 ᠰᠢᠬᠠᠮ ᠰᠢᠶᠠᠨ᠎ᠤ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠥᠪ᠎ᠢ ᠪᠠᠶ᠋ᠢᠭᠤᠯᠪᠠ
ᠬᠤᠳᠠᠯᠳᠤᠭ᠋ᠠᠨ᠎ᠤ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠢᠨᠠᠨ ᠬᠡᠮᠵᠢᠯᠲᠡ ᠵᠢ ᠦᠨᠳᠦᠰᠦᠯᠡᠪᠡᠯ᠂ 2023 ᠣᠨ᠎ᠳᠤ᠂ ᠪᠥᠬᠦ ᠤᠯᠤᠰ᠎ᠤᠨ ᠬᠥᠳᠡᠭᠡ ᠲᠣᠰᠬᠤᠨ᠎ᠤ ᠰᠦᠯᠵᠢᠶ᠎ᠡ᠎ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 2.5 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.9%᠎ᠪᠠᠷ ᠨᠡᠮᠡᠭᠳᠡᠨ᠂ 2014 ᠣᠨ᠎ᠤ᠎ᠬᠢ᠎ᠠᠴᠠ 13 ᠳᠠᠬᠢᠨ ᠰᠢᠬᠠᠮ ᠨᠡᠮᠡᠭᠳᠡᠵᠡᠢ; ᠪᠥᠬᠦ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠰᠦᠯᠵᠢᠶ᠎ᠡ᠎ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 5870.3 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.5%᠎ᠪᠠᠷ ᠨᠡᠮᠡᠭᠳᠡᠨ᠂ ᠪᠠᠷᠤᠭ 2014 ᠣᠨ᠎ᠤ 5 ᠳᠠᠬᠢᠨ ᠪᠣᠯᠵᠠᠢ᠃
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠦᠭᠵᠢᠭᠦᠯᠦᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ᠎ᠤ ᠬᠡᠯᠡᠬᠦ᠎ᠪᠠᠷ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ ᠵᠢ ᠬᠥᠭᠵᠢᠭᠦᠯᠬᠦ᠎ᠨᠢ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠬᠦ᠂ ᠬᠥᠳᠡᠭᠡ ᠲᠣᠰᠬᠤᠨ᠎ᠤ ᠤᠳᠤ ᠦᠶ᠎ᠡ ᠵᠢᠨ ᠭᠦᠢ᠍ᠯᠭᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ ᠠᠵᠤ ᠠᠬᠤᠢ ᠵᠢᠨ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ᠂ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠳᠠᠶ᠋ᠢᠴᠢᠯᠠᠬᠤ ᠪᠦᠲᠦᠮᠵᠢᠲᠡᠢ ᠭᠠᠷᠳᠠᠴᠠ ᠮᠥᠨ᠂ ᠬᠥᠳᠡᠭᠡ ᠲᠣᠰᠬᠤᠨ᠎ᠤ ᠬᠡᠷᠡᠭᠯᠡᠭᠡ ᠵᠢ ᠠᠬᠢᠭᠤᠯᠬᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭ᠋ᠠᠬᠤ ᠬᠦᠴᠦᠲᠡᠢ ᠲᠤᠰᠠᠯᠠᠮᠵᠢ ᠮᠥᠨ ᠭᠡᠵᠡᠢ᠃ ᠣᠶ᠋ᠢᠷ᠎ᠠ ᠵᠢᠨ ᠵᠢᠯ᠎ᠤᠳ᠎ᠲᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠵᠡᠷᠭᠡ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠤᠨ᠎ᠳᠤ ᠣᠷᠣᠭᠤᠯᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠦᠯᠲᠡ ᠵᠢ ᠬᠡᠷᠡᠭᠵᠢᠭᠦᠯᠵᠦ᠂ ᠨᠡᠶ᠋ᠢᠲᠡ 1489 ᠰᠢᠶᠠᠨ᠎ᠳᠤ ᠰᠢᠶᠠᠨ᠎ᠤ ᠱᠠᠲᠤᠨ᠎ᠤ ᠡᠯᠧᠺᠲᠷᠣᠨ ᠬᠤᠳᠠᠯᠳᠤᠭ᠋ᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠂ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠥᠪ 3000 ᠰᠢᠬᠠᠮ ᠪᠠᠶ᠋ᠢᠭᠤᠯᠵᠤ᠂ ᠲᠣᠰᠬᠤᠨ᠎ᠤ ᠱᠠᠲᠤᠨ᠎ᠤ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠥᠷᠲᠡᠭᠡ 15.8 ᠲᠦᠮᠡ ᠵᠢ ᠳᠠᠪᠠᠵᠤ᠂ ᠰᠢᠶᠠᠨ ᠬᠥᠳᠡᠭᠡ ᠲᠣᠰᠬᠤᠨ᠎ᠢ ᠬᠠᠮᠤᠷᠤᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠪᠠᠶ᠋ᠢᠭᠤᠯᠪᠠ᠃ 《ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠨᠢ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ ᠵᠢ ᠬᠦᠲᠦᠯᠦᠨ ᠵᠢᠯᠣᠭᠤᠳᠴᠤ ᠪᠠᠶ᠋ᠢᠭ᠋ᠠᠳ ᠳ᠋ᠢᠭᠢᠲᠴᠢᠯᠡᠭᠰᠡᠨ ᠲᠡᠶ᠋ᠢᠰᠢ ᠬᠡᠯᠪᠡᠷᠢ᠎ᠪᠠᠨ ᠬᠤᠪᠢᠷᠠᠭᠤᠯᠤᠨ ᠤᠯᠠᠷᠢᠭᠤᠯᠬᠤ ᠵᠢ ᠪᠡᠶᠡᠯᠡᠭᠦᠯᠬᠦ᠎ᠳᠤ ᠠᠰᠢᠭᠲᠠᠢ᠂ ᠪᠠᠰᠠ ᠲᠠᠷᠢᠶᠠᠴᠢᠳ᠎ᠤᠨ ᠣᠷᠣᠯᠭ᠎ᠠ ᠪᠠ ᠬᠥᠳᠡᠭᠡ ᠲᠣᠰᠬᠤᠨ᠎ᠤ ᠬᠡᠷᠡᠭᠯᠡᠭᠡ ᠬᠤᠣᠰ ᠳᠡᠭᠡᠭᠰᠢᠯᠡᠯᠲᠡ᠎ᠳᠤ ᠬᠦᠴᠦᠨ ᠨᠡᠮᠡᠷᠢᠯᠡᠬᠦ᠎ᠳᠤ ᠠᠰᠢᠭᠲᠠᠢ ᠶᠤᠮ᠃
《ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ ᠵᠢᠨ ᠬᠥᠭᠵᠢᠯᠲᠡ᠎ᠨᠢ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠃》 ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠤᠯᠠᠨ ᠤᠯᠤᠰ᠎ᠤᠨ ᠠᠷᠠᠯᠵᠢᠶ᠎ᠠ ᠠᠵᠤ ᠠᠬᠤᠢ ᠵᠢᠨ ᠬᠠᠮᠲᠤᠷᠠᠯᠴᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠭᠦᠢ᠍ᠯᠭᠡᠭᠡ ᠬᠢᠭᠡᠳ ᠬᠡᠷᠡᠭᠯᠡᠭᠡᠨ᠎ᠤ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠳ᠋ᠦᠩ ᠴᠤᠤ ᠵᠢᠨ ᠦᠵᠡᠬᠦ᠎ᠪᠠᠷ᠂ ᠣᠶ᠋ᠢᠷ᠎ᠠ ᠵᠢᠨ ᠵᠢᠯ᠎ᠤᠳ᠎ᠠᠴᠠ ᠨᠠᠭ᠋ᠠᠰᠢ ᠤᠯᠤᠰ᠎ᠠᠴᠠ ᠵᠠᠯᠭ᠋ᠠᠭ᠎ᠠ᠎ᠪᠠᠷ ᠤᠯᠠᠨ ᠵᠦᠢ᠍ᠯ᠎ᠤᠨ ᠲᠦᠷᠦ ᠵᠢᠨ ᠪᠣᠳᠣᠯᠭ᠎ᠠ ᠵᠢᠨ ᠠᠷᠭ᠎ᠠ ᠪᠠᠷᠢᠯ ᠲᠣᠭᠲᠠᠭ᠋ᠠᠵᠤ ᠬᠥᠳᠡᠭᠡ ᠲᠣᠰᠬᠤᠨ᠎ᠤ ᠭᠠᠵᠠᠷ ᠣᠷᠣᠨ᠎ᠤ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢ ᠠᠬᠢᠭᠤᠯᠵᠤ᠂ ᠪᠡᠯᠡ ᠮᠥᠩᠭᠦ᠂ ᠮᠡᠷᠭᠡᠵᠢᠯ ᠤᠷᠠᠯᠠᠯ᠂ ᠪᠡᠯᠡᠳᠬᠡᠮᠵᠢ ᠲᠥᠬᠦᠭᠡᠷᠦᠮᠵᠢ᠂ ᠮᠡᠷᠭᠡᠵᠢᠯᠲᠡᠨ ᠵᠡᠷᠭᠡ ᠤᠯᠠᠨ ᠲᠠᠯ᠎ᠠ᠎ᠪᠠᠷ ᠪᠦᠬᠦ ᠲᠠᠯ᠎ᠠ ᠵᠢᠨ ᠳᠡᠮᠵᠢᠯᠭᠡ ᠬᠠᠩᠭ᠋ᠠᠵᠠᠢ᠃ 《ᠲᠥᠷᠥ ᠵᠢᠨ ᠪᠣᠳᠣᠯᠭ᠎ᠠ ᠵᠢᠨ ᠠᠰᠢᠭ ᠲᠠᠰᠤᠯᠳᠠᠯ ᠦᠭᠡᠢ ᠪᠠᠶ᠋ᠢᠵᠤ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ᠎ᠳᠤ ᠴᠤ᠌ ᠮᠠᠰᠢ ᠣᠯᠠᠨ ᠰᠢᠨ᠎ᠡ ᠣᠨᠴᠠᠯᠢᠭ ᠪᠠ ᠬᠢᠯᠠᠰ ᠴᠡᠭ ᠢᠯᠡᠷᠡᠵᠡᠢ᠂ ᠵᠢᠱ᠌ᠢᠶᠡᠯᠡᠪᠡᠯ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠨᠤᠭᠤᠳ᠎ᠲᠤ ᠪᠥᠬᠦ ᠲᠠᠯ᠎ᠠ᠎ᠪᠠᠷ ᠬᠥᠭᠵᠢᠭᠰᠡᠨ᠂ ᠡᠯᠧᠺᠲᠷᠣᠨ ᠬᠤᠳᠠᠯᠳᠤᠭ᠎ᠠ ᠵᠢᠨ ᠪᠣᠭᠤᠮᠢ ᠵᠢ ᠲᠠᠰᠤᠷᠠᠯᠲᠠ ᠦᠭᠡᠢ ᠰᠢᠪᠲᠤᠯᠤᠭᠰᠠᠨ᠂ ᠰᠢᠨ᠎ᠡ ᠬᠡᠯᠪᠡᠷᠢ ᠵᠢᠨ ᠡᠯᠧᠺᠲᠷᠣᠨ ᠬᠤᠳᠠᠯᠳᠤᠭ᠎ᠠ ᠵᠢ ᠬᠥᠳᠡᠭᠡ ᠲᠣᠰᠬᠤᠨ᠎ᠳᠤ ᠨᠠᠶ᠋ᠢᠳᠠᠪᠤᠷᠢᠵᠢᠭᠤᠯᠤᠭᠰᠠᠨ᠂ ᠨᠠᠷᠠᠲᠤ ᠲᠡᠮᠳᠡᠭᠲᠦ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠤᠭᠰᠠᠨ ᠵᠡᠷᠭᠡ ᠪᠣᠯᠣᠨ᠎ᠠ᠃》 ᠭᠡᠵᠦ ᠳ᠋ᠦᠩ ᠴᠤᠤ ᠬᠡᠯᠡᠪᠡ᠃
ᠬᠥᠳᠡᠭᠡ ᠲᠣᠰᠬᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠪᠡᠯᠡᠳᠬᠡᠮᠵᠢ ᠵᠢᠨ ᠲᠣᠭᠲᠠᠯᠴᠠᠭ᠎ᠠ ᠵᠢ ᠪᠦᠷᠢᠨᠰᠢᠭᠦᠯᠪᠡ
《ᠰᠠᠨᠠᠯ》᠎ᠳᠤ᠂ 5 ᠵᠢᠯ᠎ᠤᠨ ᠬᠤᠭᠤᠴᠠᠭ᠎ᠠ ᠵᠢ ᠬᠡᠷᠡᠭᠯᠡᠵᠦ ᠪᠠᠶ᠋ᠢᠭ᠋ᠠᠳ ᠪᠡᠯᠡᠳᠬᠡᠮᠵᠢ᠎ᠨᠢ ᠪᠦᠷᠢᠨ ᠲᠡᠭᠦᠯᠳᠡᠷ᠂ ᠭᠤᠣᠯ ᠴᠣᠭᠴᠠ᠎ᠨᠢ ᠬᠥᠭᠵᠢᠶᠡᠨᠲᠡᠢ᠂ ᠭᠦᠢ᠍ᠯᠭᠡᠭᠡᠨ᠎ᠢ ᠤᠷᠤᠭᠰᠢᠲᠠᠢ᠂ ᠦᠢ᠍ᠯᠡᠴᠢᠯᠡᠭᠡᠨ᠎ᠢ ᠥᠨᠳᠥᠷ ᠪᠦᠲᠦᠮᠵᠢᠲᠡᠶ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠤᠨ᠎ᠠ ᠭᠡᠵᠦ ᠲᠣᠳᠣᠷᠬᠠᠶ᠋ᠢᠯᠠᠵᠠᠢ᠃ ᠪᠣᠳᠠᠲᠠᠢ᠎ᠪᠠᠷ ᠶᠠᠭ᠋ᠠᠬᠢᠵᠤ ᠬᠢᠬᠦ ᠪᠣᠶ? ᠬᠥᠳᠡᠭᠡ ᠲᠣᠰᠬᠤᠨ᠎ᠤ ᠤᠳᠤ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠦᠷᠭᠡᠳᠬᠡᠬᠦ᠎ᠨᠢ ᠵᠠᠩᠭᠢᠯᠠᠭ᠎ᠠ ᠪᠣᠯᠣᠨ᠎ᠠ᠃
