2024 ᠣᠨ᠎ᠤ 3 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠨᠡᠶ᠋ᠢᠲᠡ 4 ᠪᠦᠯᠦᠭ 72 ᠵᠦᠢ᠍ᠯ ᠬᠤᠪᠢᠶᠠᠵᠤ᠂ ᠭᠤᠣᠯᠳᠠᠭᠤ ᠶᠡᠷᠦᠩᠬᠡᠢ ᠱᠠᠭ᠋ᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ᠎ᠪᠠᠷ ᠲᠣᠳᠣᠷᠬᠠᠶ᠋ᠢᠯᠠᠨ ᠦᠭᠦᠯᠡᠪᠡ᠃ ᠡᠨᠡ᠎ᠨᠢ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ 《ᠶᠠᠭᠤ ᠬᠢᠬᠦ᠂ ᠶᠠᠭ᠋ᠠᠬᠢᠵᠤ ᠬᠢᠬᠦ》 ᠲᠤᠬᠠᠢ ᠰᠢᠰᠲ᠋ᠧᠮ᠎ᠲᠠᠢ ᠲᠦᠯᠦᠪᠯᠡᠭᠡ ᠪᠠ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠪᠣᠯᠣᠨ᠎ᠠ᠂ ᠡᠳᠦᠭᠡ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠠᠭᠤᠯᠭ᠎ᠠ᠎ᠳᠤ ᠳᠣᠣᠷᠠᠬᠢ ᠮᠡᠲᠦ ᠲᠠᠶ᠋ᠢᠯᠤᠮᠵᠢ ᠬᠢᠪᠡ᠄
ᠨᠢᠭᠡ᠂ 《ᠬᠡᠷᠡᠭᠵᠢᠭᠦᠯᠬᠦ ᠲᠥᠰᠥᠯ》᠎ᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠤᠢ?
2022 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶ᠎ᠠ 《ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠢᠯᠤᠭᠤᠳᠬᠤ ᠰᠠᠨᠠᠯ》 (ᠲᠥᠷᠥ ᠲᠠᠷᠬᠠᠭ᠋ᠠᠭᠰᠠᠨ [2022] 14 ᠳ᠋ᠦ᠍ᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠨ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈14 · 5〉 ᠵᠢᠨ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠲᠦᠯᠦᠪᠯᠡᠭᠡ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠲᠥᠰᠥᠯ (2021 — 2023 ᠣᠨ)》 ᠵᠡᠷᠭᠡ ᠪᠢᠴᠢᠭ ᠮᠠᠲ᠋ᠧᠷᠢᠶᠠᠯ᠎ᠤᠳ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠥᠯ》᠎ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
ᠬᠤᠶᠠᠷ᠂ 《ᠬᠡᠷᠡᠭᠵᠢᠭᠦᠯᠬᠦ ᠲᠥᠰᠥᠯ》᠎ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ᠎ᠨᠢ ᠶᠠᠭᠤ ᠪᠤᠢ?
《ᠬᠡᠷᠡᠭᠵᠢᠭᠦᠯᠬᠦ ᠲᠥᠰᠥᠯ》᠎ᠢ ᠨᠡᠶ᠋ᠢᠲᠡ 4 ᠬᠡᠰᠡᠭ ᠬᠤᠪᠢᠶᠠᠵᠤ᠂ ᠲᠣᠰ ᠲᠣᠰ ᠶᠡᠷᠦᠩᠬᠡᠢ ᠱᠠᠭ᠋ᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠣᠯᠣᠨ᠎ᠠ᠃ ᠤᠯᠤᠰ᠎ᠤᠨ ᠵᠢᠯᠤᠭᠤᠳᠬᠤ ᠰᠠᠨᠠᠯ᠎ᠤᠨ ᠶᠣᠰᠣᠭ᠋ᠠᠷ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠡᠶ᠋ᠢᠴᠡᠭᠰᠡᠨ 72 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠳᠤᠷᠠᠳᠬᠤ ᠵᠢᠨ ᠬᠠᠮᠲᠤ ᠵᠣᠬᠢᠴᠠᠭᠰᠠᠨ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠬᠦᠰᠦᠨᠦᠭᠲᠦ ᠵᠢ ᠲᠣᠭᠲᠠᠭ᠋ᠠᠵᠤ᠂ ᠬᠡᠷᠡᠭᠵᠢᠭᠦᠯᠬᠦ ᠲᠥᠰᠥᠯ᠎ᠢ ᠨᠠᠶ᠋ᠢᠳᠠᠪᠤᠷᠢᠵᠢᠭᠤᠯᠤᠨ ᠪᠤᠲᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠪᠠ᠃
ᠨᠢᠭᠡᠳᠦᠭᠡᠷ ᠬᠡᠰᠡᠭ ᠶᠡᠷᠦᠩᠬᠡᠢ ᠱᠠᠭ᠋ᠠᠷᠳᠠᠯᠭ᠎ᠠ᠃ ᠵᠢᠯᠤᠭᠤᠳᠬᠤ ᠦᠵᠡᠯ ᠰᠠᠨᠠᠭ᠎ᠠ ᠵᠢ ᠲᠣᠳᠣᠷᠬᠠᠶ᠋ᠢᠯᠠᠵᠤ᠂ 2025 ᠣᠨ ᠪᠠ 2035 ᠣᠨ ᠪᠣᠯᠳᠠᠯᠠᠬᠢ ᠶᠡᠷᠦᠩᠬᠡᠢ ᠬᠠᠷᠠᠯᠲᠠ ᠵᠢ ᠳᠤᠷᠠᠳᠪᠠ᠃
ᠬᠤᠶᠠᠳᠤᠭ᠋ᠠᠷ ᠬᠡᠰᠡᠭ ᠭᠤᠣᠯ ᠡᠭᠦᠷᠭᠡ᠃ ᠵᠠᠰᠠᠭ᠎ᠤᠨ ᠣᠷᠳᠣᠨ᠎ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠬᠦ᠂ ᠳ᠋ᠠᠶ᠋ᠢᠲ᠋ᠠ ᠵᠢᠨ ᠡᠬᠢ ᠪᠠᠶᠠᠯᠢᠭ᠎ᠢ ᠬᠤᠪᠢᠶᠠᠯᠴᠠᠨ ᠨᠡᠭᠡᠭᠡᠯᠲᠡ᠎ᠲᠠᠢ ᠪᠣᠯᠭ᠋ᠠᠬᠤ ᠵᠢ ᠠᠬᠢᠭᠤᠯᠬᠤ᠂ ᠲᠠᠪᠴᠠᠩ᠎ᠤᠨ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠳᠬᠠᠬᠤ᠂ ᠳ᠋ᠢᠵᠢᠲ᠋ᠠᠯ ᠵᠠᠰᠠᠭ᠎ᠤᠨ ᠣᠷᠳᠣᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠪᠤᠨ ᠲᠠᠯ᠎ᠠ ᠵᠢᠨ ᠡᠭᠦᠷᠭᠡ ᠵᠢ ᠲᠣᠳᠣᠷᠬᠠᠶ᠋ᠢᠯᠠᠪᠠ᠃
ᠭᠤᠷᠪᠠᠳᠤᠭ᠋ᠠᠷ ᠬᠡᠰᠡᠭ ᠳ᠋ᠢᠵᠢᠲ᠋ᠠᠯᠴᠢᠯᠠᠭᠰᠠᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠬᠤ᠃ ᠳ᠋ᠢᠵᠢᠲ᠋ᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶ᠋ᠢᠭᠡᠮ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ᠂ ᠰᠠᠶ᠋ᠢᠨ ᠰᠠᠶ᠋ᠢᠬᠠᠨ ᠳ᠋ᠢᠵᠢᠲ᠋ᠠᠯ ᠠᠮᠢ ᠠᠬᠤᠢ ᠵᠢ ᠪᠤᠢ ᠪᠣᠯᠭ᠋ᠠᠬᠤ ᠭᠤᠷᠪᠠᠨ ᠲᠠᠯ᠎ᠠ ᠵᠢᠨ ᠭᠤᠣᠯᠳᠠᠯᠭ᠎ᠠ᠎ᠲᠠᠢ ᠠᠵᠢᠯ᠎ᠢ ᠲᠣᠳᠣᠷᠬᠠᠶ᠋ᠢᠯᠠᠪᠠ᠃
ᠳᠥᠷᠪᠡᠳᠦᠭᠡᠷ ᠬᠡᠰᠡᠭ ᠪᠠᠲᠤᠯᠠᠭ᠎ᠠ ᠵᠢᠨ ᠠᠷᠭ᠎ᠠ ᠬᠡᠮᠵᠢᠶ᠎ᠡ᠃ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠬᠤ᠂ ᠠᠬᠢᠭᠤᠯᠬᠤ ᠲᠣᠭᠲᠠᠴᠠ ᠵᠢ ᠪᠦᠷᠢᠨᠰᠢᠭᠦᠯᠬᠦ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠬᠢᠨᠠᠨ ᠰᠢᠯᠭ᠋ᠠᠯᠲᠠ ᠦᠨᠡᠨᠯᠡᠨ ᠵᠢᠱ᠌ᠢᠯᠲᠡ ᠵᠢ ᠴᠢᠩᠭ᠋ᠠᠳᠬᠠᠬᠤ ᠵᠡᠷᠭᠡ ᠳᠥᠷᠪᠡᠨ ᠲᠠᠯ᠎ᠠ ᠵᠢᠨ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
ᠭᠤᠷᠪᠠ᠂ 《ᠬᠡᠷᠡᠭᠵᠢᠭᠦᠯᠬᠦ ᠲᠥᠰᠥᠯ》᠎ᠤᠨ ᠭᠤᠣᠯ ᠡᠭᠦᠷᠭᠡ᠎ᠨᠢ ᠶᠠᠭᠤ ᠪᠤᠢ?
