ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
1200 ᠲᠦᠮᠡ᠎ᠠᠴᠠ ᠢᠯᠡᠭᠦᠦ ᠬᠥᠮᠥᠨ᠎ᠳᠤ ᠠᠵᠢᠯ ᠣᠯᠭᠤᠨ᠎ᠠ᠂ 2024 ᠣᠨ᠎ᠳᠤ ᠠᠵᠢᠯ ᠣᠯᠭᠤᠯᠲᠠ ᠵᠢᠨ ᠶᠡᠭᠡ ᠲᠠᠯ᠎ᠠ ᠵᠢ ᠬᠡᠷᠬᠢᠨ ᠲᠣᠭᠲᠠᠪᠤᠷᠢᠵᠢᠭᠤᠯᠬᠤ ᠪᠤᠢ?
ᠨᠡᠶ᠋ᠢᠲᠡᠯᠡᠭᠰᠡᠨ ᠴᠠᠭ᠄ 2024-04-02

    ᠬᠤᠲᠠ ᠪᠠᠯᠭ᠋ᠠᠰᠤᠨ᠎ᠤ 1200 ᠲᠦᠮᠡ᠎ᠠᠴᠠ ᠳᠡᠭᠡᠭᠰᠢ ᠬᠥᠮᠥᠨ᠎ᠳᠤ ᠠᠵᠢᠯ ᠣᠯᠭᠤᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ ᠵᠢᠨ ᠠᠵᠢᠯ ᠠᠯᠳᠠᠯᠲᠠ ᠵᠢᠨ ᠨᠣᠷᠮ᠎ᠠ ᠵᠢ 5.5% ᠣᠷᠴᠢᠮ ᠪᠣᠯᠭ᠋ᠠᠨ᠎ᠠ — ᠡᠨᠡ ᠪᠣᠯ 5᠎ᠤ ᠡᠳᠦᠷ᠎ᠤᠨ ᠬᠢᠨᠠᠨ ᠵᠦᠪᠯᠡᠭᠦᠯᠬᠦ᠎ᠪᠠᠷ ᠳᠡᠪᠰᠢᠭᠦᠯᠦᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠲᠣᠬᠢᠷᠠᠭᠤᠯᠤᠭᠰᠠᠨ 2024 ᠣᠨ᠎ᠤ ᠠᠵᠢᠯ ᠣᠯᠭᠤᠯᠲᠠ ᠵᠢᠨ ᠵᠢᠱ᠌ᠢᠭᠰᠡᠨ ᠬᠠᠷᠠᠯᠲᠠ ᠪᠣᠯᠣᠨ᠎ᠠ᠃
    ᠬᠤᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠤᠯᠲᠠ ᠵᠢᠨ ᠬᠡᠪᠴᠢᠶ᠎ᠡ ᠵᠢ ᠨᠢᠳᠤᠨᠤᠨ᠎ᠤ 《1200 ᠲᠦᠮᠡ ᠣᠷᠴᠢᠮ》 ᠪᠠᠶ᠋ᠢᠭᠰᠠᠨ᠎ᠠᠴᠠ ᠡᠨᠡ ᠵᠢᠯ᠎ᠤᠨ 《1200 ᠲᠦᠮᠡ᠎ᠠᠴᠠ ᠳᠡᠭᠡᠭᠰᠢ》 ᠪᠣᠯᠭ᠋ᠠᠨ ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠵᠢᠨ ᠬᠠᠷᠠᠯᠲᠠ ᠵᠢ ᠳᠤᠷᠠᠳᠤᠨ ᠭᠠᠷᠭ᠋ᠠᠭᠰᠠᠨ᠎ᠨᠢ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ᠂ ᠢᠲᠡᠭᠡᠯ ᠵᠣᠷᠢᠭ᠎ᠢ ᠬᠦᠪᠴᠢᠯᠡᠬᠦ ᠨᠡᠩ ᠶᠡᠭᠡ ᠡᠷᠴᠢᠮ᠎ᠲᠠᠢ ᠳᠣᠬᠢᠶ᠎ᠠ ᠵᠢ ᠳᠠᠮᠵᠢᠭᠤᠯᠪᠠ᠃