— ᠬᠥᠳᠡᠭᠡ ᠲᠣᠰᠬᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠪᠡᠯᠡᠳᠬᠡᠮᠵᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ 《ᠰᠠᠨᠠᠯ》᠎ᠳᠤ ᠳᠤᠷᠠᠳᠤᠭᠰᠠᠨ᠎ᠨᠢ᠂ ᠰᠢᠶᠠᠨ᠎ᠤ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠥᠪ (ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ)᠂ ᠰᠢᠶᠠᠩ ᠪᠠᠯᠭ᠋ᠠᠰᠤᠨ᠎ᠤ ᠲᠦᠷᠭᠡᠨ ᠢᠯᠡᠭᠡᠯᠲᠡ ᠵᠢᠨ ᠲᠣᠣᠷ ᠴᠡᠭ᠎ᠤᠨ ᠳ᠋ᠢᠭᠢᠲᠴᠢᠯᠡᠭᠰᠡᠨ ᠥᠭᠡᠷᠡᠴᠢᠯᠡᠯᠲᠡ ᠵᠢ ᠠᠬᠢᠭᠤᠯᠵᠤ᠂ ᠤᠶᠤᠨᠲᠦ ᠬᠥᠮᠥᠷᠭᠡᠯᠡᠨ ᠬᠠᠳᠠᠭ᠋ᠠᠯᠠᠬᠤ᠂ ᠠᠦ᠋ᠲ᠋ᠣ᠋ ᠢᠯᠭ᠋ᠠᠬᠤ᠂ ᠷᠠᠳᠢᠣ᠋ ᠳᠠᠪᠲᠠᠮᠵᠢ᠎ᠪᠠᠷ ᠢᠯᠭ᠋ᠠᠨ ᠲᠠᠨᠢᠬᠤ᠂ ᠰᠢᠨ᠎ᠡ ᠡᠨᠧᠷᠭᠢ ᠵᠢᠨ ᠲᠣᠬᠢᠷᠠᠭᠤᠯᠤᠨ ᠬᠦᠷᠭᠡᠬᠦ ᠲᠡᠷᠭᠡ ᠵᠡᠷᠭᠡ ᠪᠡᠯᠡᠳᠬᠡᠮᠵᠢ ᠵᠢ ᠲᠡᠭᠦᠯᠳᠡᠷᠵᠢᠭᠦᠯᠵᠦ᠂ ᠲᠣᠰᠬᠤᠨ᠎ᠤ ᠱᠠᠲᠤᠨ᠎ᠤ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠳᠥᠭᠦᠮ ᠳᠥᠲᠡ᠂ ᠡᠯ᠎ᠡ ᠭᠦᠢ᠍ᠯᠭᠡᠭᠡᠨ᠎ᠤ ᠭᠤᠣᠯ ᠴᠣᠭᠴᠠ ᠵᠢᠨ ᠠᠭᠤᠰᠤᠯᠴᠠᠨ ᠬᠥᠭᠵᠢᠬᠦ᠎ᠳᠤ ᠠᠰᠢᠭᠲᠠᠢ ᠣᠷᠣᠨ ᠪᠠᠶ᠋ᠢᠷᠢ᠎ᠳᠤ ᠰᠢᠶᠠᠨ᠎ᠤ ᠱᠠᠲᠤᠨ᠎ᠳᠤ ᠢᠯᠡᠭᠡᠬᠦ ᠣᠯᠠᠨ ᠨᠡᠶ᠋ᠢᠲᠡ ᠵᠢᠨ ᠲᠣᠬᠢᠷᠠᠭᠤᠯᠤᠨ ᠬᠦᠷᠭᠡᠬᠦ ᠲᠥᠪ ᠪᠠᠶ᠋ᠢᠭᠤᠯᠬᠤ ᠵᠢ ᠳᠡᠮᠵᠢᠨ᠎ᠡ᠃ ᠡᠭᠦᠨ᠎ᠤ ᠬᠠᠮᠲᠤ᠂ ᠬᠥᠳᠡᠭᠡ ᠲᠣᠰᠬᠤᠨ᠎ᠤ ᠠᠶᠠᠨᠴᠢᠳ ᠪᠠᠷᠠᠭ᠎ᠠ ᠰᠢᠤᠳᠠᠨ ᠠᠭᠤᠰᠤᠯᠴᠠᠭᠰᠠᠨ ᠥᠷᠲᠡᠭᠡᠨ᠎ᠤ ᠪᠠᠶ᠋ᠢᠭᠤᠯᠤᠯᠲᠠ ᠵᠢ ᠠᠬᠢᠭᠤᠯᠵᠤ᠂ 《ᠨᠢᠭᠡ ᠥᠷᠲᠡᠭᠡ᠎ᠳᠤ ᠣᠯᠠᠨ ᠴᠢᠳᠠᠪᠤᠷᠢ᠎ᠲᠠᠢ᠂ ᠨᠢᠭᠡ ᠲᠣᠣᠷ᠎ᠲᠤ ᠣᠯᠠᠨ ᠬᠡᠷᠡᠭᠴᠡᠭᠡ᠎ᠲᠠᠢ》 ᠪᠠᠶ᠋ᠢᠬᠤ ᠵᠢ ᠪᠡᠶᠡᠯᠡᠭᠦᠯᠦᠨ᠎ᠡ᠃ 《ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠤᠶᠤᠨᠲᠦ ᠢᠯᠡᠭᠡᠯᠲᠡ ᠵᠢᠨ ᠬᠤᠷᠭᠤ ᠵᠢᠨ ᠪᠠᠶ᠋ᠢᠷᠢᠯᠠᠭᠤᠯᠤᠯᠲᠠ᠎ᠪᠠᠨ ᠲᠡᠭᠦᠯᠳᠡᠷᠵᠢᠭᠦᠯᠬᠦ ᠵᠢ ᠳᠡᠮᠵᠢᠵᠦ᠂ ᠬᠥᠳᠡᠭᠡ ᠲᠣᠰᠬᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠳᠦᠭᠦᠮ᠎ᠤᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃》 ᠭᠡᠵᠦ ᠳ᠋ᠦᠩ ᠴᠤᠤ ᠬᠡᠯᠡᠪᠡ᠃
