ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
10 ᠲᠥᠭᠦᠷᠢᠭ᠎ᠠᠴᠠ 380 ᠲᠥᠭᠦᠷᠢᠭ ᠪᠣᠯᠲᠠᠯ᠎ᠠ ᠨᠡᠮᠡᠭᠳᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠨᠢ ᠣᠯᠠᠨ ᠲᠦᠮᠡᠨ᠎ᠳᠤ ᠶᠠᠭᠤ ᠠᠪᠴᠢᠷᠠᠪᠠ?
ᠨᠡᠶ᠋ᠢᠲᠡᠯᠡᠭᠰᠡᠨ ᠴᠠᠭ᠄ 2024-04-22

    ᠣᠶ᠋ᠢᠷ᠎ᠠ᠎ᠳᠤ᠂ ᠮᠠᠨ᠎ᠤ ᠤᠯᠤᠰ᠎ᠤᠨ ᠶᠡᠬᠡᠩᠬᠢ ᠭᠠᠵᠠᠷ ᠣᠷᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠪᠯᠡᠷᠡᠭᠦᠯᠦᠨ ᠰᠦᠢ᠍ᠳᠬᠡᠯ ᠲᠤᠰᠢᠶᠠᠬᠤ ᠠᠵᠢᠯ ᠵᠠᠯᠭ᠋ᠠᠭ᠎ᠠ᠎ᠪᠠᠷ ᠳᠠᠭᠤᠰᠪᠠ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 25᠎ᠤ ᠡᠳᠦᠷ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠲᠤᠬᠠᠢ ᠬᠤᠯᠪᠣᠭᠳᠠᠯ ᠪᠦᠬᠦᠢ ᠠᠩᠬᠠᠷᠤᠯ ᠴᠡᠭ᠎ᠲᠤ ᠬᠠᠷᠢᠭᠤᠯᠲᠠ ᠥᠭᠪᠡ᠃
    2003 ᠣᠨ᠎ᠳᠤ 《ᠬᠥᠳᠡᠭᠡ ᠲᠣᠰᠬᠤᠨ᠎ᠤ ᠰᠢᠨ᠎ᠡ ᠬᠡᠯᠪᠡᠷᠢ ᠵᠢᠨ ᠬᠤᠷᠰᠢᠭᠰᠠᠨ ᠡᠮᠴᠢᠯᠡᠭᠡᠨ᠎ᠤ ᠳᠠᠭ᠋ᠠᠳᠬᠠᠯ》 ᠪᠠᠶ᠋ᠢᠭᠤᠯᠤᠭᠳᠠᠬᠤ ᠦᠶ᠎ᠡ ᠵᠢᠨ ᠬᠦᠮᠦᠨ ᠪᠦᠷᠢ 10 ᠲᠥᠭᠦᠷᠢᠭ᠎ᠤᠨ ᠰᠦᠢ᠍ᠳᠬᠡᠯ ᠲᠤᠰᠢᠶᠠᠬᠤ ᠪᠠᠷᠢᠮᠵᠢᠶ᠎ᠠ᠎ᠠᠴᠠ ᠣᠳᠣ ᠵᠢᠨ ᠬᠦᠮᠦᠨ ᠪᠦᠷᠢ 380 ᠲᠥᠭᠦᠷᠢᠭ᠎ᠤᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠪᠠᠷᠢᠮᠵᠢᠶ᠎ᠠ ᠬᠦᠷᠲᠡᠯᠡᠬᠢ 370 ᠲᠥᠭᠦᠷᠢᠭ᠎ᠤᠨ ᠨᠡᠮᠡᠭᠳᠡᠯ᠎ᠨᠢ ᠵᠣᠬᠢᠰᠲᠠᠢ ᠦᠦ ᠦᠭᠡᠢ ᠦᠦ? ᠠᠷᠠᠳ ᠤᠯᠠᠨ᠎ᠳᠤ ᠶᠠᠭᠤ ᠠᠪᠴᠢᠷᠠᠵᠤ ᠥᠭᠭᠦᠭᠰᠡᠨ ᠪᠤᠢ?
    ᠰᠢᠨ᠎ᠡ ᠡᠮ᠎ᠢ ᠡᠮᠴᠢᠯᠡᠭᠡᠨ᠎ᠤ ᠪᠠᠲᠤᠯᠠᠭ᠎ᠠ ᠵᠢᠨ ᠬᠡᠪᠴᠢᠶ᠎ᠡ᠎ᠳᠤ ᠣᠷᠣᠭᠤᠯᠵᠤ ᠪᠠᠲᠤᠯᠠᠭ᠎ᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠪᠡ
    10 ᠲᠥᠭᠦᠷᠢᠭ᠎ᠠᠴᠠ 380 ᠲᠥᠭᠦᠷᠢᠭ ᠬᠦᠷᠲᠡᠯᠡᠬᠢ ᠨᠡᠮᠡᠭᠳᠡᠯ᠎ᠳᠤ ᠴᠢᠭᠯᠡᠭᠦᠯᠦᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠤᠯᠪᠣᠭᠳᠠᠯ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠡᠮᠴᠢᠯᠡᠭᠡᠨ᠎ᠤ ᠳᠠᠭ᠋ᠠᠳᠬᠠᠯ᠎ᠤᠨ ᠪᠡᠯᠡ ᠴᠤᠭᠯᠠᠭᠤᠯᠬᠤ ᠪᠠᠷᠢᠮᠵᠢᠶ᠎ᠠ ᠳᠡᠭᠡᠭᠰᠢᠯᠡᠭᠰᠡᠨ᠎ᠨᠢ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪᠰᠢᠨ ᠨᠠᠩ ᠶᠡᠭᠡ ᠬᠡᠮᠵᠢᠶ᠎ᠡ᠎ᠪᠠᠷ ᠳᠡᠭᠡᠭᠰᠢᠯᠡᠭᠰᠡᠨ᠎ᠠᠴᠠ ᠪᠣᠯᠵᠠᠢ ᠭᠡᠪᠡ᠃
