ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠪᠦᠭᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》 ᠵᠢᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-04-12

      ᠨᠢᠭᠡ᠂ 《ᠠᠷᠭ᠎ᠠ》 ᠵᠢ ᠲᠣᠭᠲᠠᠭ᠋ᠠᠬᠤ ᠵᠢᠨ ᠴᠢᠬᠤᠯᠠ ᠴᠢᠨᠠᠷ
      ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠮᠥᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ》 ᠭᠡᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠭᠦᠨᠵᠡᠭᠡᠢ ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠬᠦ᠂ ᠬᠠᠮᠢᠶᠠᠷᠤᠯᠲᠠ ᠵᠢᠨ ᠠᠵᠢᠯ᠎ᠢ ᠳᠦᠷᠢᠮᠵᠢᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠠᠴᠠ 《ᠪᠦᠭᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》 ᠵᠢ ᠲᠤᠭᠤᠷᠪᠢᠭᠰᠠᠨ᠎ᠨᠢ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠠᠷᠭ᠎ᠠ ᠵᠢ ᠲᠣᠭᠲᠠᠭ᠋ᠠᠨ ᠲᠠᠷᠬᠠᠭ᠋ᠠᠬᠤ᠎ᠨᠢ ᠮᠠᠨ᠎ᠤ ᠣᠷᠣᠨ᠎ᠤ ᠪᠦᠭᠦ ᠨᠡᠢ᠌ᠭᠡᠮ ᠪᠠ ᠡᠯ᠎ᠡ ᠦᠨᠳᠦᠰᠦᠲᠡᠨ᠎ᠳᠤ ᠬᠠᠨᠳᠤᠭᠤᠯᠤᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠪᠣᠳᠠᠲᠠᠢ ᠲᠥᠷᠥᠭᠳᠡᠯ᠎ᠲᠠᠢ ᠪᠦᠲᠦᠮᠵᠢᠲᠡᠢ ᠥᠷᠨᠢᠭᠦᠯᠬᠦ ᠵᠢ ᠬᠦᠴᠦᠲᠡᠢ ᠠᠬᠢᠭᠤᠯᠵᠤ᠂ ᠪᠦᠭᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠪᠣᠯᠣᠨ᠎ᠠ᠃ 
      ᠬᠣᠶᠠᠷ᠂ 《ᠠᠷᠭ᠎ᠠ》 ᠵᠢᠨ ᠭᠣᠣᠯ ᠠᠭᠤᠯᠭ᠎ᠠ 
      《ᠠᠷᠭ᠎ᠠ》 (ᠲᠤᠷᠰᠢᠨ ᠬᠡᠷᠡᠭᠵᠢᠭᠦᠯᠬᠦ)᠎ᠨᠢ ᠨᠡᠶ᠋ᠢᠲᠡ ᠲᠠᠪᠤᠨ ᠪᠦᠯᠦᠭ᠂ 21 ᠵᠤᠷᠪᠤᠰ᠎ᠲᠠᠢ᠂ ᠭᠣᠣᠯᠳᠠᠭᠤ ᠳᠣᠣᠷᠠᠬᠢ ᠮᠡᠲᠦ ᠠᠭᠤᠯᠭ᠎ᠠ ᠵᠢ ᠲᠣᠭᠲᠠᠭ᠋ᠠᠪᠠ᠄
      (ᠨᠢᠭᠡ) ᠨᠢᠭᠡᠳᠦᠭᠡᠷ ᠪᠦᠯᠦᠭ᠎ᠨᠢ ᠶᠡᠷᠦᠩᠬᠡᠢ ᠳᠦᠷᠢᠮ᠎ᠤᠨ ᠬᠡᠰᠡᠭ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠬᠠᠷᠠᠯᠲᠠ ᠱᠠᠭ᠋ᠠᠷᠳᠠᠯᠭ᠎ᠠ ᠵᠢ ᠴᠢᠩᠭ᠎ᠠ ᠮᠥᠷᠳᠡᠵᠦ᠂ 《ᠠᠷᠭ᠎ᠠ》 ᠵᠢ (ᠲᠤᠷᠰᠢᠨ ᠬᠡᠷᠡᠭᠵᠢᠭᠦᠯᠬᠦ) ᠲᠣᠭᠲᠠᠭ᠋ᠠᠬᠤ ᠵᠢᠨ ᠦᠨᠳᠦᠰᠦᠯᠡᠯ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠵᠠᠷᠴᠢᠮ᠂ ᠴᠢᠳᠠᠪᠬᠢ ᠪᠠᠢ᠌ᠷᠢ ᠲᠣᠭᠲᠠᠭ᠋ᠠᠯᠲᠠ ᠵᠡᠷᠭᠡ ᠵᠢ ᠲᠣᠳᠣᠷᠬᠠᠢ᠌ᠯᠠᠪᠠ᠃ 
