ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠠᠷᠠᠳ᠎ᠤᠨ ᠠᠮᠢᠳᠤᠷᠠᠯ᠎ᠤᠨ ᠭᠦᠢ᠍ᠴᠡᠳᠬᠡᠯ ᠲᠤᠭ᠎ᠠ
ᠨᠡᠶ᠋ᠢᠲᠡᠯᠡᠭᠰᠡᠨ ᠴᠠᠭ᠄ 2024-04-01

    2024 ᠣᠨ᠎ᠳᠤ᠂ ᠬᠤᠲᠠ ᠪᠠᠯᠭ᠋ᠠᠰᠤᠨ᠎ᠤ 1200 ᠲᠦᠮᠡ᠎ᠠᠴᠠ ᠳᠡᠭᠡᠭᠰᠢᠬᠢ ᠬᠥᠮᠥᠨ ᠰᠢᠨ᠎ᠡ᠎ᠪᠠᠷ ᠠᠵᠢᠯ ᠣᠯᠵᠤ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠥᠮᠥᠨ ᠳᠤᠮᠳᠠᠴᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠠᠷᠢᠮᠵᠢᠶ᠎ᠠ ᠵᠢ 30 ᠲᠥᠭᠦᠷᠢᠭ ᠳᠡᠭᠡᠭᠰᠢᠯᠡᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠰᠠᠷ᠎ᠠ ᠵᠢᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ 20 ᠲᠥᠭᠦᠷᠢᠭ ᠳᠡᠭᠡᠭᠰᠢᠯᠡᠭᠦᠯᠪᠡ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠢᠯᠡᠷᠡᠭᠦᠯᠦᠭᠰᠡᠨ ᠠᠷᠠᠳ᠎ᠤᠨ ᠠᠮᠢᠳᠤᠷᠠᠯ᠎ᠤᠨ ᠭᠦᠢ᠍ᠴᠡᠳᠬᠡᠯ ᠲᠤᠭ᠎ᠠ᠎ᠨᠢ ᠠᠷᠠᠳ᠎ᠤᠨ ᠬᠦᠰᠡᠯ ᠡᠷᠡᠮᠡᠯᠵᠡᠯ᠎ᠳᠤ ᠬᠠᠷᠢᠭᠤ ᠥᠭᠴᠦ᠂ ᠵᠠᠰᠠᠭ ᠶᠠᠪᠤᠭᠤᠯᠬᠤ ᠬᠠᠨᠳᠤᠰᠢ ᠵᠢ ᠲᠣᠳᠣᠷᠬᠠᠶ᠋ᠢᠯᠠᠪᠠ᠃
    14 ᠳ᠋ᠦᠩᠰᠢᠭᠤᠷ ᠭᠠᠷᠤᠢ ᠬᠥᠮᠥᠨ ᠠᠮᠠ᠎ᠲᠠᠢ ᠲᠣᠮᠣ ᠤᠯᠤᠰ᠎ᠲᠤ ᠠᠪᠴᠤ ᠬᠡᠯᠡᠪᠡᠯ᠂ ᠨᠥᠬᠦᠪᠦᠷᠢ ᠪᠠ ᠪᠠᠷᠢᠮᠵᠢᠶ᠎ᠠ ᠵᠢ 1 ᠲᠥᠭᠦᠷᠢᠭ ᠳᠡᠭᠡᠭᠰᠢᠯᠡᠭᠦᠯᠦᠭᠰᠡᠨ ᠴᠦ᠍ 《ᠶᠡᠭᠡ ᠲᠤᠭ᠎ᠠ》 ᠪᠣᠯᠳᠠᠭ᠃ ᠪᠦᠬᠦ ᠪᠥᠮᠪᠥᠷᠴᠡᠭ᠎ᠤᠨ ᠠᠵᠤ ᠠᠬᠤᠢ ᠵᠢᠨ ᠰᠡᠷᠭᠦᠯᠲᠡ ᠵᠢᠨ ᠤᠯᠠᠨ ᠳᠠᠪᠬᠤᠷ ᠥᠷᠢᠰᠦᠯᠳᠦᠭᠡᠨ᠎ᠤ ᠡᠮᠦᠨ᠎ᠡ ᠮᠠᠨ᠎ᠤ ᠤᠯᠤᠰ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠣᠷᠣᠭᠤᠯᠤᠯᠲᠠ᠎ᠪᠠᠨ ᠲᠠᠰᠤᠷᠠᠯᠲᠠ ᠦᠭᠡᠢ ᠡᠷᠴᠢᠮᠵᠢᠭᠦᠯᠦᠭᠰᠡᠭᠡᠷ ᠪᠠᠶ᠋ᠢᠨ᠎ᠠ᠃ ᠵᠠᠰᠠᠭ᠎ᠤᠨ ᠣᠷᠳᠣᠨ ᠨᠠᠷᠢᠯᠢᠭ ᠪᠤᠳᠤᠵᠤ ᠠᠷᠪᠢᠯᠠᠨ ᠭᠠᠮᠨᠠᠵᠤ ᠪᠠᠶ᠋ᠢᠭ᠎ᠠ᠎ᠨᠢ ᠠᠷᠠᠳ ᠤᠯᠠᠨ᠎ᠢ ᠰᠠᠶ᠋ᠢᠨ ᠰᠠᠶ᠋ᠢᠬᠠᠨ ᠠᠮᠢᠳᠤᠷᠠᠭᠤᠯᠵᠤ᠂ ᠪᠡᠯᠡ ᠮᠥᠩᠭᠦ ᠵᠢ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠠᠩᠭᠢᠯᠠᠭ᠎ᠠ᠎ᠳᠤ ᠬᠡᠷᠡᠭᠯᠡᠬᠦ ᠵᠢᠨ ᠲᠥᠯᠥᠭᠡ ᠶᠤᠮ᠃
    ᠠᠵᠢᠯ ᠣᠯᠭᠤᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠷᠠᠳᠤᠭᠰᠠᠨ ᠵᠶ᠋ᠠᠷ᠂ 2024 ᠣᠨ᠎ᠳᠤ ᠬᠤᠲᠠ ᠪᠠᠯᠭ᠋ᠠᠰᠤᠨ᠎ᠤ 1200 ᠲᠦᠮᠡ᠎ᠠᠴᠠ ᠳᠡᠭᠡᠭᠰᠢᠬᠢ ᠬᠥᠮᠥᠨ᠎ᠳᠤ ᠰᠢᠨ᠎ᠡ᠎ᠪᠠᠷ ᠠᠵᠢᠯ ᠣᠯᠭᠤᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ ᠵᠢᠨ ᠠᠵᠢᠯ ᠠᠯᠳᠠᠯᠲᠠ ᠵᠢᠨ ᠨᠣᠷᠮ᠎ᠠ ᠵᠢ 5.5% ᠣᠷᠴᠢᠮ ᠪᠠᠶ᠋ᠢᠯᠭ᠋ᠠᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠬᠤ ᠵᠢ ᠠᠬᠢᠭᠤᠯᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡ ᠵᠡᠷᠭᠡ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠬᠤ᠎ᠳᠤ ᠦᠵᠡᠭᠦᠯᠬᠦ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃
    ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠠᠷᠠᠳ ᠤᠯᠠᠨ᠎ᠳᠤ ᠠᠮᠠᠷᠬᠠᠨ ᠠᠵᠢᠯ ᠣᠯᠭᠤᠵᠤ᠂ ᠰᠠᠶ᠋ᠢᠨ ᠠᠵᠢᠯ ᠣᠯᠭᠤᠨ᠎ᠠ᠃ 《ᠲᠥᠷᠥ ᠵᠢᠨ ᠪᠣᠳᠣᠯᠭ᠎ᠠ ᠳᠡᠮᠵᠢᠵᠦ᠂ ᠬᠤᠪᠢ ᠬᠥᠮᠥᠨ ᠴᠢᠷᠮᠠᠶ᠋ᠢᠵᠤ᠂ ᠦᠢ᠍ᠯᠡᠴᠢᠯᠡᠭᠡ ᠲᠤᠰᠠᠯᠠᠪᠠᠯ ᠠᠵᠢᠯ ᠣᠯᠭᠤᠯᠲᠠ ᠵᠢᠨ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ ᠴᠢᠳᠠᠨ᠎ᠠ᠃》 ᠭᠡᠵᠦ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠬᠥᠳᠡᠯᠮᠦᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠥᠸᠧ ᠷᠥᠩ ᠬᠡᠯᠡᠪᠡ᠃
    ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠥᠮᠥᠨ ᠳᠤᠮᠳᠠᠴᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠠᠷᠢᠮᠵᠢᠶ᠎ᠠ ᠵᠢ 30 ᠲᠥᠭᠦᠷᠢᠭ ᠳᠡᠭᠡᠭᠰᠢᠯᠡᠭᠦᠯᠵᠦ᠂ ᠲᠣᠮᠣ ᠤᠯᠤᠰ᠎ᠤᠨ ᠡᠮᠴᠢᠯᠡᠭᠡᠨ᠎ᠤ ᠳᠠᠭ᠋ᠠᠳᠬᠠᠯ ᠳᠠᠬᠢᠨᠲᠠ ᠬᠦᠴᠦᠯᠡᠪᠡ᠃ ᠳᠡᠯᠡᠬᠡᠢ ᠳᠡᠭᠡᠷᠡᠬᠢ ᠬᠠᠮᠤᠭ᠎ᠤᠨ ᠲᠣᠮᠣ ᠡᠮᠴᠢᠯᠡᠭᠡᠨ᠎ᠤ ᠪᠠᠲᠤᠯᠠᠭ᠎ᠠ ᠵᠢᠨ ᠰᠦᠯᠵᠢᠶ᠎ᠡ ᠵᠢ ᠪᠠᠶ᠋ᠢᠭᠤᠯᠤᠭᠰᠠᠨ ᠤᠯᠤᠰ᠎ᠲᠤ ᠠᠪᠴᠤ ᠬᠡᠯᠡᠪᠡᠯ᠂ ᠣᠳᠣᠬᠠᠨ᠎ᠳᠤ ᠮᠠᠨ᠎ᠤ ᠤᠯᠤᠰ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ 13 ᠳ᠋ᠦᠩᠰᠢᠭᠤᠷ᠎ᠢ ᠳᠠᠪᠠᠵᠠᠢ᠂ ᠡᠨᠡ ᠤᠳᠠᠭ᠎ᠠ ᠪᠠᠰᠠ ᠨᠥᠬᠦᠪᠦᠷᠢ ᠵᠢᠨ ᠰᠢᠨ᠎ᠡ ᠪᠠᠷᠢᠮᠵᠢᠶ᠎ᠠ ᠵᠢ ᠳᠤᠷᠠᠳᠤᠭᠰᠠᠨ᠎ᠨᠢ ᠵᠠᠰᠠᠭ᠎ᠤᠨ ᠣᠷᠳᠣᠨ᠎ᠤ ᠠᠷᠠᠳ᠎ᠤᠨ ᠡᠪᠡᠳᠴᠢᠨ ᠦᠵᠡᠭᠦᠯᠬᠦ ᠠᠰᠠᠭᠤᠳᠠᠯ᠎ᠢ ᠴᠢᠳᠠᠯ᠎ᠤᠨ ᠬᠢᠷᠢ᠎ᠪᠠᠷ ᠵᠶ᠋ᠠᠨ ᠰᠢᠢ᠍ᠳᠪᠦᠷᠢᠯᠡᠬᠦ ᠵᠣᠷᠢᠭ ᠪᠠ ᠡᠷᠴᠢᠮ᠎ᠢ ᠭᠦᠢ᠍ᠴᠡᠳ ᠢᠯᠡᠷᠡᠭᠦᠯᠦᠭᠰᠡᠨ ᠪᠠᠶ᠋ᠢᠨ᠎ᠠ᠃
    ᠢᠯᠡᠳᠬᠡᠯ᠎ᠳᠤ ᠪᠠᠰᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠮᠤᠵᠢ ᠵᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ ᠵᠢ ᠠᠬᠢᠭᠤᠯᠬᠤ᠂ ᠤᠯᠤᠰ᠎ᠤᠨ ᠡᠮ᠎ᠤᠨ ᠵᠦᠢ᠍ᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ᠎ᠢ ᠲᠡᠭᠦᠯᠳᠡᠷᠵᠢᠭᠦᠯᠬᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠪᠠᠶ᠋ᠢᠩᠭᠤᠰᠢᠷᠠᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠣᠨᠳᠣᠣ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠳ᠋ᠦᠩᠨᠡᠨ ᠪᠤᠳᠤᠬᠤ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠬᠦ ᠁ ᠵᠢ ᠳᠤᠷᠠᠳᠴᠠᠢ᠃ ᠵᠦᠢ᠍ᠯ ᠪᠦᠬᠦᠨ᠎ᠨᠢ ᠴᠥᠮ ᠠᠷᠠᠳ ᠲᠦᠮᠡᠨ᠎ᠤ ᠡᠷᠡᠭᠦᠯ ᠮᠡᠨᠳᠦ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠬᠦ᠎ᠲᠠᠢ ᠨᠢᠭᠲᠠ ᠬᠤᠯᠪᠣᠭ᠎ᠠ᠎ᠲᠠᠢ ᠪᠠᠶ᠋ᠢᠨ᠎ᠠ᠃
    ᠨᠠᠰᠤᠵᠢᠯ ᠥᠷᠭᠡᠵᠢᠵᠦ ᠪᠠᠶ᠋ᠢᠨ᠎ᠠ᠂ ᠳᠤᠮᠳᠠᠳᠤ ᠤᠯᠤᠰ᠎ᠤᠨ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠬᠡᠷᠬᠢᠨ ᠬᠢᠬᠦ ᠪᠤᠶ? ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠷᠠᠳᠤᠭᠰᠠᠨ ᠵᠶ᠋ᠠᠷ᠂ ᠪᠥᠬᠦ ᠤᠯᠤᠰ᠎ᠲᠤ ᠬᠤᠪᠢ ᠬᠥᠮᠥᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠳᠦᠷᠢᠮ᠎ᠢ ᠬᠡᠷᠡᠭᠵᠢᠭᠦᠯᠬᠦ᠂ ᠪᠤᠭᠤᠷᠤᠯᠴᠤᠳ᠎ᠤᠨ ᠠᠵᠤ ᠠᠬᠤᠢ ᠵᠢ ᠶᠡᠭᠡ᠎ᠪᠠᠷ ᠬᠥᠭᠵᠢᠭᠦᠯᠬᠦ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠢ ᠪᠠᠶ᠋ᠢᠭᠤᠯᠬᠤ ᠵᠢ ᠠᠬᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ᠎ᠨᠦᠭᠦᠳ᠎ᠢ ᠪᠠᠭᠲᠠᠭ᠋ᠠᠵᠤ᠂ ᠨᠠᠰᠤᠵᠢᠯ᠎ᠢ ᠠᠷᠭ᠋ᠠᠴᠠᠭ᠋ᠠᠬᠤ ᠠᠯᠬᠤᠮ᠎ᠢ ᠢᠳᠡᠪᠬᠢᠲᠡᠢ ᠪᠥᠭᠡᠳ ᠯᠠᠪᠳᠠᠭᠤᠨ ᠪᠠᠶ᠋ᠢᠯᠭ᠋ᠠᠨ᠎ᠠ ᠭᠡᠵᠡᠢ᠃    ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠬᠤᠲᠠ ᠬᠥᠳᠡᠭᠡ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠯᠵᠢᠶᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠳᠤᠲᠠᠭᠳᠠᠯ᠎ᠢ ᠨᠥᠬᠦᠪᠦᠷᠢᠯᠡᠬᠦ᠎ᠪᠠᠨ ᠡᠷᠴᠢᠮᠵᠢᠭᠦᠯᠦᠨ᠎ᠡ ᠭᠡᠵᠡᠢ᠃ ᠡᠨᠡ᠎ᠨᠢ ᠬᠥᠳᠡᠭᠡ ᠲᠣᠰᠬᠤᠨ᠎ᠠᠴᠠ ᠢᠷᠡᠭᠰᠡᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠾᠧᠨᠠᠨ ᠮᠤᠵᠢ ᠵᠢᠨ ᠺᠠᠶ᠋ᠢᠹᠧᠩ ᠬᠤᠳᠠ ᠵᠢᠨ ᠯᠠᠨᠺᠤᠤ ᠰᠢᠶᠠᠨ᠎ᠤ ᠰᠠᠨ ᠢ ᠵᠠᠢ ᠰᠢᠶᠠᠩ᠎ᠤᠨ ᠪᠠᠢ ᠶᠦᠨ ᠱᠠᠨ ᠲᠣᠰᠬᠤᠨ᠎ᠤ ᠨᠠᠮ᠎ᠤᠨ ᠡᠭᠦᠷ᠎ᠤᠨ ᠱᠦᠵᠢ ᠴᠧᠨ ᠪᠦᠦ ᠴᠤᠤ᠎ᠳᠤ ᠭᠦᠨ ᠲᠥᠷᠥᠭᠳᠡᠯ ᠥᠭᠭᠦᠭᠰᠡᠨ ᠪᠠᠶ᠋ᠢᠨ᠎ᠠ᠃ ᠲᠡᠷᠡ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠲᠥᠬᠦᠭᠡᠷᠦᠮᠵᠢ ᠵᠢᠨ ᠪᠡᠯᠡ ᠮᠥᠩᠭᠦ ᠵᠢᠨ ᠳᠡᠮᠵᠢᠯᠭᠡ ᠵᠢ ᠡᠷᠴᠢᠮᠵᠢᠭᠦᠯᠵᠦ᠂ ᠨᠠᠰᠤᠲᠠᠨ᠎ᠢ ᠲᠤᠰᠠᠯᠠᠬᠤ ᠬᠤᠭᠤᠯᠠᠨ ᠭᠡᠷ᠎ᠤᠨ ᠪᠦᠷᠬᠦᠴᠡ ᠵᠢᠨ ᠨᠣᠷᠮ᠎ᠠ ᠵᠢ ᠳᠡᠭᠡᠭᠰᠢᠯᠡᠭᠦᠯᠬᠦ ᠵᠡᠷᠭᠡ ᠰᠠᠨᠠᠭᠤᠯᠭ᠎ᠠ ᠳᠤᠷᠠᠳᠴᠠᠢ᠃
    ᠬᠥᠮᠥᠨ ᠪᠣᠯᠭ᠋ᠠᠨ ᠥᠲᠡᠯᠵᠦ᠂ ᠠᠶ᠋ᠢᠯ ᠪᠣᠯᠭ᠋ᠠᠨ᠎ᠳᠤ ᠬᠡᠦᠬᠡᠳ᠎ᠲᠠᠢ ᠪᠠᠶ᠋ᠢᠳᠠᠭ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠢᠯᠡᠷᠡᠭᠦᠯᠦᠭᠰᠡᠨ ᠵᠶ᠋ᠠᠷ᠂ ᠨᠢᠳᠤᠨᠤᠨ ᠮᠠᠨ᠎ᠤ ᠤᠯᠤᠰ 《ᠨᠢᠭᠡ ᠨᠠᠰᠤᠲᠠᠨ ᠨᠢᠭᠡ ᠬᠡᠦᠬᠡᠳ》᠎ᠤᠨ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ ᠵᠢᠨ ᠲᠤᠰᠬᠠᠢ ᠨᠡᠮᠡᠯᠲᠡ ᠵᠢ ᠬᠠᠰᠤᠵᠤ ᠭᠠᠷᠭ᠋ᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶ᠋ᠢᠯᠢ ᠲᠤᠰᠢᠶᠠᠭᠴᠢ ᠠᠰᠢᠭ ᠬᠦᠷᠲᠡᠪᠡ᠃ ᠡᠨᠡ ᠵᠢᠯ ᠭᠡᠷ ᠪᠦᠯᠢ ᠵᠢᠨ ᠬᠡᠦᠬᠡᠳ ᠠᠪᠬᠤ᠂ ᠬᠡᠦᠬᠡᠳ ᠲᠡᠵᠢᠭᠡᠬᠦ᠂ ᠰᠤᠷᠭ᠋ᠠᠨ ᠬᠥᠮᠥᠵᠢᠭᠦᠯᠬᠦ ᠳᠠᠷᠤᠭ᠋ᠠᠰᠤ ᠵᠢ᠎ᠨᠢ ᠬᠥᠩᠭᠡᠷᠡᠭᠦᠯᠬᠦ ᠵᠢᠴᠢ ᠬᠡᠦᠬᠡᠳ ᠠᠪᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠪᠦᠷᠢᠨᠰᠢᠭᠦᠯᠬᠦ᠂ ᠦᠷᠡᠵᠢᠯ᠎ᠤᠨ ᠠᠮᠠᠷᠠᠯᠲᠠ ᠵᠢᠨ ᠬᠤᠭᠤᠴᠠᠭ᠋ᠠᠨ᠎ᠤ ᠳᠦᠷᠢᠮ᠎ᠢ ᠰᠢᠯᠢᠳᠡᠭᠵᠢᠭᠦᠯᠬᠦ ᠵᠡᠷᠭᠡ ᠵᠢ ᠳᠤᠷᠠᠳᠤᠭᠰᠠᠨ᠎ᠨᠢ ᠲᠦᠭ ᠲᠦᠮᠡᠨ ᠭᠡᠷ ᠪᠦᠯᠢ ᠵᠢᠨ ᠵᠣᠯ ᠵᠢᠷᠭ᠋ᠠᠯ᠎ᠤᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
    ᠰᠤᠷᠭ᠋ᠠᠨ ᠬᠥᠮᠦᠵᠢᠯ ᠮᠢᠩᠭ᠎ᠠ ᠲᠦᠮᠡᠨ ᠠᠶ᠋ᠢᠯ ᠡᠷᠦᠬᠡ ᠵᠢ ᠨᠥᠯᠥᠭᠡᠯᠡᠨ᠎ᠡ᠃ ᠰᠤᠷᠭ᠋ᠠᠭᠤᠯᠢ᠎ᠳᠤ ᠪᠠᠶ᠋ᠢᠭ᠎ᠠ 2.9 ᠳ᠋ᠦᠩᠰᠢᠭᠤᠷ ᠭᠠᠷᠤᠢ ᠰᠣᠷᠣᠭᠴᠢᠳ᠎ᠲᠠᠢ ᠰᠤᠷᠭ᠋ᠠᠨ ᠬᠥᠮᠦᠵᠢᠯ᠎ᠤᠨ ᠲᠣᠮᠣ ᠤᠯᠤᠰ᠎ᠤᠨ ᠰᠤᠷᠭ᠋ᠠᠨ ᠬᠥᠮᠦᠵᠢᠯ᠎ᠢ ᠬᠡᠷᠬᠢᠨ ᠰᠠᠶ᠋ᠢᠲᠤᠷ ᠡᠷᠭᠢᠯᠡᠬᠦ᠎ᠨᠢ ᠬᠥᠮᠥᠰ᠎ᠤᠨ ᠠᠩᠬᠠᠷᠤᠯ᠎ᠢ ᠶᠡᠬᠡᠳᠡ ᠲᠠᠲᠠᠵᠤ ᠪᠠᠶ᠋ᠢᠨ᠎ᠠ᠃ ᠰᠠᠶᠢᠬᠠᠨ ᠥᠩᠭᠡᠷᠡᠭᠰᠡᠨ 2023 ᠣᠨ᠎ᠳᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ ᠬᠦᠦ ᠮᠥᠩᠭᠦ ᠵᠢ ᠪᠠᠭᠤᠷᠠᠭᠤᠯᠤᠨ 1100 ᠭᠠᠷᠤᠢ ᠲᠦᠮᠡᠨ ᠰᠣᠷᠣᠭᠴᠢ᠎ᠳᠤ ᠠᠰᠢᠭ ᠬᠦᠷᠲᠡᠭᠡᠵᠡᠢ᠃ ᠡᠨᠡ ᠵᠢᠯ᠎ᠤᠨ ᠢᠯᠡᠳᠬᠡᠯ᠎ᠳᠤ ᠪᠠᠰᠠ 《ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠦᠨ᠎ᠡ》 《ᠬᠥᠳᠡᠭᠡ ᠲᠣᠰᠬᠤᠨ᠎ᠤ ᠪᠠᠶ᠋ᠢᠷᠢᠯᠠᠬᠤ ᠳᠦᠷᠢᠮᠲᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠨᠥᠬᠦᠴᠡᠯ᠎ᠢ ᠰᠠᠶ᠋ᠢᠵᠢᠷᠠᠭᠤᠯᠤᠨ᠎ᠠ》 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠶᠡᠭᠡ᠎ᠪᠠᠷ ᠳᠡᠭᠡᠭᠰᠢᠯᠡᠭᠦᠯᠦᠨ᠎ᠡ》 ᠭᠡᠬᠦ ᠵᠡᠷᠭᠡ ᠵᠢ ᠳᠤᠷᠠᠳᠤᠭᠰᠠᠨ᠎ᠨᠢ ᠠᠷᠠᠳ ᠣᠯᠠᠨ᠎ᠢ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠢᠲᠡᠭᠡᠯ ᠡᠪᠦᠷᠯᠡᠭᠦᠯᠪᠡ᠃