    2003 ᠣᠨ᠎ᠳᠤ 《ᠬᠥᠳᠡᠭᠡ ᠲᠣᠰᠬᠤᠨ᠎ᠤ ᠰᠢᠨ᠎ᠡ ᠬᠡᠯᠪᠡᠷᠢ ᠵᠢᠨ ᠬᠤᠷᠰᠢᠭᠰᠠᠨ ᠡᠮᠴᠢᠯᠡᠭᠡᠨ᠎ᠤ ᠳᠠᠭ᠋ᠠᠳᠬᠠᠯ》 ᠪᠠᠶ᠋ᠢᠭᠤᠯᠤᠭᠳᠠᠭᠰᠠᠨ ᠡᠬᠢᠨ᠎ᠤ ᠬᠤᠭᠤᠴᠠᠭ᠋ᠠᠨ᠎ᠳᠤ 300 ᠭᠠᠷᠤᠶ᠋ᠢᠬᠠᠨ ᠡᠮ᠎ᠤᠨ ᠵᠦᠢ᠍ᠯ᠎ᠢ ᠳᠠᠩᠰᠠ ᠲᠠᠶ᠋ᠢᠯᠬᠤ ᠪᠠᠶ᠋ᠢᠭᠰᠠᠨ ᠪᠣᠯ ᠣᠲᠣ 3088 ᠵᠦᠢ᠍ᠯ᠎ᠤᠨ ᠡᠮ᠎ᠤᠨ ᠵᠦᠢ᠍ᠯ᠎ᠢ ᠡᠮᠴᠢᠯᠡᠭᠡᠨ᠎ᠤ ᠳᠠᠭ᠋ᠠᠳᠬᠠᠯ᠎ᠳᠤ ᠣᠷᠣᠭᠤᠯᠵᠠᠢ; ᠴᠥᠭᠡᠨ ᠪᠤᠰᠤ ᠬᠠᠪᠤᠳᠠᠷ᠂ ᠬᠤᠪᠣᠷ ᠲᠣᠬᠢᠶᠠᠯᠳᠤᠬᠤ ᠡᠪᠡᠳᠴᠢᠨ᠎ᠳᠤ ᠬᠡᠷᠡᠭᠯᠡᠬᠦ ᠡᠮ 《ᠰᠢᠪᠲᠤᠯᠤᠯᠲᠠ》᠎ᠲᠠᠢ ᠪᠣᠯᠵᠤ᠂ ᠲᠣᠰ ᠲᠣᠰ 74 ᠵᠦᠢ᠍ᠯ᠂ 80 ᠭᠠᠷᠤᠢ ᠵᠦᠢ᠍ᠯ᠎ᠢ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠵᠠᠢ ᠁ ᠣᠶ᠋ᠢᠷ᠎ᠠ ᠵᠢᠨ ᠵᠢᠯ᠎ᠤᠳ᠎ᠲᠤ᠂ ᠨᠠᠩ ᠣᠯᠠᠨ ᠡᠪᠡᠳᠴᠢᠲᠡᠳ ᠡᠮ ᠬᠤᠳᠠᠯᠳᠤᠨ ᠠᠪᠴᠤ ᠳᠡᠶ᠋ᠢᠯᠬᠦ᠂ ᠡᠮ ᠤᠤᠭᠤᠵᠤ ᠳᠡᠶ᠋ᠢᠯᠬᠦ ᠪᠣᠯᠵᠠᠢ᠃
    ᠪᠠᠮᠪᠠᠢ ᠪᠤᠯᠴᠢᠷᠬᠠᠢ ᠵᠢᠨ ᠡᠳ᠋᠎ᠤᠨ ᠤᠭᠤᠷᠠᠭ᠎ᠤᠨ ᠴᠠᠷᠳᠠᠭᠤᠯ ᠬᠡᠯᠪᠡᠷᠢᠲᠦ ᠬᠤᠪᠢᠷᠠᠯᠲᠠ᠎ᠲᠠᠢ ᠡᠪᠡᠳᠴᠢᠲᠡᠨ ᠪᠣᠯ ᠳᠠᠷᠤᠢ ᠠᠰᠢᠭ ᠬᠥᠷᠲᠡᠭᠴᠢᠳ᠎ᠤᠨ ᠨᠢᠭᠡ᠎ᠨᠢ ᠮᠥᠨ᠂ ᠲᠡᠳᠡᠨ᠎ᠢ ᠪᠠᠰᠠ 《ᠴᠠᠷᠳᠠᠭᠤᠯ ᠬᠥᠮᠥᠨ》 ᠭᠡᠳᠡᠭ᠂ ᠬᠡᠳᠦᠢ᠌ᠪᠡᠷ ᠡᠮᠨᠡᠨ ᠵᠠᠰᠠᠬᠤ᠎ᠳᠤ ᠬᠡᠷᠡᠭᠯᠡᠬᠦ ᠡᠮ ᠾᠯᠣᠷᠲᠤ ᠪᠧᠨ᠋ᠽᠧᠨ᠋ᠽᠤᠯ ᠬᠦᠴᠢᠯ᠎ᠢ 2020 ᠣᠨ᠎ᠳᠤ ᠤᠯᠤᠰ᠎ᠤᠨ ᠳᠣᠲᠣᠭ᠋ᠠᠳᠤ᠎ᠳᠤ ᠵᠠᠬ᠎ᠠ ᠳᠡᠯᠭᠡᠭᠦᠷ᠎ᠲᠤ ᠭᠠᠷᠭ᠋ᠠᠭᠰᠠᠨ ᠪᠣᠯᠪᠠᠴᠤ ᠬᠠᠶ᠋ᠢᠷᠴᠠᠭ ᠪᠦᠷᠢ ᠵᠢᠨ ᠦᠨ᠎ᠡ᠎ᠨᠢ ᠬᠠᠷᠢᠨ 6 ᠲᠦᠮᠡᠨ ᠲᠥᠭᠦᠷᠢᠭ᠎ᠲᠤ ᠬᠦᠷᠴᠦ᠂ ᠴᠥᠭᠡᠨ ᠪᠤᠰᠤ ᠡᠪᠡᠳᠴᠢᠲᠡᠳ᠎ᠢ ᠵᠣᠷᠢᠭ ᠮᠣᠬᠤᠭ᠋ᠠᠬᠤ᠎ᠳᠤ ᠬᠦᠷᠦᠭᠦᠯᠳᠡᠭ᠃
    《2021 ᠣᠨ᠎ᠳᠤ ᠾᠯᠣᠷᠲᠤ ᠪᠧᠨ᠋ᠽᠧᠨ᠋ᠽᠤᠯ ᠬᠦᠴᠢᠯ᠎ᠤᠨ ᠬᠡᠯᠡᠯᠴᠡᠭᠡ ᠠᠮᠵᠢᠯᠲᠠ ᠣᠯᠵᠤ᠂ ᠣᠳᠣ ᠡᠪᠡᠳᠴᠢᠲᠡᠨ᠎ᠤ ᠰᠠᠷ᠎ᠠ ᠪᠦᠷᠢ ᠵᠢᠨ ᠡᠮ ᠬᠡᠷᠡᠭᠯᠡᠬᠦ ᠵᠠᠷᠤᠳᠠᠯ 3000 ᠲᠥᠭᠦᠷᠢᠭ ᠴᠦ᠍ ᠬᠦᠷᠬᠦ ᠦᠭᠡᠢ ᠪᠣᠯᠵᠠᠢ᠃》 ᠪᠡᠭᠡᠵᠢᠩ᠎ᠤᠨ ᠰᠢᠶᠧ ᠾᠧ ᠡᠮᠨᠡᠯᠭᠡ ᠵᠢᠨ ᠬᠤᠷᠢᠶᠠᠨ᠎ᠤ ᠵᠢᠷᠦᠬᠡᠨ᠎ᠤ ᠳᠣᠲᠣᠷ ᠰᠠᠯᠠᠭ᠋ᠠᠨ᠎ᠤ ᠡᠷᠬᠢᠯᠡᠭᠴᠢ ᠡᠮᠴᠢ ᠲᠢᠶᠠᠨ ᠵᠤᠸᠠᠩ᠎ᠤᠨ ᠲᠠᠨᠢᠯᠴᠠᠭᠤᠯᠤᠭᠰᠠᠨ ᠵᠶ᠋ᠠᠷ᠂ ᠡᠨᠡ ᠬᠤᠶᠠᠷ ᠵᠢᠯ᠎ᠳᠤ ᠮᠠᠰᠢ ᠣᠯᠠᠨ ᠰᠢᠨ᠎ᠡ ᠡᠮ᠂ ᠰᠠᠶ᠋ᠢᠨ ᠡᠮ᠎ᠢ ᠡᠮᠴᠢᠯᠡᠭᠡᠨ᠎ᠤ ᠳᠠᠭ᠋ᠠᠳᠬᠠᠯ᠎ᠳᠤ ᠣᠷᠣᠭᠤᠯᠬᠤ ᠬᠤᠷᠳᠤᠴᠠ ᠲᠦᠷᠭᠡᠳᠴᠦ᠂ ᠤᠯᠤᠰ᠎ᠤᠨ ᠳᠣᠲᠣᠭ᠋ᠠᠳᠤ᠎ᠳᠤ ᠵᠠᠬ᠎ᠠ ᠳᠡᠯᠭᠡᠭᠦᠷ᠎ᠲᠤ ᠭᠠᠷᠤᠭᠰᠠᠨ᠎ᠤ ᠳᠠᠷᠠᠭ᠎ᠠ ᠤᠳᠠᠯ ᠦᠭᠡᠢ ᠲᠣᠭᠲᠠᠭ᠋ᠠᠯ ᠶᠣᠰᠣ᠎ᠪᠠᠷ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠲᠤ ᠣᠷᠣᠭᠤᠯᠵᠤ᠂ ᠡᠪᠡᠳᠴᠢᠲᠡᠳ᠎ᠲᠤ ᠪᠤᠶᠠᠨ ᠦᠢ᠍ᠯᠡᠳᠦᠨ᠎ᠡ ᠭᠡᠵᠡᠢ᠃
    2024 ᠣᠨ᠎ᠤ ᠡᠬᠢᠨ᠎ᠳᠤ᠂ ᠬᠠᠮᠤᠭ᠎ᠤᠨ ᠰᠢᠨ᠎ᠡ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠢ ᠨᠡᠶ᠋ᠢᠲᠡᠯᠡᠵᠦ᠂ ᠡᠭᠦᠨ᠎ᠳᠤ ᠬᠠᠪᠤᠳᠠᠷ᠎ᠲᠤ ᠬᠡᠷᠡᠭᠯᠡᠬᠦ ᠡᠮ᠂ ᠤᠵᠢᠭ ᠡᠪᠡᠳᠴᠢᠨ᠎ᠳᠤ ᠬᠡᠷᠡᠭᠯᠡᠬᠦ ᠡᠮ᠂ ᠬᠤᠪᠣᠷ ᠲᠣᠬᠢᠶᠠᠯᠳᠤᠬᠤ ᠡᠪᠡᠳᠴᠢᠨ᠎ᠳᠤ ᠬᠡᠷᠡᠭᠯᠡᠬᠦ ᠡᠮ ᠵᠡᠷᠭᠡ 126 ᠵᠦᠢ᠍ᠯ᠎ᠤᠨ ᠰᠢᠨ᠎ᠡ ᠡᠮ᠎ᠢ ᠡᠮᠴᠢᠯᠡᠭᠡᠨ᠎ᠤ ᠳᠠᠭ᠋ᠠᠳᠬᠠᠯ᠎ᠳᠤ ᠣᠷᠣᠭᠤᠯᠪᠠ᠃