— ᠬᠥᠳᠡᠭᠡ ᠲᠣᠰᠬᠤᠨ᠎ᠤ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡᠨ᠎ᠤ ᠬᠥᠭᠵᠢᠯᠲᠡ ᠵᠢᠨ ᠰᠢᠨᠡᠴᠢᠯᠡᠯᠲᠡ ᠬᠥᠭᠵᠢᠯᠲᠡ ᠵᠢ ᠠᠬᠢᠭᠤᠯᠤᠨ᠎ᠠ᠃ 《ᠰᠠᠨᠠᠯ》᠎ᠳᠤ᠂ ᠰᠢᠶᠠᠨ᠎ᠤ ᠬᠡᠪᠴᠢᠶᠡᠨ᠎ᠤ ᠲᠣᠮᠣ ᠬᠡᠯᠪᠡᠷᠢ ᠵᠢᠨ ᠠᠷᠠᠯᠵᠢᠶ᠎ᠠ ᠬᠤᠳᠠᠯᠳᠤᠭ᠎ᠠ ᠭᠦᠢ᠍ᠯᠭᠡᠭᠡᠨ᠎ᠤ ᠠᠵᠤ ᠠᠬᠤᠶ᠋ᠢᠯᠠᠯ ᠵᠡᠷᠭᠡ ᠥᠪᠡᠰᠦᠪᠡᠨ ᠪᠠᠶ᠋ᠢᠭᠤᠯᠤᠭᠰᠠᠨ ᠪᠠᠷᠠᠭ᠋ᠠᠨ᠎ᠤ ᠭᠦᠢ᠍ᠯᠭᠡᠭᠡᠨ᠎ᠤ ᠳᠠᠪᠠᠭᠤᠯᠢᠭ᠎ᠢ ᠪᠠᠳᠠᠷᠠᠭᠤᠯᠵᠤ᠂ ᠡᠯᠧᠺᠲᠷᠣᠨ ᠬᠤᠳᠠᠯᠳᠤᠭ᠋ᠠᠨ᠎ᠤ ᠲᠠᠪᠴᠠᠩ ᠪᠠ ᠳᠤᠮᠳᠠ ᠵᠢᠵᠢᠭ ᠬᠤᠳᠠᠯᠳᠤᠭ᠋ᠠᠨ᠎ᠤ ᠡᠷᠦᠬᠡ᠎ᠳᠤ ᠬᠠᠨᠳᠤᠭᠤᠯᠤᠨ᠂ ᠭᠡᠷ᠎ᠤᠨ ᠴᠠᠬᠢᠯᠭ᠋ᠠᠨ ᠬᠡᠷᠡᠭᠰᠡᠯ᠂ ᠪᠠᠷᠢᠯᠭ᠎ᠠ ᠵᠢᠨ ᠮᠠᠲ᠋ᠧᠷᠢᠶᠠᠯ᠂ ᠲᠠᠷᠢᠶᠠᠯᠠᠩ᠎ᠤᠨ ᠬᠡᠷᠡᠭᠰᠡᠯ᠂ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠭᠤᠷᠪᠠᠳᠠᠭᠢ ᠡᠲᠡᠭᠡᠳ᠎ᠤᠨ ᠲᠣᠬᠢᠷᠠᠭᠤᠯᠤᠨ ᠬᠥᠷᠭᠡᠯᠲᠡ ᠵᠢ ᠬᠠᠩᠭ᠋ᠠᠬᠤ ᠬᠡᠷᠡᠭᠲᠡᠢ᠃ ᠡᠯᠧᠺᠲᠷᠣᠨ ᠬᠤᠳᠠᠯᠳᠤᠭ᠋ᠠᠨ᠎ᠤ ᠲᠠᠪᠴᠠᠩ᠂ ᠲᠣᠮᠣ ᠬᠡᠯᠪᠡᠷᠢ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠨᠥᠬᠦᠴᠡᠯ ᠪᠦᠷᠢᠳᠦᠭᠰᠡᠨ ᠰᠢᠶᠠᠨ᠎ᠤ ᠬᠤᠲᠠ᠎ᠳᠤ ᠲᠡᠷᠡ ᠳᠠᠷᠤᠢ᠎ᠳᠤ᠎ᠨᠢ ᠵᠢᠵᠢᠭᠯᠡᠨ ᠪᠣᠷᠣᠯᠠᠭᠤᠯᠬᠤ ᠵᠢ ᠬᠥᠭᠵᠢᠭᠦᠯᠵᠦ᠂ ᠲᠤᠬᠠᠢ ᠵᠢᠨ ᠭᠠᠵᠠᠷ᠎ᠤᠨ ᠬᠤᠳᠠᠯᠳᠤᠭ᠋ᠠᠨ᠎ᠤ ᠬᠡᠲᠦ ᠳᠡᠯᠭᠡᠭᠦᠷ᠂ ᠲᠥᠬᠦᠮ ᠳᠡᠯᠭᠡᠭᠦᠷ᠎ᠲᠠᠢ ᠵᠣᠯᠭ᠋ᠠᠭᠤᠯᠤᠨ᠂ ᠡᠷᠬᠢᠨ ᠲᠣᠭᠤᠷᠢᠨ᠎ᠤ ᠵᠠᠬᠢᠶᠠᠯᠠᠭ᠎ᠠ ᠵᠢᠨ ᠬᠡᠷᠡᠭᠴᠡᠭᠡᠯᠦᠭᠡ ᠨᠠᠷᠢᠯᠢᠭ ᠣᠨᠣᠴᠠᠲᠠᠢ᠎ᠪᠠᠷ ᠲᠣᠬᠢᠷᠠᠭᠤᠯᠵᠤ᠂ ᠭᠡᠷ᠎ᠲᠤ᠎ᠨᠢ ᠬᠦᠷᠭᠡᠬᠦ ᠥᠨᠳᠥᠷ ᠪᠦᠲᠦᠮᠵᠢᠲᠡᠶ ᠪᠦᠭᠡᠳ ᠳᠥᠭᠦᠮ ᠳᠥᠲᠡ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃
ᠵᠢᠶᠠᠩᠰᠤ ᠮᠤᠵᠢ ᠵᠢᠨ ᠰᠢᠤᠶ᠋ᠢᠵᠧᠦ ᠬᠤᠲᠠ ᠵᠢᠨ ᠹᠧᠩ ᠰᠢᠶᠠᠨ᠎ᠤ ᠵᠦ᠍ ᠶᠣᠣ ᠰᠢᠨ ᠲᠣᠰᠬᠤᠨ᠎ᠳᠤ ᠪᠠᠶ᠋ᠢᠭ᠎ᠠ ᠨᠢᠭᠡᠨ ᠳᠥᠭᠦᠮ ᠳᠡᠯᠭᠡᠭᠦᠷ᠎ᠤᠨ ᠡᠵᠡᠨ ᠶᠠᠩ ᠠᠪᠠᠭ᠍ᠠᠢ ᠰᠤᠷᠪᠤᠯᠵᠢᠯᠠᠭᠴᠢ᠎ᠳᠤ ᠬᠡᠯᠡᠬᠦ᠎ᠳᠤ᠎ᠪᠠᠨ᠂ ᠳᠡᠯᠭᠡᠭᠦᠷ᠎ᠲᠤ᠎ᠪᠠᠨ ᠬᠤᠳᠠᠯᠳᠤᠭ᠎ᠠ ᠬᠢᠬᠦ ᠵᠢᠨ ᠳᠠᠭ᠋ᠠᠤ ᠣᠶ᠋ᠢᠷ᠎ᠠ ᠬᠠᠪᠢ ᠵᠢᠨ ᠢᠯᠡᠭᠡᠯᠲᠡ ᠵᠢᠨ ᠥᠷᠲᠡᠭᠡ ᠪᠣᠯᠵᠤ ᠪᠠᠶ᠋ᠢᠨ᠎ᠠ ᠭᠡᠵᠡᠢ᠃ 《ᠮᠠᠨ᠎ᠤ ᠳᠡᠯᠭᠡᠭᠦᠷ ᠭᠤᠣᠯᠳᠠᠭᠤ ᠱᠦᠨ ᠹᠧᠩ ᠬᠢᠭᠡᠳ ᠵᠢᠩ ᠳ᠋ᠦᠩ᠎ᠤᠨ ᠢᠯᠡᠭᠡᠯᠲᠡ᠎ᠲᠠᠢ ᠵᠣᠯᠭ᠋ᠠᠯᠳᠤᠳᠠᠭ᠂ ᠣᠶ᠋ᠢᠷ᠎ᠠ ᠬᠠᠪᠢ ᠵᠢᠨ ᠰᠠᠭᠤᠭ᠋ᠠᠯᠢ ᠲᠣᠭᠤᠷᠢᠭ᠂ ᠲᠣᠰᠬᠤᠨ᠎ᠤ ᠰᠠᠭᠤᠭ᠋ᠠᠯᠢ ᠢᠷᠭᠡᠨ ᠢᠯᠡᠭᠡᠯᠲᠡ᠎ᠪᠠᠨ ᠠᠪᠬᠤ᠎ᠳᠤ ᠴᠥᠮ ᠮᠠᠨ᠎ᠤ ᠠᠳᠡ ᠢᠷᠡᠵᠦ ᠳ᠋ᠤᠭ᠋ᠠᠷ ᠵᠶ᠋ᠠᠷ ᠵᠶ᠋ᠠᠨ ᠠᠪᠬᠤ ᠪᠣᠯᠬᠤᠷ ᠳᠥᠭᠦᠮ ᠮᠥᠷᠲᠡᠭᠡᠨ ᠪᠤᠷᠤᠭᠤ ᠠᠮᠠᠷᠬᠠᠨ ᠭᠠᠷᠬᠤ ᠦᠭᠡᠢ ᠶᠤᠮ᠃》 ᠭᠡᠵᠦ ᠶᠠᠩ ᠠᠪᠠᠭ᠍ᠠᠢ ᠬᠡᠯᠡᠪᠡ᠃
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠭᠦᠯᠦᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ 《ᠰᠠᠨᠠᠯ》᠎ᠨᠢ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ᠎ᠳᠤ ᠲᠤᠯᠭ᠋ᠠᠷᠠᠵᠤ ᠪᠠᠶ᠋ᠢᠭ᠎ᠠ ᠰᠠᠭᠤᠷᠢ ᠪᠡᠯᠡᠳᠬᠡᠮᠵᠢ ᠪᠦᠷᠢᠨ ᠪᠤᠰᠤ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠬᠤᠴᠤᠷᠤᠩᠭᠤᠢ ᠪᠠᠶ᠋ᠢᠬᠤ ᠵᠡᠷᠭᠡ ᠪᠣᠳᠠᠲᠠᠢ ᠠᠰᠠᠭᠤᠳᠠᠯ᠎ᠠᠴᠠ ᠡᠭᠦᠰᠴᠦ᠂ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠵᠢ ᠬᠠᠨᠳᠤᠯᠭ᠎ᠠ᠎ᠲᠠᠢ᠎ᠪᠠᠷ ᠳᠤᠷᠠᠳᠤᠨ ᠭᠠᠷᠭ᠋ᠠᠭᠰᠠᠨ᠎ᠨᠢ ᠬᠥᠳᠡᠭᠡ ᠲᠣᠰᠬᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠵᠢ ᠡᠷᠴᠢᠮᠵᠢᠭᠦᠯᠬᠦ ᠲᠦᠪᠰᠢᠨ᠎ᠢ ᠰᠠᠶ᠋ᠢᠵᠢᠷᠠᠭᠤᠯᠬᠤ᠎ᠳᠤ ᠠᠰᠢᠭᠲᠠᠢ ᠮᠥᠷᠲᠡᠭᠡᠨ ᠨᠠᠩ ᠴᠤ᠌ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠳᠤᠲᠠᠭᠳᠠᠯ᠎ᠢ ᠴᠢᠷᠮᠠᠶ᠋ᠢᠨ ᠨᠥᠬᠦᠪᠦᠷᠢᠯᠡᠵᠦ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠬᠦ᠎ᠳᠤ ᠠᠰᠢᠭᠲᠠᠢ ᠶᠤᠮ ᠭᠡᠵᠡᠢ᠃