    ᠢᠯᠡᠳᠬᠡᠯ᠎ᠳᠤ ᠳᠤᠷᠠᠳᠤᠭᠰᠠᠨ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠬᠦ᠎ᠳᠤ ᠴᠢᠭᠯᠡᠭᠦᠯᠦᠨ᠂ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠯᠧᠢ ᠵᠢᠶᠦ᠋ᠨ ᠥᠪᠡᠷ᠎ᠤᠨ ᠰᠠᠨᠠᠭᠤᠯᠭ᠎ᠠ᠎ᠪᠠᠨ ᠳᠤᠷᠠᠳᠴᠤ᠂ ᠬᠢᠮᠡᠯ ᠣᠶᠣᠨ᠎ᠤ ᠬᠡᠪ ᠪᠣᠯᠪᠠᠰᠤᠷᠠᠯ᠎ᠤᠨ ᠬᠥᠮᠦᠵᠢᠯ᠎ᠢ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠳᠤ ᠣᠷᠣᠭᠤᠯᠵᠤ᠂ ᠬᠢᠮᠡᠯ ᠣᠶᠣᠨ᠎ᠤ ᠶᠡᠷᠦᠩᠬᠡᠶ᠋ᠢᠯᠡᠭᠰᠡᠨ ᠪᠣᠯᠪᠠᠰᠤᠷᠠᠯ᠎ᠤᠨ ᠬᠢᠴᠢᠶᠡᠯ ᠲᠣᠬᠢᠷᠠᠭᠤᠯᠬᠤ ᠬᠡᠷᠡᠭᠲᠡᠢ; ᠶᠡᠭᠡ ᠳᠡᠭᠡᠳᠦ ᠰᠤᠷᠭ᠋ᠠᠭᠤᠯᠢ ᠵᠢᠨ ᠬᠢᠮᠡᠯ ᠣᠶᠣᠨ᠎ᠤ ᠬᠠᠮᠢᠶ᠎ᠠ ᠪᠦᠬᠦᠢ ᠮᠡᠷᠭᠡᠵᠢᠯ᠎ᠤᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ᠂ ᠬᠢᠮᠡᠯ ᠣᠶᠣᠨ᠎ᠤ ᠶᠡᠷᠦᠩᠬᠡᠶ᠋ᠢᠯᠡᠭᠰᠡᠨ ᠪᠣᠯᠪᠠᠰᠤᠷᠠᠯ᠎ᠤᠨ ᠬᠢᠴᠢᠶᠡᠯ᠎ᠢ ᠨᠡᠩ ᠤᠯᠠᠨ ᠮᠡᠷᠭᠡᠵᠢᠯ ᠵᠦᠭ ᠥᠷᠭᠡᠳᠬᠡᠵᠦ᠂ ᠬᠦᠷᠢᠶ᠎ᠡ ᠠᠯᠤᠰᠯᠠᠭᠰᠠᠨ ᠴᠢᠳᠠᠪᠤᠷᠢᠲᠠᠨ᠎ᠢ ᠨᠡᠩ ᠣᠯᠠᠨ ᠬᠥᠮᠥᠵᠢᠭᠦᠯᠦᠨ᠎ᠡ ᠭᠡᠵᠡᠢ᠃
    ᠠᠷᠠᠳ᠎ᠤᠨ ᠠᠮᠢᠳᠤᠷᠠᠯ᠎ᠤᠨ ᠭᠦᠢ᠍ᠴᠡᠳᠬᠡᠯ ᠲᠤᠭ᠎ᠠ᠎ᠨᠤᠭᠤᠳ ᠪᠣᠯ ᠵᠠᠰᠠᠭ᠎ᠤᠨ ᠣᠷᠳᠣᠨ᠎ᠤ ᠦᠨᠡᠨ ᠪᠣᠳᠠᠲᠠᠢ ᠠᠮᠠᠯᠠᠯᠲᠠ ᠮᠥᠷᠲᠡᠭᠡᠨ ᠬᠥᠭᠵᠢᠯᠲᠡ ᠵᠢᠨ ᠴᠢᠨᠠᠷ ᠴᠢᠨᠰᠠᠭ᠎ᠠ ᠵᠢ ᠰᠢᠯᠭ᠋ᠠᠬᠤ ᠴᠢᠬᠤᠯᠠ ᠪᠠᠷᠢᠮᠵᠢᠶ᠎ᠠ ᠮᠥᠨ᠃
 

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