    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠤᠯᠪᠣᠭᠳᠠᠯ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠣᠳᠣᠬᠠᠨ᠎ᠳᠤ᠂ ᠮᠠᠨ᠎ᠤ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠪᠠᠭᠲᠠᠭ᠋ᠠᠭᠰᠠᠨ᠎ᠨᠢ ᠨᠢᠭᠡᠨᠲᠡ ᠠᠯᠪᠠᠨ᠎ᠤ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠯᠡᠬᠦ ᠡᠮ᠎ᠤᠨ ᠵᠣᠭᠤᠰ᠎ᠤᠨ 90%᠎ᠠᠴᠠ ᠳᠡᠭᠡᠭᠰᠢ ᠲᠦᠷᠦᠯ᠎ᠢ ᠪᠦᠷᠬᠦᠵᠡᠢ᠃ ᠵᠥᠪᠬᠡᠨ 2023 ᠣᠨ᠎ᠤ ᠵᠥᠪᠯᠡᠯᠴᠡᠭᠡ ᠬᠢᠬᠦ ᠬᠤᠭᠤᠴᠠᠭ᠋ᠠᠨ᠎ᠳᠠᠬᠢ ᠬᠡᠯᠡᠯᠴᠡᠭᠡᠷ᠎ᠤᠨ ᠡᠮ᠎ᠤᠨ ᠦᠨ᠎ᠡ ᠵᠢ ᠳᠠᠪᠬᠤᠴᠠᠭᠤᠯᠤᠨ ᠪᠠᠭᠤᠷᠠᠭᠤᠯᠤᠭᠰᠠᠨ ᠪᠠ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠤᠭᠰᠠᠨ᠎ᠨᠢ ᠡᠪᠡᠳᠴᠢᠲᠡᠨ᠎ᠤ ᠳᠠᠷᠤᠭ᠋ᠠᠰᠤ ᠵᠢ ᠨᠢᠭᠡᠨᠲᠡ 2000 ᠳ᠋ᠦᠩᠰᠢᠭᠤᠷ ᠲᠥᠭᠦᠷᠢᠭ᠎ᠠᠴᠠ ᠳᠡᠭᠡᠭᠰᠢ ᠬᠥᠩᠭᠡᠷᠡᠭᠦᠯᠪᠡ ᠭᠡᠵᠡᠢ᠃
    ᠡᠮᠴᠢᠯᠡᠭᠡᠨ᠎ᠤ ᠪᠠᠲᠤᠯᠠᠭ᠎ᠠ ᠵᠢᠨ ᠦᠷᠭᠦᠯᠵᠢᠯᠡᠨ 《ᠬᠡᠪᠴᠢᠶ᠎ᠡ᠎ᠪᠠᠨ ᠥᠷᠭᠡᠳᠬᠡᠬᠦ》 ᠵᠢ ᠳᠠᠭ᠋ᠠᠯᠳᠤᠨ᠂ ᠣᠲᠣ ᠦᠶ᠎ᠡ ᠵᠢᠨ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ ᠵᠢᠨ ᠣᠨᠣᠰᠢᠯᠠᠨ ᠡᠮᠴᠢᠯᠡᠬᠦ ᠮᠡᠷᠭᠡᠵᠢᠯ ᠴᠦ᠍ ᠨᠠᠩ ᠰᠠᠶ᠋ᠢᠨ ᠪᠣᠯᠵᠤ᠂ ᠡᠪᠡᠳᠬᠦ ᠦᠭᠡᠢ ᠮᠡᠰᠡ ᠵᠠᠰᠠᠯ᠂ ᠪᠠᠭ᠎ᠠ ᠰᠢᠷᠬᠠᠨ᠎ᠤ ᠮᠡᠰᠡ ᠵᠠᠰᠠᠯ ᠵᠡᠷᠭᠡ ᠣᠨᠣᠰᠢᠯᠠᠨ ᠡᠮᠴᠢᠯᠡᠬᠦ ᠮᠡᠷᠭᠡᠵᠢᠯ ᠡᠳᠦᠷ ᠢᠷᠡᠬᠦᠶ᠎ᠡ ᠲᠥᠭᠡᠮᠡᠯᠵᠢᠯᠡᠭᠳᠡᠵᠦ ᠪᠠᠶ᠋ᠢᠭ᠎ᠠ ᠪᠦᠭᠡᠳ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠰᠠᠨ ᠪᠠᠶ᠋ᠢᠨ᠎ᠠ᠃
    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠤᠯᠪᠣᠭᠳᠠᠯ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ ᠲᠠᠰᠤᠷᠠᠯᠲᠠ ᠦᠭᠡᠢ ᠲᠡᠭᠦᠯᠳᠡᠷᠵᠢᠵᠦ ᠪᠠᠶ᠋ᠢᠭ᠎ᠠ ᠡᠮᠴᠢᠯᠡᠭᠡᠨ᠎ᠤ ᠳᠠᠭ᠋ᠠᠳᠬᠠᠯ᠎ᠤᠨ ᠳᠦᠷᠢᠮ᠎ᠠᠴᠠ ᠪᠣᠯᠵᠤ᠂ ᠪᠥᠬᠦ ᠤᠯᠤᠰ᠎ᠤᠨ ᠰᠠᠭᠤᠭ᠋ᠠᠯᠢ ᠠᠷᠠᠳ᠎ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ ᠲᠦᠷᠭᠡᠨ ᠵᠶ᠋ᠠᠷ ᠰᠤᠯᠠᠯᠠᠭᠳᠠᠵᠤ᠂ ᠡᠷᠡᠭᠦᠯ ᠮᠡᠨᠳᠦ ᠵᠢᠨ ᠲᠦᠪᠰᠢᠨ ᠢᠯᠡᠳᠲᠡ ᠳᠡᠭᠡᠭᠰᠢᠯᠡᠵᠡᠢ ᠭᠡᠪᠡ᠃