      (ᠬᠣᠶᠠᠷ) ᠬᠣᠶᠠᠳᠤᠭ᠋ᠠᠷ ᠪᠦᠯᠦᠭ᠎ᠨᠢ ᠲᠠᠨᠢᠯᠴᠠᠭᠤᠯᠬᠤ ᠪᠠ ᠮᠡᠳᠡᠭᠦᠯᠬᠦ ᠬᠡᠰᠡᠭ᠃ ᠲᠤᠰ ᠬᠡᠰᠡᠭ᠎ᠲᠤ ᠬᠥᠮᠦᠵᠢᠯ ᠦᠢ᠍ᠯᠡᠳᠦᠯᠭᠡ  ᠵᠢᠨ ᠰᠠᠭᠤᠷᠢᠨ ᠭᠠᠵᠠᠷ ᠎ᠢ ᠲᠠᠨᠢᠯᠴᠠᠭᠤᠯᠬᠤ ᠨᠥᠬᠥᠴᠡᠯ᠂ ᠠᠬᠢᠭᠤᠯᠬᠤ ᠶᠠᠪᠤᠴᠠ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃
      (ᠭᠤᠷᠪᠠ) ᠭᠤᠷᠪᠠᠳᠤᠭ᠋ᠠᠷ ᠪᠦᠯᠦᠭ᠎ᠨᠢ ᠬᠢᠨᠠᠨ ᠲᠣᠭᠲᠠᠭ᠋ᠠᠵᠤ ᠨᠡᠷᠡᠢ᠌ᠳᠬᠦ ᠬᠡᠰᠡᠭ᠃ ᠲᠣᠰ ᠬᠡᠰᠡᠭ᠎ᠲᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠬᠢᠨᠠᠨ ᠲᠣᠭᠲᠠᠭ᠋ᠠᠵᠤ ᠨᠡᠷᠡᠢ᠌ᠳᠬᠦ ᠶᠠᠪᠤᠴᠠ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃ 
      (ᠳᠥᠷᠪᠡ) ᠳᠥᠷᠪᠡᠳᠦᠭᠡᠷ ᠪᠦᠯᠦᠭ᠎ᠨᠢ ᠶᠠᠪᠤᠴᠠ ᠵᠢᠨ ᠳᠤᠮᠳᠠᠬᠢ ᠬᠠᠮᠢᠶᠠᠷᠤᠯᠲᠠ ᠦᠢ᠍ᠯᠡᠴᠢᠯᠡᠭᠡ᠃ ᠲᠤᠰ ᠬᠡᠰᠡᠭ᠎ᠲᠤ ᠬᠥᠮᠦᠵᠢᠯ ᠦᠢ᠍ᠯᠡᠳᠦᠯᠭᠡ  ᠵᠢᠨ ᠰᠠᠭᠤᠷᠢᠨ ᠭᠠᠵᠠᠷ᠎ᠤᠨ ᠬᠠᠮᠢᠶᠠᠷᠤᠯᠲᠠ ᠦᠢ᠍ᠯᠡᠴᠢᠯᠡᠭᠡ᠂ ᠨᠡᠷᠡᠢ᠌ᠳᠦᠯ᠎ᠤᠨ ᠦᠶᠡᠯᠡᠯ ᠬᠤᠭᠤᠴᠠᠭ᠎ᠠ᠂ ᠨᠡᠷᠡᠢ᠌ᠳᠦᠯ᠎ᠢ ᠬᠦᠴᠦᠨ ᠦᠭᠡᠢ ᠪᠤᠯᠭ᠋ᠠᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃ 
      (ᠲᠠᠪᠤ) ᠲᠠᠪᠤᠳᠤᠭ᠋ᠠᠷ ᠪᠦᠯᠦᠭ᠎ᠨᠢ ᠳᠠᠭ᠋ᠠᠯᠳᠤᠭᠤᠯᠤᠭᠰᠠᠨ ᠳᠦᠷᠢᠮ᠎ᠤᠨ ᠬᠡᠰᠡᠭ᠃ ᠲᠤᠰ ᠬᠡᠰᠡᠭ᠎ᠲᠤ ᠠᠷᠭ᠎ᠠ ᠵᠢ ᠲᠠᠢ᠌ᠯᠪᠤᠷᠢᠯᠠᠬᠤ ᠡᠷᠬᠡ᠂ ᠬᠡᠷᠡᠭᠵᠢᠭᠦᠯᠬᠦ ᠡᠳᠦᠷ ᠬᠤᠭᠤᠴᠠᠭ᠎ᠠ ᠵᠢᠨ ᠲᠤᠬᠠᠢ ᠲᠣᠭᠲᠠᠭ᠋ᠠᠯ ᠭᠠᠷᠭ᠋ᠠᠵᠠᠢ᠃ 
       ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄ 
       ᠬᠡᠷᠪᠡ 《ᠪᠦᠭᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》᠎ᠳᠤ ᠣᠢ᠌ᠯᠠᠭ᠋ᠠᠬᠤ ᠦᠭᠡᠢ ᠵᠦᠢ᠍ᠯ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠠᠰᠠᠭᠤᠨ ᠯᠠᠪᠯᠠᠬᠤ ᠤᠲᠠᠰᠤ᠄ 0471— 6945718᠃ ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ᠄ ᠭᠦ᠋ ᠸᠧᠢ᠃ 
      ᠲᠥᠷᠥ ᠵᠢᠨ ᠪᠣᠳᠣᠯᠭ᠎ᠠ ᠵᠢᠨ ᠤᠭ ᠵᠣᠬᠢᠶᠠᠯ᠄ 《ᠪᠦᠭᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》 ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠤᠨ ᠰᠠᠨᠠᠯ ᠬᠤᠷᠢᠶᠠᠬᠤ ᠠᠯᠪᠠᠨ ᠵᠠᠷᠯᠠᠯ


          ᠣᠷᠴᠢᠭᠤᠯᠤᠭᠴᠢ᠄ ᠡᠷᠳᠡᠨᠢᠰᠤᠪᠤᠳ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

ᠢᠷᠡᠯᠲᠡ᠄ ᠰᠤᠷᠭ᠋ᠠᠨ ᠬᠦᠮᠦᠵᠢᠯ᠎ᠤᠨ ᠭᠠᠵᠠᠷ