    ᠠᠵᠢᠯ ᠣᠯᠭᠤᠯᠲᠠ ᠪᠣᠯ ᠬᠠᠮᠤᠭ᠎ᠤᠨ ᠶᠡᠭᠡ ᠠᠷᠠᠳ᠎ᠤᠨ ᠠᠮᠢᠳᠤᠷᠠᠯ ᠮᠥᠨ᠂ ᠪᠠᠰᠠ ᠴᠤ᠌ ᠠᠵᠤ ᠠᠬᠤᠢ ᠵᠢᠨ ᠬᠥᠭᠵᠢᠯᠲᠡ ᠵᠢᠨ ᠬᠠᠮᠤᠭ᠎ᠤᠨ ᠦᠨᠳᠦᠰᠦᠨ ᠲᠤᠯᠭ᠋ᠠᠭᠤᠷᠢ ᠪᠣᠯᠣᠨ᠎ᠠ᠃ ᠡᠨᠡ ᠵᠢᠯ᠎ᠤᠨ ᠬᠠᠷᠠᠯᠲᠠ᠎ᠪᠠᠨ ᠶᠠᠭᠤᠨ᠎ᠳᠤ ᠢᠩᠭᠢᠵᠦ ᠲᠣᠭᠲᠠᠭ᠋ᠠᠭᠰᠠᠨ ᠪᠤᠢ?
    《ᠡᠨᠡ᠎ᠨᠢ ᠠᠷᠠᠳ᠎ᠤᠨ ᠠᠮᠢᠳᠤᠷᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠭ᠎ᠠ ᠵᠢ ᠬᠠᠷᠠᠭᠤᠯᠬᠤ ᠪᠥᠭᠡᠳ ᠪᠣᠳᠠᠲᠤ ᠪᠠᠶ᠋ᠢᠳᠠᠯ᠎ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃》 ᠪᠥᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠬᠥᠳᠡᠯᠮᠦᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠦᠸᠧ ᠷᠦᠩ ᠢᠯᠡᠷᠬᠡᠶ᠋ᠢᠯᠡᠬᠦ᠎ᠳᠤ᠎ᠪᠠᠨ᠂ 2024 ᠣᠨ᠎ᠤ ᠠᠵᠤ ᠠᠬᠤᠢ ᠵᠢᠨ ᠠᠵᠢᠯᠯᠠᠭ᠋ᠠᠨ᠎ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠬᠤ ᠳᠠᠷᠤᠭ᠋ᠠᠰᠤ ᠨᠡᠯᠢᠶᠡᠳ ᠶᠡᠭᠡ ᠪᠠᠶ᠋ᠢᠭ᠎ᠠ ᠪᠠᠶ᠋ᠢᠳᠠᠯ ᠳᠣᠣᠷ᠎ᠠ᠂ ᠡᠷᠬᠡᠪᠰᠢ ᠣᠯᠠᠨ ᠲᠦᠮᠡᠨ᠎ᠤ ᠠᠵᠢᠯ ᠣᠯᠬᠤ ᠠᠰᠠᠭᠤᠳᠠᠯ᠎ᠢ ᠰᠢᠢ᠍ᠳᠪᠦᠷᠢᠯᠡᠬᠦ ᠵᠢ ᠨᠠᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠢᠯᠡᠷᠡᠭᠦᠯᠬᠦ ᠬᠡᠷᠡᠭᠲᠡᠢ ᠭᠡᠵᠡᠢ᠃