    ᠪᠦᠷᠢᠳᠬᠡᠯ᠎ᠢ ᠦᠨᠳᠦᠰᠦᠯᠡᠪᠡᠯ᠂ 2003 ᠣᠨ᠎ᠠᠴᠠ 2022 ᠣᠨ ᠪᠣᠯᠲᠠᠯ᠎ᠠ᠂ ᠮᠠᠨ᠎ᠤ ᠤᠯᠤᠰ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠣᠨᠣᠰᠢᠯᠠᠨ ᠡᠮᠴᠢᠯᠡᠭᠰᠡᠨ ᠶᠡᠷᠦᠩᠬᠡᠢ ᠬᠥᠮᠥᠨ᠎ᠤ ᠲᠤᠭ᠎ᠠ 20.96 ᠳ᠋ᠦᠩᠰᠢᠭᠤᠷ ᠬᠥᠮᠥᠨ ᠤᠳᠠᠭ᠎ᠠ᠎ᠠᠴᠠ ᠨᠡᠮᠡᠭᠳᠡᠭᠡᠳ 84.2 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠡᠢ; ᠡᠭᠦᠨ᠎ᠤ ᠵᠡᠷᠭᠡ᠎ᠳᠤ᠂ ᠬᠤᠪᠢ ᠬᠥᠮᠥᠨ᠎ᠤ ᠡᠷᠡᠭᠦᠯ ᠬᠠᠮᠠᠭ᠋ᠠᠯᠠᠯ᠎ᠤᠨ ᠵᠠᠷᠤᠯᠭ᠎ᠠ ᠵᠢᠨ ᠪᠥᠬᠦ ᠤᠯᠤᠰ᠎ᠤᠨ ᠡᠷᠡᠭᠦᠯ ᠬᠠᠮᠠᠭ᠋ᠠᠯᠠᠯ᠎ᠤᠨ ᠶᠡᠷᠦᠩᠬᠡᠢ ᠵᠠᠷᠤᠳᠠᠯ᠎ᠳᠤ ᠡᠵᠡᠯᠡᠬᠦ ᠬᠤᠪᠢ ᠵᠢᠨ ᠵᠢᠩ᠎ᠨᠢ 2003 ᠣᠨ᠎ᠳᠤ 55.8% ᠪᠠᠶ᠋ᠢᠭᠰᠠᠨ᠎ᠠᠴᠠ᠎ᠪᠠᠨ 2022 ᠣᠨ᠎ᠳᠤ 27.0% ᠪᠣᠯᠲᠠᠯ᠎ᠠ ᠪᠠᠭᠤᠷᠠᠪᠠ᠃
    ᠲᠣᠰ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠮᠠᠨ᠎ᠤ ᠤᠯᠤᠰ᠎ᠤᠨ ᠬᠥᠮᠥᠨ ᠠᠮᠠ ᠵᠢᠨ ᠨᠠᠰᠤᠵᠢᠯᠲᠠ ᠵᠢᠨ ᠭᠦᠨᠵᠡᠭᠡᠶ᠋ᠢᠷᠡᠬᠦ᠂ ᠣᠯᠠᠨ ᠲᠦᠮᠡᠨ᠎ᠤ ᠡᠮᠴᠢᠯᠡᠭᠡᠨ᠎ᠤ ᠬᠡᠷᠡᠭᠴᠡᠭᠡ ᠳᠡᠭᠡᠭᠰᠢᠯᠡᠬᠦ᠂ ᠡᠮᠴᠢᠯᠡᠭᠡᠨ᠎ᠤ ᠬᠡᠷᠡᠭᠯᠡᠭᠡ ᠵᠢᠨ ᠲᠦᠪᠰᠢᠨ ᠳᠡᠭᠡᠭᠰᠢᠯᠡᠬᠦ ᠵᠢ ᠳᠠᠭ᠋ᠠᠯᠳᠤᠨ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠴᠤᠭᠯᠠᠭᠤᠯᠬᠤ ᠠᠵᠢᠯ᠎ᠢ ᠴᠢᠩᠭ᠋ᠠᠳᠬᠠᠵᠤ᠂ ᠣᠯᠠᠨ ᠲᠦᠮᠡᠨ᠎ᠳᠤ ᠲᠣᠭᠲᠠᠭᠤᠨ ᠪᠥᠭᠡᠳ ᠦᠷᠭᠦᠯᠵᠢᠯᠡᠬᠦᠶ᠋ᠢᠴᠡ ᠪᠠᠲᠤᠯᠠᠭ᠎ᠠ ᠬᠠᠩᠭ᠋ᠠᠬᠤ ᠴᠢᠬᠤᠯᠠᠲᠠᠢ ᠪᠠᠶ᠋ᠢᠨ᠎ᠠ ᠭᠡᠵᠡᠢ᠃
    ᠥᠪᠡᠰᠦᠪᠡᠨ ᠲᠥᠯᠥᠬᠦ ᠳᠠᠷᠤᠭ᠋ᠠᠰᠤ ᠵᠢ ᠬᠥᠩᠭᠡᠯᠡᠵᠦ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ ᠶᠠᠪᠤᠬᠤ ᠳᠣᠲᠣᠮ ᠳᠡᠭᠡᠭᠰᠢᠯᠡᠪᠡ
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠢᠨ᠎ᠡ ᠨᠡᠶ᠋ᠢᠲᠡᠯᠡᠭᠰᠡᠨ 《2022 ᠣᠨ᠎ᠤ ᠮᠠᠨ᠎ᠤ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ》 ᠵᠢ ᠦᠨᠳᠦᠰᠦᠯᠡᠪᠡᠯ᠂ 2022 ᠣᠨ᠎ᠳᠤ ᠪᠥᠬᠦ ᠤᠯᠤᠰ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠭᠦᠳᠡᠨ ᠡᠮᠨᠡᠯᠭᠡ᠎ᠳᠤ ᠣᠨᠣᠰᠢᠯᠠᠨ ᠡᠮᠴᠢᠯᠡᠭᠦᠯᠦᠭᠰᠡᠨ ᠬᠦᠮᠦᠨ ᠤᠳᠠᠭ᠎ᠠ 84.2 ᠳ᠋ᠦᠩᠰᠢᠭᠤᠷ᠎ᠲᠤ ᠬᠦᠷᠴᠦ᠂ ᠳᠤᠮᠳᠠᠴᠢ᠎ᠪᠠᠷ ᠬᠥᠮᠥᠨ ᠪᠦᠷᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ 6 ᠤᠳᠠᠭ᠎ᠠ ᠡᠮᠨᠡᠭᠦᠯᠵᠦ᠂ ᠪᠥᠬᠦ ᠤᠯᠤᠰ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠡᠮᠨᠡᠯᠭᠡ᠎ᠳᠤ ᠰᠠᠭᠤᠭᠰᠠᠨ ᠬᠦᠮᠦᠨ ᠤᠳᠠᠭ᠎ᠠ 2.47 ᠳ᠋ᠦᠩᠰᠢᠭᠤᠷ᠎ᠲᠤ ᠬᠦᠷᠴᠦ᠂ ᠡᠮᠨᠡᠯᠭᠡ᠎ᠳᠤ ᠰᠠᠭᠤᠭᠰᠠᠨ ᠤᠳᠠᠭ᠎ᠠ ᠪᠦᠷᠢ ᠵᠢᠨ ᠳᠤᠮᠳᠠᠴᠢ ᠵᠠᠷᠤᠳᠠᠯ 10860.6 ᠲᠥᠭᠦᠷᠢᠭ᠎ᠲᠤ ᠬᠦᠷᠴᠡᠢ᠃
    ᠰᠠᠭᠤᠭ᠋ᠠᠯᠢ ᠠᠷᠠᠳ᠎ᠤᠨ ᠡᠪᠡᠳᠴᠢᠯᠡᠬᠦ᠂ ᠬᠦᠨᠳᠦ ᠡᠪᠡᠳᠴᠢᠨ ᠣᠯᠬᠤ ᠪᠣᠯᠣᠮᠵᠢ᠎ᠨᠢ ᠵᠠᠶ᠋ᠢᠯᠠᠰᠢ ᠦᠭᠡᠢ ᠶᠤᠮ᠂ ᠡᠪᠡᠳᠴᠢᠨ ᠡᠮᠭᠡᠭ᠎ᠨᠢ ᠴᠥᠭᠡᠨ ᠪᠤᠰᠤ ᠡᠪᠡᠳᠴᠢᠲᠡᠳ᠎ᠲᠤ ᠮᠥᠨ ᠯᠡ ᠵᠣᠬᠢᠬᠤ ᠬᠡᠮᠵᠢᠶᠡᠨ᠎ᠤ ᠠᠵᠤ ᠠᠬᠤᠢ ᠵᠢᠨ ᠳᠠᠷᠤᠭ᠋ᠠᠰᠤ ᠠᠪᠴᠢᠷᠠᠵᠠᠢ᠃
    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠤᠯᠪᠣᠭᠳᠠᠯ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 2003 ᠣᠨ᠎ᠳᠤ 《ᠬᠥᠳᠡᠭᠡ ᠲᠣᠰᠬᠤᠨ᠎ᠤ ᠰᠢᠨ᠎ᠡ ᠬᠡᠯᠪᠡᠷᠢ ᠵᠢᠨ ᠬᠤᠷᠰᠢᠭᠰᠠᠨ ᠡᠮᠴᠢᠯᠡᠭᠡᠨ᠎ᠤ ᠳᠠᠭ᠋ᠠᠳᠬᠠᠯ》᠎ᠤᠨ ᠳᠦᠷᠢᠮ᠎ᠢ ᠪᠠᠶ᠋ᠢᠭᠤᠯᠤᠭᠰᠠᠨ ᠡᠬᠢᠨ᠎ᠤ ᠦᠶ᠎ᠡ᠎ᠳᠤ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠶ᠋ᠢᠯᠬᠤ ᠬᠠᠷᠢᠴᠠᠯ᠎ᠨᠢ ᠨᠡᠶ᠋ᠢᠳᠡᠮ᠎ᠳᠤ᠎ᠪᠠᠨ 30%᠎ᠠᠴᠠ 40% ᠪᠠᠶ᠋ᠢᠵᠤ᠂ ᠣᠯᠠᠨ ᠲᠦᠮᠡᠨ᠎ᠤ ᠥᠪᠡᠰᠦᠪᠡᠨ ᠲᠥᠯᠥᠬᠦ ᠬᠠᠷᠢᠴᠠᠯ᠎ᠨᠢ ᠨᠡᠯᠢᠶᠡᠳ ᠥᠨᠳᠥᠷ᠂ ᠡᠪᠡᠳᠴᠢᠨ ᠦᠵᠡᠭᠦᠯᠬᠦ ᠳᠠᠷᠤᠭ᠋ᠠᠰᠤ᠎ᠨᠢ ᠬᠦᠨᠳᠦ ᠪᠠᠶ᠋ᠢᠪᠠ᠃
    ᠣᠳᠣᠬᠠᠨ᠎ᠳᠤ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠶ᠋ᠢᠯᠬᠤ ᠬᠠᠷᠢᠴᠠᠯ᠎ᠨᠢ 70% ᠣᠷᠴᠢᠮ ᠪᠣᠯᠣᠨ᠎ᠠ᠃ 2022 ᠣᠨ᠎ᠤ ᠭᠤᠷᠪᠠᠳᠤᠭ᠋ᠠᠷ ᠳᠡᠰ᠂ ᠬᠤᠶᠠᠳᠤᠭ᠋ᠠᠷ ᠳᠡᠰ᠂ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ᠎ᠨᠢ ᠲᠣᠰ ᠲᠣᠰ 63.7%᠂ 71.9%᠂ 80.1% ᠪᠣᠯᠣᠨ᠎ᠠ᠃
    ᠣᠶ᠋ᠢᠷ᠎ᠠ ᠵᠢᠨ ᠵᠢᠯ᠎ᠤᠳ᠎ᠲᠤ᠂ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠨᠳᠦ ᠡᠪᠡᠳᠴᠢᠨ᠎ᠤ ᠳᠠᠭ᠋ᠠᠳᠬᠠᠯ ᠪᠠ ᠡᠮᠴᠢᠯᠡᠭᠡᠨ᠎ᠤ ᠠᠪᠤᠷᠠᠨ ᠲᠤᠰᠠᠯᠠᠬᠤ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠨ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠤᠨ ᠬᠠᠷᠠᠭ᠋ᠠᠯᠵᠠᠯ᠎ᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠥᠪᠡᠰᠦᠪᠡᠨ ᠲᠥᠯᠥᠬᠦ ᠳᠠᠷᠤᠭ᠋ᠠᠰᠤ ᠵᠢ ᠤᠯᠠᠮ ᠬᠥᠩᠭᠡᠯᠡᠪᠡ᠃
    ᠵᠢᠱ᠌ᠢᠶᠡᠯᠡᠪᠡᠯ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ 《ᠬᠤᠶᠠᠷ ᠡᠪᠡᠳᠴᠢᠨ》᠎ᠤ ᠡᠭᠦᠳᠡᠨ ᠡᠮᠨᠡᠯᠭᠡ ᠵᠢᠨ ᠡᠮ ᠬᠡᠷᠡᠭᠯᠡᠬᠦ ᠪᠠᠲᠤᠯᠠᠭ᠎ᠠ ᠵᠢᠨ ᠲᠣᠭᠲᠠᠴᠠ ᠦᠭᠡᠢ ᠪᠠᠶ᠋ᠢᠭᠰᠠᠨ᠎ᠠᠴᠠ᠎ᠪᠠᠨ ᠪᠠᠶ᠋ᠢᠬᠤ ᠪᠣᠯᠵᠤ᠂ ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠵᠢᠨ 1.8 ᠳ᠋ᠦᠩᠰᠢᠭᠤᠷ ᠰᠠᠭᠤᠭ᠋ᠠᠯᠢ ᠠᠷᠠᠳ᠎ᠤᠨ 《ᠬᠤᠶᠠᠷ ᠡᠪᠡᠳᠴᠢᠨ》᠎ᠤ ᠡᠪᠡᠳᠴᠢᠲᠡᠳ᠎ᠤᠨ ᠡᠮ ᠬᠡᠷᠡᠭᠯᠡᠬᠦ ᠳᠠᠷᠤᠭ᠋ᠠᠰᠤ ᠵᠢ 799 ᠳ᠋ᠦᠩᠰᠢᠭᠤᠷ ᠲᠥᠭᠦᠷᠢᠭ ᠬᠥᠩᠭᠡᠷᠡᠭᠦᠯᠦᠭᠰᠡᠨ ᠪᠠᠶ᠋ᠢᠨ᠎ᠠ᠃
    ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠳᠡᠭᠡᠭᠰᠢᠯᠡᠯᠲᠡ᠎ᠳᠤ ᠲᠤᠰᠠᠯᠠᠬᠤ ᠵᠢᠨ ᠲᠥᠯᠥᠭᠡ᠂ ᠤᠯᠤᠰ᠎ᠠᠴᠠ ᠰᠠᠭᠤᠭ᠋ᠠᠯᠢ ᠠᠷᠠᠳ᠎ᠤᠨ ᠬᠤᠪᠢ ᠬᠥᠮᠥᠨ᠎ᠤ ᠵᠢᠯ ᠪᠦᠷᠢ ᠵᠢᠨ ᠳᠠᠭ᠋ᠠᠳᠬᠠᠯ᠎ᠳᠤ ᠣᠷᠣᠯᠴᠠᠬᠤ ᠰᠦᠢ᠍ᠳᠬᠡᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠵᠢᠨ ᠬᠠᠮᠲᠤ᠂ ᠡᠳ᠋᠎ᠤᠨ ᠵᠠᠰᠠᠭ᠎ᠠᠴᠠ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠨᠥᠬᠦᠪᠦᠷᠢ ᠵᠢ ᠵᠡᠷᠭᠡ᠎ᠪᠠᠷ ᠳᠡᠭᠡᠭᠰᠢᠯᠡᠭᠦᠯᠪᠡ᠃
    2003 ᠣᠨ᠎ᠠᠴᠠ 2023 ᠣᠨ ᠪᠣᠯᠲᠠᠯ᠎ᠠ᠂ ᠤᠯᠤᠰ᠎ᠤᠨ ᠡᠳ᠋᠎ᠤᠨ ᠵᠠᠰᠠᠭ᠎ᠠᠴᠠ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠨᠥᠬᠦᠪᠦᠷᠢ ᠵᠢ ᠬᠥᠮᠥᠨ ᠪᠦᠷᠢ᠎ᠳᠤ 10 ᠲᠥᠭᠦᠷᠢᠭ᠎ᠠᠴᠠ ᠳᠣᠣᠷ᠎ᠠ ᠪᠠᠶ᠋ᠢᠯᠭ᠋ᠠᠬᠤ ᠦᠭᠡᠢ ᠪᠠᠶ᠋ᠢᠭᠰᠠᠨ᠎ᠠᠴᠠ ᠬᠥᠮᠥᠨ ᠪᠦᠷᠢ᠎ᠳᠤ 640 ᠲᠥᠭᠦᠷᠢᠭ᠎ᠠᠴᠠ ᠳᠣᠣᠷ᠎ᠠ ᠪᠠᠶ᠋ᠢᠯᠭ᠋ᠠᠬᠤ ᠦᠭᠡᠢ ᠪᠣᠯᠭ᠋ᠠᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠡᠷᠦᠬᠡ ᠵᠡᠷᠭᠡ ᠬᠦᠴᠢᠷᠳᠡᠯᠲᠡᠢ ᠬᠥᠮᠥᠰ᠎ᠲᠤ ᠡᠳ᠋᠎ᠤᠨ ᠵᠠᠰᠠᠭ᠎ᠠᠴᠠ ᠪᠥᠬᠦ ᠲᠤᠭ᠎ᠠ᠎ᠪᠠᠷ ᠪᠤᠶᠤ ᠬᠡᠰᠡᠭ ᠨᠥᠬᠦᠪᠦᠷᠢ ᠣᠯᠭᠤᠪᠠ᠃
    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠳ᠋ᠠᠶ᠋ᠢᠲ᠋ᠠ ᠵᠢᠨ ᠢᠯᠡᠷᠡᠭᠦᠯᠦᠭᠰᠡᠨ ᠵᠶ᠋ᠠᠷ᠂ 2023 ᠣᠨ᠎ᠳᠤ ᠮᠠᠨ᠎ᠤ ᠤᠯᠤᠰ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠰᠦᠢ᠍ᠳᠬᠡᠯ ᠲᠤᠰᠢᠶᠠᠭᠰᠠᠨ ᠪᠥᠬᠦ ᠲᠤᠭ᠎ᠠ 3497 ᠳ᠋ᠦᠩᠰᠢᠭᠤᠷ ᠲᠥᠭᠦᠷᠢᠭ᠎ᠲᠤ ᠬᠦᠷᠴᠦ᠂ ᠡᠳ᠋᠎ᠤᠨ ᠵᠠᠰᠠᠭ᠎ᠠᠴᠠ ᠰᠠᠭᠤᠭ᠋ᠠᠯᠢ ᠠᠷᠠᠳ᠎ᠤᠨ ᠰᠦᠢ᠍ᠳᠬᠡᠯ ᠲᠤᠰᠢᠶᠠᠬᠤ᠎ᠳᠤ 6977.59 ᠳ᠋ᠦᠩᠰᠢᠭᠤᠷ ᠲᠥᠭᠦᠷᠢᠭ ᠨᠥᠬᠦᠪᠦᠷᠢᠯᠡᠪᠡ᠃ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠪᠥᠬᠦ ᠵᠢᠯ᠎ᠤᠨ ᠵᠠᠷᠤᠯᠭ᠎ᠠ 10423 ᠳ᠋ᠦᠩᠰᠢᠭᠤᠷ ᠲᠥᠭᠦᠷᠢᠭ᠎ᠲᠤ ᠬᠦᠷᠴᠦ᠂ ᠰᠠᠭᠤᠭ᠋ᠠᠯᠢ ᠠᠷᠠᠳ᠎ᠤᠨ ᠬᠤᠪᠢ ᠬᠥᠮᠥᠨ᠎ᠤ ᠲᠤᠰᠢᠶᠠᠬᠤ ᠰᠦᠢ᠍ᠳᠬᠡᠯ᠎ᠤᠨ ᠪᠥᠬᠦ ᠵᠣᠭᠤᠰ᠎ᠤᠨ ᠲᠤᠭ᠎ᠠ᠎ᠠᠴᠠ ᠬᠤᠯᠠ ᠦᠨᠳᠦᠷ ᠪᠠᠶ᠋ᠢᠪᠠ᠃
    ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠢᠬᠤᠯᠠ ᠨᠥᠬᠦᠪᠦᠷᠢ ᠪᠣᠯᠤᠭᠰᠠᠨ᠎ᠤ ᠬᠤᠪᠢ᠎ᠳᠤ᠂ ᠡᠳ᠋᠎ᠤᠨ ᠵᠠᠰᠠᠭ᠎ᠤᠨ ᠨᠥᠬᠦᠪᠦᠷᠢ ᠪᠠ ᠬᠤᠪᠢ ᠬᠥᠮᠥᠨ᠎ᠤ ᠲᠤᠰᠢᠶᠠᠬᠤ ᠰᠦᠢ᠍ᠳᠬᠡᠯ᠎ᠨᠢ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦᠨ᠎ᠤ ᠲᠠᠲᠠᠭ᠋ᠠᠯ᠎ᠢ ᠬᠠᠮᠲᠤ᠎ᠪᠠᠷ ᠪᠠᠶ᠋ᠢᠭᠤᠯᠵᠤ᠂ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠪᠡ᠃
    ᠡᠮᠴᠢᠯᠡᠭᠡᠨ᠎ᠤ ᠳᠠᠭ᠋ᠠᠳᠬᠠᠯ᠎ᠤᠨ ᠶᠠᠪᠤᠳᠠᠯ᠎ᠨᠢ 《ᠪᠠᠭ᠎ᠠ ᠶᠠᠪᠤᠳᠠᠯ ᠪᠤᠰᠤ》᠂ ᠦᠢ᠍ᠯᠡᠴᠢᠯᠡᠭᠡ ᠵᠢ ᠲᠠᠰᠤᠷᠠᠯᠲᠠ ᠦᠭᠡᠢ ᠲᠠᠰ ᠳᠡᠪᠰᠢᠭᠦᠯᠪᠡ
    ᠪᠥᠬᠦ ᠤᠯᠤᠰ᠎ᠤᠨ 10 ᠲᠦᠮᠡ ᠰᠢᠬᠠᠮ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠮᠤᠵᠢ ᠠᠯᠤᠰᠯᠠᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠦᠢ᠍ᠯᠡᠴᠢᠯᠡᠭᠡ ᠬᠠᠩᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠡᠯᠸᠺᠲᠷᠣᠨ ᠪᠠᠷᠢᠮᠲᠠ ᠵᠢᠨ ᠬᠡᠷᠡᠭᠯᠡᠭᠴᠢᠳ 10 ᠳ᠋ᠦᠩᠰᠢᠭᠤᠷ ᠬᠦᠮᠦᠨ᠎ᠢ ᠳᠠᠪᠠᠵᠤ᠂ ᠡᠯ᠎ᠡ ᠭᠠᠵᠠᠷ᠎ᠤᠨ᠎ᠬᠢᠨ ᠪᠣᠳᠠᠲᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ 132 ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠦᠷᠢᠶᠡᠨ᠎ᠳᠠᠬᠢ ᠠᠷᠠᠳ᠎ᠲᠤ ᠳᠦᠭᠦᠮᠯᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠪᠡ ᠁ ᠣᠶ᠋ᠢᠷ᠎ᠠ ᠵᠢᠨ ᠵᠢᠯ᠎ᠤᠳ᠎ᠲᠤ᠂ ᠡᠮᠴᠢᠯᠡᠭᠡᠨ᠎ᠤ ᠳᠠᠭ᠋ᠠᠳᠬᠠᠯ᠎ᠤᠨ ᠶᠠᠪᠤᠳᠠᠯ 《ᠪᠠᠭ᠎ᠠ ᠶᠠᠪᠤᠳᠠᠯ ᠪᠤᠰᠤ》 ᠪᠣᠯᠵᠤ᠂ ᠠᠯᠢ ᠣᠯᠠᠨ ᠡᠮᠴᠢᠯᠡᠭᠡᠨ᠎ᠤ ᠳᠠᠭ᠋ᠠᠳᠬᠠᠯ᠎ᠤᠨ ᠠᠷᠠᠳ᠎ᠲᠤ ᠳᠦᠭᠦᠮᠯᠡᠬᠦ᠂ ᠠᠷᠠᠳ᠎ᠲᠤ ᠠᠰᠢᠭᠲᠠᠢ ᠦᠢ᠍ᠯᠡᠴᠢᠯᠡᠭᠡ ᠲᠠᠰᠤᠷᠠᠯᠲᠠ ᠦᠭᠡᠢ ᠲᠠᠰ ᠳᠡᠪᠰᠢᠪᠡ᠃
    ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠬᠦ᠎ᠪᠠᠷ ᠵᠢᠱ᠌ᠢᠶᠡᠯᠡᠬᠦ᠎ᠳᠤ᠂ 2003 ᠣᠨ᠎ᠳᠤ 《ᠬᠥᠳᠡᠭᠡ ᠲᠣᠰᠬᠤᠨ᠎ᠤ ᠰᠢᠨ᠎ᠡ ᠬᠡᠯᠪᠡᠷᠢ ᠵᠢᠨ ᠬᠤᠷᠰᠢᠭᠰᠠᠨ ᠡᠮᠴᠢᠯᠡᠭᠡᠨ᠎ᠤ ᠳᠠᠭ᠋ᠠᠳᠬᠠᠯ》᠎ᠳᠤ ᠣᠷᠣᠯᠴᠠᠭᠰᠠᠨ ᠣᠯᠠᠨ ᠲᠦᠮᠡᠨ ᠵᠥᠪᠬᠡᠨ ᠲᠤᠰ ᠰᠢᠶᠠᠨ (ᠲᠣᠭᠤᠷᠢᠭ)᠎ᠤ ᠡᠮᠨᠡᠯᠭᠡ᠎ᠳᠤ ᠡᠮᠨᠡᠭᠦᠯᠪᠡᠯ ᠰᠠᠶᠢ ᠳᠠᠩᠰᠠ ᠲᠠᠶ᠋ᠢᠯᠬᠤ᠎ᠳᠤ ᠳᠥᠭᠦᠮ ᠪᠠᠶ᠋ᠢᠵᠤ᠂ ᠣᠨᠳᠣᠣ ᠭᠠᠵᠠᠷ᠎ᠲᠤ ᠡᠪᠡᠳᠴᠢᠨ ᠦᠵᠡᠭᠦᠯᠪᠡᠯ ᠳᠠᠩᠰᠠ ᠲᠠᠶ᠋ᠢᠯᠬᠤ ᠬᠠᠷᠢᠴᠠᠯ᠎ᠨᠢ ᠪᠠᠭ᠎ᠠ ᠮᠥᠷᠲᠡᠭᠡᠨ ᠰᠢᠭᠤᠳ ᠳ᠋ᠦᠩᠨᠡᠨ ᠪᠣᠳᠣᠵᠤ ᠪᠣᠯᠳᠠᠭ ᠦᠭᠡᠢ ᠪᠠᠶ᠋ᠢᠪᠠ᠃
    ᠣᠳᠣᠬᠠᠨ᠎ᠳᠤ᠂ ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠪᠥᠬᠦ ᠤᠯᠤᠰ᠎ᠤᠨ ᠬᠡᠪᠴᠢᠶᠡᠨ᠎ᠳᠤ ᠳᠡᠯᠭᠡᠷᠡᠭᠦᠯᠵᠦ᠂ ᠪᠥᠬᠦ ᠤᠯᠤᠰ᠎ᠤᠨ 10 ᠲᠦᠮᠡ ᠰᠢᠬᠠᠮ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠮᠤᠵᠢ ᠠᠯᠤᠰᠯᠠᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠦᠢ᠍ᠯᠡᠴᠢᠯᠡᠭᠡ ᠬᠠᠩᠭ᠋ᠠᠪᠠ᠃
    ᠳ᠋ᠠᠶ᠋ᠢᠲ᠋ᠠ᠎ᠠᠴᠠ ᠣᠯᠵᠤ ᠬᠠᠷᠠᠬᠤ᠎ᠨᠢ᠂ 2023 ᠣᠨ᠎ᠳᠤ ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠬᠦ ᠵᠢ ᠰᠦᠯᠵᠢᠶᠡᠨ᠎ᠳᠤ ᠨᠡᠪᠲᠡᠷᠡᠭᠦᠯᠦᠭᠰᠡᠨ ᠡᠮ ᠡᠮᠨᠡᠯᠭᠡ ᠵᠢᠨ ᠪᠠᠶ᠋ᠢᠭᠤᠯᠤᠮᠵᠢ 55 ᠲᠦᠮᠡ᠎ᠳᠤ ᠬᠦᠷᠴᠦ᠂ ᠤᠯᠠᠨ ᠲᠦᠮᠡᠨ᠎ᠤ 1.3 ᠳ᠋ᠦᠩᠰᠢᠭᠤᠷ ᠬᠥᠮᠥᠨ ᠤᠳᠠᠭ᠎ᠠ ᠵᠢᠨ ᠡᠪᠡᠳᠴᠢᠨ ᠦᠵᠡᠭᠦᠯᠬᠦ᠎ᠳᠤ ᠠᠰᠢᠭ ᠬᠦᠷᠲᠡᠭᠡᠵᠦ᠂ 1536.7 ᠳ᠋ᠦᠩᠰᠢᠭᠤᠷ ᠲᠥᠭᠦᠷᠢᠭ ᠣᠷᠣᠯᠠᠨ ᠲᠦᠯᠦᠬᠦ ᠵᠢ ᠪᠠᠭ᠋ᠠᠰᠬᠠᠪᠠ᠃
    《ᠡᠮᠴᠢᠯᠡᠭᠡᠨ᠎ᠤ ᠳᠠᠭ᠋ᠠᠳᠬᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠬᠦ᠂ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠳᠡᠭᠡᠭᠰᠢᠯᠡᠭᠦᠯᠬᠦ᠂ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠡᠷᠭᠡ ᠲᠠᠯ᠎ᠠ᠎ᠠᠴᠠ ᠠᠪᠴᠤ ᠦᠵᠡᠪᠡᠯ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠢᠨᠠᠷ ᠪᠠ ᠦᠨ᠎ᠡ ᠵᠢᠨ ᠬᠠᠷᠢᠴᠠᠯ ᠨᠡᠯᠢᠶᠡᠳ ᠥᠨᠳᠥᠷ ᠪᠠᠶ᠋ᠢᠨ᠎ᠠ᠃》 ᠭᠡᠵᠦ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠯᠠᠨ ᠨᠡᠶ᠋ᠢᠲᠡ ᠵᠢᠨ ᠠᠵᠤ ᠠᠬᠤᠢ ᠵᠢᠨ ᠤᠬᠠᠭ᠋ᠠᠨ ᠰᠤᠳᠤᠯᠬᠤ ᠲᠠᠰᠤᠭ᠎ᠤᠨ ᠡᠷᠬᠢᠯᠡᠭᠴᠢ ᠸᠠᠩ ᠵᠧᠨ ᠬᠡᠯᠡᠪᠡ᠃
    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠢᠯᠡᠷᠬᠡᠶ᠋ᠢᠯᠡᠬᠦ᠎ᠳᠤ᠎ᠪᠠᠨ᠂ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠨᠢ 《ᠡᠪᠡᠳᠴᠢᠯᠡᠬᠦ ᠦᠶ᠎ᠡ᠎ᠳᠤ ᠪᠠᠲᠤᠯᠠᠭ᠎ᠠ᠎ᠲᠠᠢ᠂ ᠡᠪᠡᠳᠴᠢᠨ ᠦᠭᠡᠢ ᠦᠶ᠎ᠡ᠎ᠳᠤ ᠪᠤᠰᠤᠳ᠎ᠲᠤ ᠠᠰᠢᠭᠲᠠᠢ》 ᠶᠤᠮ᠂ ᠡᠨᠡ᠎ᠨᠢ ᠣᠯᠠᠨ ᠲᠦᠮᠡᠨ ᠨᠢᠭᠡᠪᠦᠷᠢ ᠵᠢᠨ ᠡᠪᠡᠳᠴᠢᠨ ᠡᠮᠭᠡᠭ᠎ᠤᠨ ᠲᠦᠭᠰᠢᠭᠦᠷᠢ ᠵᠢᠨ ᠲᠣᠭᠲᠠᠪᠤᠷᠢ ᠦᠭᠡᠢ ᠴᠢᠨᠠᠷ᠎ᠲᠤ ᠬᠠᠨᠳᠤᠬᠤ ᠦᠶ᠎ᠡ ᠵᠢᠨ ᠣᠶᠤᠨᠴᠢ ᠰᠣᠩᠭᠤᠯᠲᠠ ᠮᠥᠨ ᠭᠡᠵᠡᠢ᠃
    ᠡᠨᠡ ᠵᠢᠯ᠎ᠤᠨ ᠪᠦᠬᠦ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠬᠤᠷᠠᠯ ᠳᠡᠭᠡᠷ᠎ᠡ᠂ ᠳᠠᠭ᠋ᠠᠳᠬᠠᠯ᠎ᠳᠤ ᠣᠷᠣᠯᠴᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠰᠤᠳᠤᠯᠤᠨ ᠪᠦᠷᠢᠨᠰᠢᠭᠦᠯᠵᠦ᠂ ᠦᠷᠭᠦᠯᠵᠢᠯᠡᠨ ᠰᠦᠢ᠍ᠳᠬᠡᠯ ᠲᠤᠰᠢᠶᠠᠵᠤ ᠪᠠᠶ᠋ᠢᠭ᠎ᠠ ᠣᠯᠠᠨ ᠲᠦᠮᠡᠨ᠎ᠤ ᠠᠰᠢᠭ ᠭᠥᠷᠳᠡᠬᠦ ᠵᠢ ᠳᠦᠷᠢᠮ ᠵᠶ᠋ᠠᠷ ᠪᠠᠲᠤᠯᠠᠵᠤ᠂ ᠪᠦᠬᠦ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠵᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