(ᠨᠢᠭᠡ) ᠵᠠᠰᠠᠭ᠎ᠤᠨ ᠣᠷᠳᠣᠨ᠎ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠦᠨᠳᠦᠰᠦᠯᠡᠨ᠂ ᠠᠵᠤ ᠠᠬᠤᠢ ᠵᠢᠨ ᠲᠣᠬᠢᠷᠠᠭᠤᠯᠬᠤ ᠴᠢᠳᠠᠪᠤᠷᠢ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠬᠤ ᠴᠢᠳᠠᠪᠤᠷᠢ᠂ ᠨᠡᠶ᠋ᠢᠭᠡᠮ᠎ᠤᠨ ᠬᠠᠮᠢᠶᠠᠷᠤᠯᠲᠠ ᠵᠢᠨ ᠴᠢᠳᠠᠪᠤᠷᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠴᠢᠳᠠᠪᠤᠷᠢ᠂ ᠵᠠᠰᠠᠭ᠎ᠤᠨ ᠶᠠᠪᠤᠳᠠᠯ᠎ᠤᠨ ᠠᠵᠢᠯᠯᠠᠭ᠋ᠠᠨ᠎ᠤ ᠬᠦᠴᠦᠨ ᠴᠢᠳᠠᠪᠤᠷᠢ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ 26 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
(ᠬᠤᠶᠠᠷ) ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠳᠦᠷᠢᠮ᠎ᠢ ᠤᠷᠢᠳ ᠵᠶ᠋ᠠᠷ ᠬᠡᠷᠡᠭᠵᠢᠭᠦᠯᠬᠦ ᠵᠠᠷᠴᠢᠮ ᠵᠶ᠋ᠠᠷ᠂ ᠳ᠋ᠢᠵᠢᠲ᠋ᠠᠯᠴᠢᠯᠠᠭᠰᠠᠨ ᠥᠭᠡᠷᠡᠴᠢᠯᠡᠯᠲᠡ᠎ᠪᠠᠷ ᠳᠦᠷᠢᠮ᠎ᠤᠨ ᠰᠢᠨᠡᠴᠢᠯᠡᠯᠲᠡ ᠵᠢ ᠠᠬᠢᠭᠤᠯᠵᠤ᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠪᠠ ᠠᠵᠢᠯᠯᠠᠭ᠋ᠠᠨ᠎ᠤ ᠪᠦᠬᠦᠯᠢ ᠴᠣᠭᠴᠠ᠎ᠪᠠᠷ ᠬᠠᠮᠵᠢᠯᠴᠠᠭᠰᠠᠨ᠂ ᠤᠶᠤᠨᠲᠦ ᠥᠨᠳᠥᠷ ᠪᠦᠲᠦᠮᠵᠢᠲᠡᠢ᠂ ᠲᠣᠭᠲᠠᠭᠤᠨ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠵᠤ᠂ ᠵᠠᠰᠠᠭ᠎ᠤᠨ ᠣᠷᠳᠣᠨ᠎ᠤ ᠵᠠᠰᠠᠯᠲᠠ ᠵᠢᠨ ᠠᠷᠭ᠎ᠠ ᠬᠡᠯᠪᠡᠷᠢ ᠵᠢᠨ ᠬᠤᠪᠢᠰᠤᠯᠲᠠ ᠪᠣᠯᠣᠨ ᠵᠠᠰᠠᠯᠲᠠ ᠵᠢᠨ ᠴᠢᠳᠠᠪᠤᠷᠢ ᠵᠢᠨ ᠳᠡᠭᠡᠭᠰᠢᠯᠡᠯᠲᠡ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠴᠤ᠂ 5 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠵᠠᠢ᠃
(ᠭᠤᠷᠪᠠ) ᠳ᠋ᠠᠶ᠋ᠢᠲ᠋ᠠ ᠵᠢᠨ ᠡᠬᠢ ᠪᠠᠶᠠᠯᠢᠭ᠎ᠢ ᠬᠤᠪᠢᠶᠠᠯᠴᠠᠨ ᠨᠡᠭᠡᠭᠡᠯᠲᠡ᠎ᠲᠠᠢ ᠪᠣᠯᠭ᠋ᠠᠬᠤ ᠵᠢ ᠠᠬᠢᠭᠤᠯᠤᠨ᠎ᠠ᠃ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠰᠠᠭᠤᠷᠢ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠳᠬᠠᠬᠤ᠂ ᠳ᠋ᠠᠶ᠋ᠢᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠬᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ᠎ᠤᠨ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ᠂ ᠳ᠋ᠠᠶ᠋ᠢᠲ᠋ᠠ ᠬᠤᠪᠢᠶᠠᠯᠴᠠᠬᠤ ᠲᠦᠪᠰᠢᠨ᠎ᠢ ᠳᠡᠭᠡᠭᠰᠢᠯᠡᠭᠦᠯᠬᠦ᠂ ᠤᠯᠠᠨ ᠨᠡᠶ᠋ᠢᠲᠡ ᠵᠢᠨ ᠳ᠋ᠠᠶ᠋ᠢᠲ᠋ᠠ ᠵᠢ ᠨᠡᠭᠡᠭᠡᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠬᠦ᠂ ᠳ᠋ᠠᠶ᠋ᠢᠲ᠋ᠠ ᠵᠢ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ ᠵᠡᠷᠭᠡ ᠲᠠᠯ᠎ᠠ᠎ᠪᠠᠷ 7 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠵᠠᠢ᠃
(ᠳᠥᠷᠪᠡ) ᠲᠠᠪᠴᠠᠩ᠎ᠤᠨ ᠲᠤᠰᠠᠯᠠᠮᠵᠢ ᠵᠢᠨ ᠴᠢᠳᠠᠪᠤᠷᠢ ᠵᠢ ᠴᠢᠩᠭ᠋ᠠᠷᠠᠭᠤᠯᠤᠨ᠎ᠠ᠃ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠤᠨ ᠲᠣᠭᠲᠠᠯᠴᠠᠭ᠎ᠠ ᠵᠢ ᠪᠠᠶ᠋ᠢᠭᠤᠯᠬᠤ᠂ ᠡᠷᠴᠢᠮᠵᠢᠭᠦᠯᠦᠭᠰᠡᠨ ᠵᠠᠰᠠᠭ᠎ᠤᠨ ᠶᠠᠪᠤᠳᠠᠯ᠎ᠤᠨ ᠡᠭᠦᠯᠡᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ᠂ ᠡᠷᠴᠢᠮᠵᠢᠭᠦᠯᠦᠭᠰᠡᠨ ᠨᠠᠶ᠋ᠢᠳᠠᠪᠤᠷᠢᠲᠠᠢ ᠡᠯᠸᠺᠲᠷᠣᠨ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢ ᠪᠠᠶ᠋ᠢᠭᠤᠯᠬᠤ᠂ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠲᠤᠰᠬᠠᠢ ᠰᠦᠯᠵᠢᠶ᠎ᠡ ᠵᠢ ᠡᠮᠬᠢᠯᠡᠨ ᠨᠡᠶ᠋ᠢᠯᠡᠭᠦᠯᠬᠦ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶ᠋ᠢᠲᠡᠴᠢ ᠴᠢᠨᠠᠷᠲᠠᠢ ᠬᠡᠷᠡᠭᠯᠡᠭᠡᠨ᠎ᠤ ᠡᠷᠴᠢᠮᠵᠢᠭᠦᠯᠦᠭᠰᠡᠨ ᠪᠠᠶ᠋ᠢᠭᠤᠯᠤᠯᠲᠠ ᠵᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶ᠋ᠢᠲᠡᠴᠢ ᠴᠢᠨᠠᠷᠲᠠᠢ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠬᠤ ᠵᠡᠷᠭᠡ ᠲᠠᠯ᠎ᠠ᠎ᠪᠠᠷ 6 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
(ᠲᠠᠪᠤ) ᠳ᠋ᠢᠵᠢᠲ᠋ᠠᠯ ᠵᠠᠰᠠᠭ᠎ᠤᠨ ᠣᠷᠳᠣᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠬᠦ᠂ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ᠂ ᠤᠯᠤᠰ᠎ᠤᠨ ᠨᠢᠭᠤᠴᠠ᠎ᠳᠤ ᠬᠤᠯᠪᠣᠭᠳᠠᠬᠤ ᠰᠢᠰᠲ᠋ᠧᠮ᠎ᠤᠨ ᠬᠠᠮᠢᠶ᠎ᠠ ᠪᠦᠬᠦᠢ ᠳᠦᠷᠢᠮ᠎ᠢ ᠨᠠᠶ᠋ᠢᠳᠠᠪᠤᠷᠢᠵᠢᠭᠤᠯᠬᠤ᠂ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶ᠎ᠠ ᠪᠦᠬᠦᠢ ᠳᠦᠷᠢᠮ᠎ᠢ ᠨᠠᠶ᠋ᠢᠳᠠᠪᠤᠷᠢᠵᠢᠭᠤᠯᠬᠤ᠂ ᠰᠦᠯᠵᠢᠶᠡᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠳ᠋ᠠᠶ᠋ᠢᠲ᠋ᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠴᠢᠩᠭ᠋ᠠᠳᠬᠠᠬᠤ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠠᠮᠤᠷ ᠲᠦᠪᠰᠢᠨ᠎ᠤ ᠦᠨᠡᠯᠡᠨ ᠵᠢᠱ᠌ᠢᠯᠲᠡ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ 9 ᠵᠦᠢ᠍ᠯ᠎ᠤᠨ ᠠᠷᠭ᠎ᠠ ᠪᠠᠷᠢᠯ᠎ᠢ ᠨᠠᠷᠢᠯᠢᠭᠵᠢᠭᠤᠯᠪᠠ᠃
ᠳᠥᠷᠪᠡ᠂ 《ᠬᠡᠷᠡᠭᠵᠢᠭᠦᠯᠬᠦ ᠲᠥᠰᠥᠯ》᠎ᠢ ᠪᠤᠲᠠᠲᠠᠶ᠋ᠢᠵᠢᠭᠤᠯᠤᠨ ᠦᠷ᠎ᠡ ᠪᠦᠲᠦᠮᠵᠢ ᠣᠯᠬᠤ ᠵᠢ ᠬᠡᠷᠬᠢᠨ ᠪᠠᠲᠤᠯᠠᠬᠤ ᠪᠣᠶ?
《ᠬᠡᠷᠡᠭᠵᠢᠭᠦᠯᠬᠦ ᠲᠥᠰᠥᠯ》᠎ᠨᠢ ᠨᠠᠮ᠎ᠤᠨ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠣᠭᠤᠷᠢᠨ᠎ᠳᠤ᠂ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ᠂ ᠤᠳᠤᠷᠢᠳᠬᠤ ᠲᠣᠭᠲᠠᠴᠠ ᠵᠢ ᠪᠦᠷᠢᠨᠰᠢᠭᠦᠯᠬᠦ᠂ ᠠᠬᠢᠭᠤᠯᠬᠤ ᠲᠣᠭᠲᠠᠴᠠ ᠵᠢ ᠪᠠᠶ᠋ᠢᠭᠤᠯᠬᠤ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ ᠮᠡᠷᠭᠡᠰᠢᠯ᠎ᠤᠨ ᠬᠥᠮᠦᠵᠢᠯ᠎ᠢ ᠴᠢᠩᠭ᠋ᠠᠳᠬᠠᠬᠤ᠂ ᠺᠠᠳ᠋ᠷ᠎ᠤᠨ ᠪᠣᠯᠪᠠᠰᠤᠷᠠᠯ᠎ᠢ ᠴᠢᠩᠭ᠋ᠠᠳᠬᠠᠬᠤ᠂ ᠣᠨᠣᠯ᠎ᠤᠨ ᠰᠤᠳᠤᠯᠭ᠋ᠠᠨ᠎ᠢ ᠴᠢᠩᠭ᠋ᠠᠳᠬᠠᠬᠤ᠂ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠬᠤ᠂ ᠦᠨᠡᠯᠡᠨ ᠵᠢᠱ᠌ᠢᠬᠦ ᠲᠣᠭᠲᠠᠯᠴᠠᠭ᠎ᠠ ᠵᠢ ᠪᠦᠷᠢᠯᠳᠦᠭᠦᠯᠬᠦ 9 ᠵᠦᠢ᠍ᠯ᠎ᠤᠨ ᠠᠷᠭ᠎ᠠ ᠪᠠᠷᠢᠯ᠎ᠢ ᠳᠤᠷᠠᠳᠤᠨ ᠭᠠᠷᠭ᠋ᠠᠵᠤ᠂ ᠡᠯ᠎ᠡ ᠵᠦᠢ᠍ᠯ᠎ᠤᠨ ᠡᠭᠦᠷᠭᠡ ᠵᠢ ᠪᠤᠲᠠᠲᠠᠶ᠋ᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠪᠠ᠃