    ᠡᠨᠡ ᠵᠢᠯ ᠬᠤᠳᠠ ᠪᠠᠯᠭ᠋ᠠᠰᠤᠨ᠎ᠳᠤ ᠠᠵᠢᠯ ᠣᠯᠬᠤ ᠴᠢᠬᠤᠯᠠᠲᠠᠢ ᠰᠢᠨ᠎ᠡ᠎ᠪᠠᠷ ᠦᠰᠦᠨ ᠪᠣᠶ᠋ᠢᠵᠢᠭᠰᠠᠨ ᠬᠥᠳᠡᠯᠮᠦᠷᠢ ᠬᠦᠴᠦᠨ ᠦᠷᠭᠦᠯᠵᠢᠯᠡᠨ ᠥᠨᠳᠥᠷ ᠪᠠᠶ᠋ᠢᠷᠢᠨ᠎ᠳᠤ ᠪᠠᠶ᠋ᠢᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠡᠪᠴᠢᠶ᠎ᠡ ᠵᠢᠱ᠌ᠢᠯᠲᠡ᠎ᠪᠠᠷ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ 1170 ᠲᠦᠮᠡᠨ ᠬᠥᠮᠥᠨ᠎ᠢ ᠳᠠᠪᠠᠭ᠍ᠤ ᠵᠢᠨ ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠶ᠋ᠢᠨ᠎ᠠ᠃ ᠡᠶ᠋ᠢᠮᠦ᠎ᠠᠴᠠ ᠠᠵᠢᠯ ᠣᠯᠭᠤᠯᠲᠠ ᠵᠢᠨ ᠶᠡᠭᠡ ᠲᠠᠯ᠎ᠠ ᠵᠢ ᠲᠣᠭᠲᠠᠪᠤᠷᠢᠵᠢᠭᠤᠯᠬᠤ᠎ᠨᠢ ᠲᠤᠶ᠋ᠢᠯ᠎ᠤᠨ ᠵᠠᠩᠭᠢᠯᠠᠭ᠎ᠠ ᠪᠣᠯᠣᠨ᠎ᠠ᠃
    ᠡᠨᠡ ᠬᠦ᠌ ᠬᠠᠷᠠᠯᠲᠠ ᠵᠢ ᠪᠡᠶᠡᠯᠡᠭᠦᠯᠵᠦ ᠴᠢᠳᠠᠨ᠎ᠠ ᠦᠦ?
    ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠠᠵᠤ ᠠᠬᠤᠢ ᠵᠢᠨ ᠨᠡᠮᠡᠭᠳᠡᠯ᠎ᠤᠨ ᠵᠢᠱ᠌ᠢᠯᠲᠡ ᠵᠢᠨ ᠬᠠᠷᠠᠯᠲᠠ ᠵᠢ 5% ᠣᠷᠴᠢᠮ ᠪᠠᠶ᠋ᠢᠯᠭ᠋ᠠᠨ᠎ᠠ ᠭᠡᠵᠦ ᠳᠤᠷᠠᠳᠪᠠ᠃ ᠡᠨᠡ᠎ᠨᠢ ᠶᠠᠭ ᠠᠵᠢᠯ ᠣᠯᠭᠤᠯᠲᠠ ᠵᠢ ᠠᠬᠢᠭᠤᠯᠵᠤ ᠣᠷᠣᠯᠭ᠎ᠠ ᠵᠢ ᠨᠡᠮᠡᠭᠳᠡᠭᠦᠯᠬᠦ ᠵᠡᠷᠭᠡ ᠲᠠᠯ᠎ᠠ᠎ᠪᠠᠷ᠎ᠬᠢ ᠬᠡᠷᠡᠭᠴᠡᠭᠡ ᠵᠢ ᠪᠣᠳᠣᠯᠬᠢᠯᠠᠭᠰᠠᠨ ᠶᠤᠮ᠃
    《ᠠᠵᠤ ᠠᠬᠤᠢ ᠵᠢᠨ ᠨᠡᠮᠡᠭᠳᠡᠯ ᠬᠢᠭᠡᠳ ᠠᠵᠢᠯ ᠣᠯᠭᠤᠯᠲᠠ ᠵᠢᠨ ᠬᠤᠯᠪᠣᠯᠳᠤᠨ ᠳᠠᠶ᠋ᠢᠴᠢᠯᠠᠬᠤ ᠦᠢ᠍ᠯᠡᠳᠦᠯ᠎ᠠᠴᠠ ᠦᠵᠡᠪᠡᠯ᠂ ᠠᠵᠤ ᠠᠬᠤᠢ ᠵᠢᠨ ᠨᠡᠮᠡᠭᠳᠡᠯ᠎ᠤᠨ 1 ᠵᠠᠭᠤᠨ᠎ᠤ ᠴᠡᠭ᠎ᠨᠢ 200 ᠭᠠᠷᠤᠢ ᠲᠦᠮᠡᠨ ᠬᠥᠮᠥᠨ᠎ᠤ ᠠᠵᠢᠯ ᠣᠯᠭᠤᠯᠲᠠ ᠵᠢ ᠳᠠᠶ᠋ᠢᠴᠢᠯᠠᠵᠤ ᠳᠡᠶ᠋ᠢᠯᠦᠨ᠎ᠡ᠃》 ᠭᠡᠰᠢᠭᠦᠨ ᠮᠦᠸᠧ ᠷᠦᠩ ᠬᠡᠯᠡᠭᠰᠡᠨ᠎ᠨᠢ᠂ ᠡᠨᠡ ᠬᠡᠳᠦᠨ ᠵᠢᠯ᠎ᠤᠨ ᠠᠵᠤ ᠠᠬᠤᠢ ᠵᠢᠨ ᠪᠦᠲᠦᠴᠡ ᠵᠢᠨ ᠲᠣᠬᠢᠷᠠᠭᠤᠯᠤᠯᠲᠠ᠂ ᠢᠯᠠᠩᠭᠤᠶ᠎ᠠ ᠦᠢ᠍ᠯᠡᠴᠢᠯᠡᠭᠡᠨ᠎ᠤ ᠦᠢ᠍ᠯᠡᠰ᠎ᠤᠨ ᠲᠦᠷᠭᠡᠨ ᠬᠥᠭᠵᠢᠯᠲᠡ ᠵᠢᠨ ᠳᠡᠭᠡᠷ᠎ᠡ ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ᠎ᠠᠴᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ ᠣᠯᠭᠤᠯᠲᠠ ᠵᠢ ᠳᠠᠶ᠋ᠢᠴᠢᠯᠠᠬᠤ ᠬᠦᠴᠦᠨ ᠲᠣᠭᠲᠠᠭᠤᠨ ᠵᠶ᠋ᠠᠷ ᠴᠢᠩᠭ᠋ᠠᠷᠠᠵᠠᠢ ᠭᠡᠪᠡ᠃
    ᠠᠵᠢᠯ ᠣᠯᠭᠤᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 ᠵᠢᠯ᠎ᠳᠤ᠂ ᠮᠠᠨ᠎ᠤ ᠤᠯᠤᠰ᠎ᠤᠨ ᠵᠢᠯ ᠪᠦᠷᠢ ᠵᠢᠨ ᠪᠡᠶᠡᠯᠡᠭᠦᠯᠦᠭᠰᠡᠨ ᠬᠤᠳᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠣᠭᠰᠠᠨ ᠬᠥᠮᠥᠨ 1200 ᠲᠦᠮᠡ ᠵᠢ ᠳᠠᠪᠠᠵᠠᠢ᠃ 2023 ᠣᠨ᠎ᠳᠤ GDP 5.2% ᠵᠶ᠋ᠠᠷ ᠨᠡᠮᠡᠭᠳᠡᠵᠦ᠂ ᠪᠥᠬᠦ ᠤᠯᠤᠰ᠎ᠤᠨ 1244 ᠲᠦᠮᠡᠨ ᠬᠥᠮᠥᠨ᠎ᠳᠤ ᠬᠤᠲᠠ ᠪᠠᠯᠭ᠋ᠠᠰᠤᠨ᠎ᠳᠤ ᠠᠵᠢᠯ ᠣᠯᠭᠤᠵᠤ᠂ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ᠎ᠳᠤ ᠬᠦᠷᠴᠡᠢ᠃
    2024 ᠣᠨ᠎ᠤ ᠠᠵᠢᠯ ᠣᠯᠭᠤᠯᠲᠠ ᠵᠢᠨ ᠬᠠᠷᠠᠯᠲᠠ ᠵᠢ ᠬᠡᠷᠬᠢᠨ ᠪᠡᠶᠡᠯᠡᠭᠦᠯᠬᠦ ᠪᠤᠢ?
    — ᠡᠩ ᠲᠡᠷᠢᠭᠦᠨ᠎ᠳᠤ᠂ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠤᠳᠤᠷᠢᠳᠤᠮᠵᠢ ᠵᠢ ᠴᠢᠩᠭ᠋ᠠᠳᠬᠠᠬᠤ ᠬᠡᠷᠡᠭᠲᠡᠢ᠃
    ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡ ᠵᠡᠷᠭᠡ ᠲᠥᠷᠥ ᠵᠢᠨ ᠪᠣᠳᠣᠯᠭ᠎ᠠ ᠵᠢᠨ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ᠎ᠳᠤ ᠦᠵᠡᠭᠦᠯᠬᠦ ᠳᠡᠮᠵᠢᠯᠭᠡ ᠵᠢ ᠴᠢᠩᠭ᠋ᠠᠳᠬᠠᠵᠤ᠂ ᠠᠵᠢᠯ ᠣᠯᠭᠤᠯᠲᠠ ᠵᠢ ᠠᠬᠢᠭᠤᠯᠬᠤ ᠲᠤᠰᠬᠠᠢ ᠲᠥᠷᠥ ᠵᠢᠨ ᠪᠣᠳᠣᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ ᠭᠡᠵᠦ ᠳᠤᠷᠠᠳᠪᠠ᠃ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠤᠴᠠᠭ᠋ᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ ᠨᠡᠶ᠋ᠢᠭᠡᠮ᠎ᠤᠨ ᠪᠠᠲᠤᠯᠠᠭ᠎ᠠ ᠵᠢᠨ ᠨᠥᠬᠦᠪᠦᠷᠢ ᠵᠡᠷᠭᠡ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠵᠢᠨ ᠪᠠᠭᠲᠠᠭ᠋ᠠᠮᠵᠢ᠎ᠪᠠᠷ ᠶᠡᠭᠡ ᠠᠵᠢᠯ ᠲᠦᠷᠦᠯ᠎ᠤᠨ ᠠᠵᠤ ᠠᠬᠤᠶ᠋ᠢᠯᠠᠯ᠎ᠢ ᠳᠡᠮᠵᠢᠬᠦ᠎ᠪᠠᠨ ᠴᠢᠩᠭ᠋ᠠᠳᠬᠠᠨ᠎ᠠ᠃
    — ᠳᠠᠷᠠᠭ᠋ᠠᠯᠠᠪᠠᠯ᠂ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠬᠤ ᠵᠢ ᠬᠠᠪᠰᠤᠷᠤᠨ ᠲᠡᠳᠬᠦᠬᠦ ᠵᠢ ᠳᠣᠪᠣᠶ᠋ᠢᠯᠭ᠋ᠠᠬᠤ ᠬᠡᠷᠡᠭᠲᠡᠢ᠃
    ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠵᠠᠯᠠᠭᠤᠴᠤᠳ᠎ᠤᠨ ᠠᠵᠢᠯ ᠣᠯᠬᠤ ᠵᠢ ᠠᠬᠢᠭᠤᠯᠬᠤ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠠᠵᠢᠯ ᠣᠯᠵᠤ ᠦᠢ᠍ᠯᠡᠰ ᠪᠣᠰᠬᠠᠬᠤ ᠵᠢ ᠵᠢᠯᠤᠭᠤᠳᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶ᠋ᠢᠯᠠᠪᠠ᠃ ᠲᠥᠯᠥᠪᠯᠡᠭᠡ ᠵᠢᠨ ᠮᠡᠳᠡᠭᠦᠯᠦᠯᠲᠡ᠎ᠳᠤ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠠᠵᠢᠯ ᠣᠯᠭᠤᠯᠲᠠ ᠵᠢᠨ ᠨᠡᠮᠡᠭᠳᠡᠯ᠎ᠤᠨ ᠴᠡᠭ᠎ᠢ ᠥᠷᠭᠡᠳᠬᠡᠨ᠎ᠡ᠃ ᠵᠠᠯᠠᠭᠤᠴᠤᠳ᠎ᠤᠨ ᠠᠵᠢᠯ ᠣᠯᠭᠤᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠰᠠᠶ᠋ᠢᠲᠤᠷ ᠬᠡᠷᠡᠭᠵᠢᠭᠦᠯᠦᠨ᠎ᠡ᠃ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠵᠡᠷᠭᠡ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢᠨ ᠤᠷᠢᠨ ᠬᠡᠷᠡᠭᠯᠡᠬᠦ (ᠡᠯᠰᠡᠬᠦ) ᠲᠣᠬᠢᠷᠠᠭᠤᠯᠤᠯᠲᠠ ᠵᠢ ᠰᠢᠯᠢᠳᠡᠭᠵᠢᠭᠦᠯᠦᠨ᠎ᠡ ᠭᠡᠵᠦ ᠳᠤᠷᠠᠳᠪᠠ᠃
    ᠲᠥᠰᠥᠪ᠎ᠤᠨ ᠮᠡᠳᠡᠭᠦᠯᠦᠯᠲᠡ ᠵᠢ ᠦᠨᠳᠦᠰᠦᠯᠡᠪᠡᠯ᠂ 2024 ᠣᠨ᠎ᠳᠤ᠂ ᠲᠥᠪ᠎ᠤᠨ ᠡᠳ᠋᠎ᠤᠨ ᠵᠠᠰᠠᠭ 667 ᠳ᠋ᠦᠩᠰᠢᠭᠤᠷ ᠲᠥᠭᠦᠷᠢᠭ᠎ᠤᠨ ᠠᠵᠢᠯ ᠣᠯᠭᠤᠯᠲᠠ ᠵᠢᠨ ᠨᠥᠬᠦᠪᠦᠷᠢ ᠪᠡᠯᠡ ᠮᠥᠩᠭᠦ ᠲᠣᠬᠢᠷᠠᠭᠤᠯᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ᠎ᠳᠤ ᠬᠦᠴᠢᠷᠲᠡᠢ ᠬᠦᠮᠦᠰ ᠵᠡᠷᠭᠡ ᠵᠢᠨ ᠠᠵᠢᠯ ᠣᠯᠵᠤ ᠦᠢ᠍ᠯᠡᠰ ᠪᠤᠰᠬᠠᠬᠤ ᠵᠢ ᠭᠤᠣᠯᠳᠠᠯᠭ᠎ᠠ᠎ᠲᠠᠢ ᠳᠡᠮᠵᠢᠬᠦ᠎ᠪᠠᠷ ᠲᠥᠯᠥᠪᠯᠡᠵᠦ ᠪᠤᠢ᠃
    — ᠡᠭᠦᠨ᠎ᠠᠴᠠ ᠭᠠᠳᠠᠨ᠎ᠠ᠂ ᠬᠠᠩᠭ᠋ᠠᠯᠭ᠎ᠠ ᠬᠡᠷᠡᠭᠴᠡᠭᠡ ᠵᠢᠨ ᠵᠣᠬᠢᠴᠠᠯ᠎ᠢ ᠴᠢᠩᠭ᠋ᠠᠳᠬᠠᠵᠤ᠂ ᠠᠵᠢᠯ ᠣᠯᠭᠤᠯᠲᠠ ᠵᠢᠨ ᠣᠷᠣᠨ ᠵᠠᠢ ᠵᠢ ᠥᠷᠭᠡᠳᠬᠡᠬᠦ ᠬᠡᠷᠡᠭᠲᠡᠢ᠃
    ᠲᠥᠯᠥᠪᠯᠡᠭᠡ ᠵᠢᠨ ᠮᠡᠳᠡᠭᠦᠯᠦᠯᠲᠡ᠎ᠳᠤ᠂ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠢᠳᠤᠯᠢᠭ ᠵᠶ᠋ᠠᠷ ᠠᠵᠢᠯ ᠣᠯᠬᠤ ᠵᠢ ᠣᠯᠠᠨ ᠠᠷᠭ᠎ᠠ ᠵᠠᠮ ᠵᠶ᠋ᠠᠷ ᠠᠬᠢᠭᠤᠯᠤᠨ᠎ᠠ᠃ ᠶᠡᠭᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠵᠢ ᠲᠦᠷᠭᠡᠳᠬᠡᠵᠦ᠂ ᠶᠡᠭᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠮᠡᠷᠭᠡᠵᠢᠯ᠎ᠤᠨ ᠲᠣᠬᠢᠷᠠᠭᠤᠯᠤᠯᠲᠠ ᠪᠠ ᠴᠢᠳᠠᠪᠤᠷᠢᠲᠠᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠨᠡᠩ ᠵᠣᠬᠢᠴᠠᠭᠤᠯᠬᠤ ᠵᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠦᠷᠨᠢᠭᠦᠯᠦᠨ᠎ᠡ ᠭᠡᠵᠦ ᠳᠤᠷᠠᠳᠪᠠ᠃
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