ᠬᠥᠳᠡᠭᠡ ᠲᠣᠰᠬᠤᠨ᠎ᠤ ᠳ᠋ᠢᠭᠢᠲᠴᠢᠯᠡᠭᠰᠡᠨ ᠬᠡᠷᠡᠭᠯᠡᠭᠡᠨ᠎ᠤ ᠪᠠᠶ᠋ᠢᠳᠠᠯ᠎ᠢ ᠲᠦᠷᠭᠡᠳᠬᠡᠨ ᠪᠤᠶ᠋ᠢᠵᠢᠭᠤᠯᠤᠨ᠎ᠠ
ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ᠎ᠳᠤ ᠨᠡᠩ ᠬᠦᠴᠦᠨ ᠨᠡᠮᠡᠷᠢᠯᠡᠬᠦ ᠵᠢᠨ ᠲᠥᠯᠥᠭᠡ᠂ 《ᠰᠠᠨᠠᠯ》᠎ᠳᠤ ᠪᠠᠰᠠ ᠬᠥᠳᠡᠭᠡ ᠲᠣᠰᠬᠤᠨ᠎ᠤ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠤᠯᠠᠷᠢᠬᠤ ᠵᠢ ᠠᠬᠢᠭᠤᠯᠵᠤ᠂ ᠡᠯᠧᠺᠲᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠪᠥᠬᠦ ᠲᠠᠯ᠎ᠠ ᠵᠢᠨ᠂ ᠪᠥᠬᠦ ᠬᠡᠯᠬᠢᠶᠡᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠦ ᠳᠤᠷᠠᠳᠤᠨ ᠭᠠᠷᠭ᠋ᠠᠪᠠ᠃
《ᠰᠠᠨᠠᠯ》᠎ᠳᠤ᠂ ᠰᠢᠶᠠᠨ᠎ᠤ ᠬᠡᠪᠴᠢᠶᠡᠨ᠎ᠤ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠰᠠᠭᠤᠷᠢᠨ ᠭᠠᠵᠠᠷ᠎ᠢ ᠪᠠᠶ᠋ᠢᠭᠤᠯᠬᠤ ᠬᠡᠷᠡᠭᠲᠡᠢ ᠭᠡᠵᠦ ᠳᠤᠷᠠᠳᠪᠠ᠃ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠲᠠᠪᠴᠠᠩ᠂ ᠲᠤᠰᠬᠠᠢ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠵᠢ ᠲᠡᠳᠡᠨ ᠣᠷᠣᠭᠤᠯᠵᠤ᠂ ᠪᠠᠷᠠᠭ᠎ᠠ ᠰᠤᠩᠭᠤᠵᠤ ᠳᠡᠯᠭᠡᠨ ᠦᠵᠡᠭᠦᠯᠬᠦ᠂ ᠠᠭᠤᠯᠭ᠎ᠠ ᠦᠢ᠍ᠯᠡᠳᠬᠦ᠂ ᠳ᠋ᠠᠶ᠋ᠢᠲ᠋ᠠ ᠵᠠᠳᠠᠯᠬᠤ᠂ ᠰᠢᠭᠤᠳ ᠨᠡᠪᠲᠡᠷᠡᠭᠦᠯᠭᠡ ᠵᠢᠨ ᠠᠬᠤᠢ ᠲᠠᠯᠠᠪᠠᠶ ᠵᠡᠷᠭᠡ ᠪᠡᠯᠡᠳᠬᠡᠮᠵᠢ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠎ᠲᠠᠢ ᠬᠤᠯᠪᠤᠭ᠋ᠠᠯᠠᠨ ᠰᠢᠭᠤᠳ ᠨᠡᠪᠲᠡᠷᠡᠭᠦᠯᠭᠡ ᠵᠢᠨ ᠪᠦᠯᠬᠦᠮ ᠨᠡᠶ᠋ᠢᠲᠡ ᠵᠢᠨ ᠨᠡᠪᠴᠢᠭᠦᠯᠦᠯᠲᠡ ᠵᠢ ᠴᠢᠩᠭ᠋ᠠᠳᠬᠠᠵᠤ᠂ ᠨᠢᠭᠡ ᠪᠦᠯᠦᠭ ᠴᠢᠳᠠᠮᠵᠢ᠎ᠪᠠᠷ ᠪᠦᠷᠢᠨ ᠲᠡᠭᠦᠯᠳᠡᠷ᠂ ᠣᠨᠴᠠᠯᠢᠭ ᠵᠶ᠋ᠠᠷ ᠲᠣᠪᠣᠶ᠋ᠢᠮ᠎ᠠ᠂ ᠳᠠᠶ᠋ᠢᠴᠢᠯᠠᠬᠤ ᠬᠦᠴᠦᠨ ᠵᠶ᠋ᠠᠷ ᠴᠢᠩᠭ᠎ᠠ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠰᠠᠭᠤᠷᠢᠨ ᠭᠠᠵᠠᠷ᠎ᠢ ᠪᠠᠶ᠋ᠢᠭᠤᠯᠤᠨ᠎ᠠ᠃
《ᠰᠠᠨᠠᠯ》᠎ᠳᠤ᠂ ᠬᠥᠳᠡᠭᠡ ᠲᠣᠰᠬᠤᠨ᠎ᠤ ᠳ᠋ᠢᠭᠢᠲ᠋ᠠᠯ ᠬᠡᠷᠡᠭᠯᠡᠭᠡᠨ᠎ᠤ ᠠᠬᠤᠢ ᠪᠠᠶ᠋ᠢᠳᠠᠯ᠎ᠢ ᠪᠣᠶ᠋ᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ 5G᠂ ᠬᠢᠮᠡᠯ ᠣᠶᠤᠨ᠂ ᠰᠦᠯᠵᠢᠶ᠎ᠡ᠎ᠪᠠᠷ ᠲᠦᠯᠦᠬᠦ ᠵᠡᠷᠭᠡ ᠮᠡᠷᠭᠡᠵᠢᠯ᠎ᠢ ᠶᠡᠷᠦᠩᠬᠡᠶ᠋ᠢᠯᠡᠨ ᠬᠡᠷᠡᠭᠯᠡᠵᠦ᠂ ᠨᠥᠬᠦᠴᠡᠯ ᠪᠦᠷᠢᠳᠦᠭᠰᠡᠨ ᠬᠥᠳᠡᠭᠡ ᠲᠣᠰᠬᠤᠨ᠎ᠤ ᠬᠤᠳᠠᠯᠳᠤᠭ᠋ᠠᠨ᠎ᠤ ᠲᠣᠣᠷ ᠴᠡᠭ᠎ᠲᠤ ᠳ᠋ᠢᠭᠢᠲᠴᠢᠯᠡᠭᠰᠡᠨ ᠥᠭᠡᠷᠡᠴᠢᠯᠡᠯᠲᠡ ᠬᠢᠵᠦ᠂ ᠣᠯᠠᠨ ᠵᠦᠢ᠍ᠯ᠎ᠤᠨ ᠬᠡᠷᠡᠭᠯᠡᠭᠡᠨ᠎ᠤ ᠠᠬᠤᠢ ᠪᠠᠶ᠋ᠢᠳᠠᠯ᠎ᠢ ᠪᠣᠶ ᠪᠣᠯᠭ᠋ᠠᠨ᠂ ᠰᠦᠯᠵᠢᠶ᠎ᠡ᠎ᠪᠠᠷ ᠵᠠᠬᠢᠶᠠᠯᠠᠵᠤ ᠳᠡᠯᠭᠡᠭᠦᠷ᠎ᠠᠴᠠ ᠠᠪᠬᠤ᠂ ᠲᠦᠭᠦᠬᠡᠢ᠂ ᠰᠣᠷᠭᠤᠭ ᠢᠳᠡᠭᠡᠨ᠎ᠢ ᠰᠢᠭᠤᠳ ᠬᠦᠷᠭᠡᠬᠦ ᠵᠡᠷᠭᠡ ᠦᠢ᠍ᠯᠡᠴᠢᠯᠡᠭᠡ ᠵᠢ ᠥᠷᠨᠢᠭᠦᠯᠵᠦ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠣᠶ᠋ᠢᠯᠠᠭ᠋ᠠᠯᠲᠠ ᠵᠢ ᠪᠠᠶᠠᠯᠢᠭᠵᠢᠭᠤᠯᠤᠨ᠎ᠠ᠃
《ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ ᠥᠷᠭᠡᠨ ᠠᠭᠤᠳᠠᠮ ᠵᠠᠬ᠎ᠠ ᠳᠡᠯᠭᠡᠭᠦᠷ᠎ᠤᠨ ᠠᠯᠤᠰ ᠢᠷᠡᠭᠡᠳᠦᠢ᠎ᠲᠠᠢ ᠶᠤᠮ᠂ ᠳ᠋ᠢᠭᠢᠲ᠋ᠠᠯ ᠠᠵᠤ ᠠᠬᠤᠢ ᠵᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ᠎ᠨᠢ 〈ᠲᠠᠷᠢᠶᠠᠴᠢᠨ᠂ ᠲᠠᠷᠢᠶᠠᠯᠠᠩ᠂ ᠬᠥᠳᠡᠭᠡ ᠲᠣᠰᠬᠤᠨ〉᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠠᠢ᠃》 ᠳ᠋ᠦᠩ ᠴᠤᠤ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢ ᠳ᠋ᠢᠭᠢᠲ᠋ᠠᠯ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠂ 《ᠳ᠋ᠢᠭᠢᠲ᠋ᠠᠯ ᠬᠤᠳᠠᠯᠳᠤᠭ᠎ᠠ᠎ᠪᠠᠷ ᠲᠠᠷᠢᠶᠠᠯᠠᠩ᠎ᠢ ᠬᠥᠭᠵᠢᠭᠦᠯᠬᠦ》 ᠢᠨᠵᠧᠨᠧᠷᠢᠩ ᠵᠡᠷᠭᠡ᠎ᠲᠠᠢ ᠪᠦᠲᠦᠮᠵᠢᠲᠡᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠬᠡᠷᠡᠭᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢᠨ ᠬᠤᠯᠪᠣᠯᠳᠤᠬᠤ ᠴᠢᠨᠠᠷ᠂ ᠲᠣᠬᠢᠷᠠᠯᠴᠠᠬᠤ ᠴᠢᠨᠠᠷ᠎ᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠶᠡᠭᠡ ᠬᠥᠭᠵᠢᠯᠲᠡ᠎ᠪᠠᠷ ᠬᠥᠳᠡᠭᠡ ᠲᠣᠰᠬᠤᠨ᠎ᠤ ᠶᠡᠭᠡ ᠵᠠᠬ᠎ᠠ ᠳᠡᠯᠭᠡᠭᠦᠷ᠎ᠢ ᠬᠥᠭᠵᠢᠭᠡᠵᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠬᠡᠯᠡᠪᠡ᠃