ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠡᠦᠬᠡᠳ᠎ᠤᠨ ᠲᠤᠰᠬᠠᠢ ᠰᠠᠯᠠᠭ᠎ᠠ ᠵᠢ ᠴᠢᠩᠭ᠋ᠠᠳᠬᠠᠵᠤ ᠡᠮᠴᠢᠯᠡᠭᠡᠨ᠎ᠤ ᠦᠢ᠍ᠯᠡᠴᠢᠯᠡᠭᠡ ᠵᠢ ᠰᠠᠶ᠋ᠢᠵᠢᠷᠠᠭᠤᠯᠤᠨ᠎ᠠ — 2024 ᠣᠨ᠎ᠤ ᠡᠮᠴᠢᠯᠡᠭᠡ ᠪᠠ ᠡᠬᠡ ᠨᠢᠯᠬᠠᠰ᠎ᠤᠨ ᠡᠷᠡᠭᠦᠯ ᠮᠡᠨᠳᠦ᠎ᠳᠤ ᠢᠩᠭᠢᠵᠦ ᠬᠦᠴᠦᠯᠡᠨ᠎ᠡ
ᠨᠡᠶ᠋ᠢᠲᠡᠯᠡᠭᠰᠡᠨ ᠴᠠᠭ᠄ 2024-04-19

    ᠡᠷᠡᠭᠦᠯ ᠮᠡᠨᠳᠦ᠎ᠨᠢ ᠬᠥᠮᠥᠨ ᠨᠢᠭᠡᠪᠦᠷᠢ᠎ᠲᠠᠢ ᠨᠢᠭᠲᠠ ᠬᠤᠯᠪᠣᠭ᠎ᠠ᠎ᠲᠠᠢ᠂ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠨᠢ ᠨᠠᠩ ᠴᠤ᠌ ᠭᠡᠷ ᠪᠦᠯᠢ ᠨᠢᠭᠡᠪᠦᠷᠢ ᠵᠢ ᠨᠥᠯᠥᠭᠡᠯᠡᠵᠦ ᠪᠠᠶ᠋ᠢᠳᠠᠭ᠂ ᠬᠡᠦᠬᠡᠳ᠎ᠤᠨ ᠰᠠᠯᠠᠭ᠋ᠠᠨ᠎ᠤ ᠣᠨᠣᠰᠢᠯᠠᠯᠲᠠ ᠡᠮᠴᠢᠯᠡᠭᠡ ᠵᠢ ᠬᠡᠷᠬᠢᠨ ᠵᠢᠭᠳᠡ ᠴᠢᠨᠠᠷᠵᠢᠭᠤᠯᠤᠨ ᠵᠢᠷᠤᠮᠵᠢᠭᠤᠯᠬᠤ ᠵᠢ ᠠᠬᠢᠭᠤᠯᠬᠤ ᠪᠣᠶ? ᠡᠪᠡᠳᠴᠢᠨ ᠡᠪᠡᠳᠴᠢᠲᠡᠨ᠎ᠤ ᠠᠰᠠᠭᠤᠳᠠᠯ᠎ᠢ ᠬᠡᠷᠬᠢᠨ ᠠᠯᠢ ᠴᠢᠳᠠᠬᠤ᠎ᠪᠠᠷ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠰᠢᠢ᠍ᠳᠪᠦᠷᠢᠯᠡᠬᠦ ᠪᠣᠶ?
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ 19᠎ᠤ ᠡᠳᠦᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ 《ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠵᠢ ᠬᠠᠮᠠᠭ᠋ᠠᠯᠠᠶ᠎ᠠ》 ᠭᠡᠬᠦ ᠰᠡᠳᠦᠪ᠎ᠤᠨ ᠲᠣᠭᠤᠷᠢᠨ᠎ᠳᠤ᠂ ᠡᠮᠴᠢᠯᠡᠭᠡ᠂ ᠦᠨᠳᠦᠰᠦᠨ ᠱᠠᠲᠤ ᠪᠠ ᠡᠬᠡ ᠨᠢᠯᠬᠠᠰ᠎ᠤᠨ ᠡᠷᠡᠭᠦᠯ ᠮᠡᠨᠳᠦ ᠵᠢᠨ ᠬᠤᠯᠪᠣᠭᠳᠠᠯ ᠪᠦᠬᠦᠢ ᠠᠵᠢᠯ ᠵᠢᠴᠢ ᠳᠠᠷᠠᠭ᠎ᠠ ᠵᠢᠨ ᠠᠵᠢᠯ᠎ᠤᠨ ᠲᠥᠯᠥᠪᠯᠡᠭᠡ ᠵᠢ ᠭᠤᠣᠯᠳᠠᠯᠭ᠎ᠠ᠎ᠲᠠᠢ ᠲᠠᠨᠢᠯᠴᠠᠭᠤᠯᠪᠠ᠃
    ᠬᠡᠦᠬᠡᠳ᠎ᠤᠨ ᠰᠠᠯᠠᠭ᠋ᠠᠨ᠎ᠤ ᠭᠤᠣᠯᠳᠠᠯᠭ᠎ᠠ᠎ᠲᠠᠢ 67 ᠲᠤᠰᠬᠠᠢ ᠰᠠᠯᠠᠭ᠋ᠠᠨ᠎ᠤ ᠪᠠᠶ᠋ᠢᠭᠤᠯᠤᠯᠲᠠ ᠵᠢ ᠳᠡᠮᠵᠢᠵᠦ ᠬᠡᠦᠬᠡᠳ᠎ᠤᠨ ᠰᠠᠯᠠᠭ᠋ᠠᠨ᠎ᠤ ᠣᠨᠣᠰᠢᠯᠠᠯᠲᠠ ᠡᠮᠴᠢᠯᠡᠭᠡ ᠵᠢ ᠵᠢᠭᠳᠡ ᠴᠢᠨᠠᠷᠵᠢᠭᠤᠯᠬᠤ ᠵᠢ ᠠᠬᠢᠭᠤᠯᠤᠨ᠎ᠠ
    ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠨᠢ ᠭᠡᠷ ᠪᠦᠯᠢ ᠨᠢᠭᠡᠪᠦᠷᠢ᠎ᠲᠠᠢ ᠬᠤᠯᠪᠣᠭᠳᠠᠵᠤ ᠪᠠᠶ᠋ᠢᠳᠠᠭ᠂ ᠬᠡᠦᠬᠡᠳ᠎ᠤᠨ ᠰᠠᠯᠠᠭ᠋ᠠᠨ᠎ᠤ ᠡᠮᠴᠢ ᠬᠦᠷᠦᠯᠴᠡᠬᠦ ᠦᠭᠡᠢ ᠪᠤᠶᠤ ᠣᠷᠣᠨ ᠪᠦᠰᠡ ᠵᠢᠨ ᠲᠠᠷᠬᠠᠯᠲᠠ ᠲᠡᠭᠰᠢ ᠪᠤᠰᠤ ᠪᠠᠶ᠋ᠢᠬᠤ ᠦᠵᠡᠭᠳᠡᠯ᠎ᠢ ᠬᠡᠷᠬᠢᠨ ᠰᠢᠢ᠍ᠳᠪᠦᠷᠢᠯᠡᠬᠦ ᠪᠣᠶ?
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠮᠴᠢᠯᠡᠭᠡᠨ᠎ᠤ ᠵᠠᠰᠠᠭ᠎ᠤᠨ ᠵᠤᠷᠭ᠋ᠠᠨ᠎ᠤ ᠳᠡᠳ᠋ ᠳᠠᠷᠤᠭ᠎ᠠ ᠯᠢ ᠳ᠋ᠡ ᠴᠤᠸᠠᠨ᠎ᠤ ᠲᠠᠨᠢᠯᠴᠠᠭᠤᠯᠤᠭᠰᠠᠨ ᠵᠶ᠋ᠠᠷ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠬᠡᠦᠬᠡᠳ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠢᠳᠡᠪᠬᠢᠲᠡᠢ ᠪᠦᠷᠢᠨᠰᠢᠭᠦᠯᠵᠦ᠂ ᠤᠯᠤᠰ᠎ᠤᠨ ᠬᠡᠦᠬᠡᠳ᠎ᠤᠨ ᠠᠨᠠᠭ᠋ᠠᠬᠤ ᠤᠬᠠᠭ᠋ᠠᠨ᠎ᠤ ᠲᠥᠪ᠎ᠢ 2 ᠪᠠ ᠤᠯᠤᠰ᠎ᠤᠨ ᠬᠡᠦᠬᠡᠳ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ 5 ᠲᠣᠬᠢᠷᠠᠭᠤᠯᠵᠤ᠂ ᠬᠡᠦᠬᠡᠳ᠎ᠤᠨ ᠰᠠᠯᠠᠭ᠋ᠠᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠤᠯᠤᠰ᠎ᠤᠨ ᠡᠮᠴᠢᠯᠡᠭᠡᠨ᠎ᠤ ᠭᠤᠣᠯᠳᠠᠯᠭ᠎ᠠ᠎ᠲᠠᠢ 67 ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠳᠡᠮᠵᠢᠵᠦ᠂ ᠡᠮᠴᠢᠯᠡᠭᠡᠨ᠎ᠤ ᠬᠤᠯᠪᠣᠭ᠎ᠠ᠎ᠳᠤ ᠲᠦᠰᠢᠭᠯᠡᠨ ᠬᠡᠦᠬᠡᠳ᠎ᠤᠨ ᠡᠮᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠬᠡᠦᠬᠡᠳ᠎ᠤᠨ ᠰᠠᠯᠠᠭ᠋ᠠᠨ᠎ᠤ ᠡᠮᠴᠢᠯᠡᠭᠡᠨ᠎ᠤ ᠰᠢᠯᠢᠳᠡᠭ ᠡᠬᠢ ᠪᠠᠶᠠᠯᠢᠭ᠎ᠤᠨ ᠪᠣᠯᠣᠮᠵᠢᠲᠤ ᠴᠢᠨᠠᠷ᠎ᠢ ᠳᠡᠭᠡᠭᠰᠢᠯᠡᠭᠦᠯᠪᠡ᠃
    ᠯᠢ ᠳ᠋ᠡ ᠴᠤᠸᠠᠨ ᠢᠯᠡᠷᠬᠡᠶ᠋ᠢᠯᠡᠬᠦ᠎ᠳᠤ᠎ᠪᠠᠨ᠂ 2024 ᠣᠨ᠎ᠳᠤ ᠬᠡᠦᠬᠡᠳ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ ᠪᠣᠯᠭ᠋ᠠᠨ᠎ᠳᠤ ᠨᠢᠭᠡᠨ ᠥᠨᠳᠥᠷ ᠲᠦᠪᠰᠢᠨ ᠪᠦᠬᠦᠢ ᠬᠡᠦᠬᠡᠳ᠎ᠤᠨ ᠲᠤᠰᠬᠠᠢ ᠡᠮᠨᠡᠯᠭᠡ ᠪᠤᠶᠤ ᠶᠡᠷᠦᠩᠬᠡᠶ᠋ᠢᠯᠡᠭᠰᠡᠨ ᠡᠮᠨᠡᠯᠭᠡ ᠵᠢᠨ ᠬᠡᠦᠬᠡᠳ᠎ᠤᠨ ᠰᠠᠯᠠᠭ᠎ᠠ ᠪᠠᠶ᠋ᠢᠭᠤᠯᠬᠤ ᠵᠢ ᠱᠠᠭ᠋ᠠᠷᠳᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ 24 ᠴᠠᠭ ᠵᠶ᠋ᠠᠷ ᠠᠪᠤᠷᠠᠨ ᠵᠠᠰᠠᠬᠤ ᠰᠠᠭ᠋ᠠᠳ ᠦᠭᠡᠢ ᠵᠠᠮ ᠪᠠ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠬᠡᠦᠬᠡᠳ᠎ᠤᠨ ᠰᠠᠯᠠᠭ᠋ᠠᠨ᠎ᠤ ᠡᠮᠨᠡᠯᠭᠡ᠎ᠳᠤ ᠰᠠᠭᠤᠬᠤ ᠡᠮᠴᠢ ᠵᠢᠨ ᠵᠢᠷᠤᠮᠵᠢᠭᠰᠠᠨ ᠪᠣᠯᠪᠠᠰᠤᠷᠠᠯ᠎ᠤᠨ ᠬᠡᠪᠴᠢᠶ᠎ᠡ ᠵᠢ ᠥᠷᠭᠡᠳᠬᠡᠨ᠂ ᠬᠡᠦᠬᠡᠳ᠎ᠤᠨ ᠰᠠᠯᠠᠭ᠋ᠠᠨ᠎ᠤ ᠮᠡᠷᠭᠡᠵᠢᠯ᠎ᠤᠨ ᠡᠮᠨᠡᠯᠭᠡ᠎ᠳᠤ ᠰᠠᠭᠤᠬᠤ ᠡᠮᠴᠢ ᠵᠢᠨ ᠵᠢᠷᠤᠮᠵᠢᠭᠰᠠᠨ ᠪᠣᠯᠪᠠᠰᠤᠷᠠᠯ᠎ᠤᠨ ᠰᠠᠭᠤᠷᠢᠨ ᠭᠠᠵᠠᠷ ᠪᠠ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠡᠦᠬᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠭᠤᠮᠵᠢ ᠪᠠ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ ᠭᠡᠵᠡᠢ᠃
    82.7% ᠵᠢᠨ ᠬᠤᠶᠠᠳᠤᠭ᠋ᠠᠷ ᠳᠡᠰ᠎ᠠᠴᠠ ᠳᠡᠭᠡᠭᠰᠢᠬᠢ ᠠᠯᠪᠠᠨ᠎ᠤ ᠪᠠᠶ᠋ᠢᠭᠤᠯᠤᠭᠰᠠᠨ ᠡᠮᠨᠡᠯᠭᠡ᠎ᠳᠤ ᠪᠣᠯᠵᠣᠬᠤ ᠦᠢ᠍ᠯᠡᠴᠢᠯᠡᠭᠡ ᠦᠷᠨᠢᠭᠦᠯᠦᠭᠰᠡᠨ ᠪᠦᠭᠡᠳ 《ᠨᠠᠩ ᠳᠣᠲᠣᠨᠣᠰᠤᠭ ᠡᠮᠴᠢᠯᠡᠭᠡᠨ᠎ᠤ ᠦᠢ᠍ᠯᠡᠴᠢᠯᠡᠭᠡ》 ᠬᠠᠩᠭ᠋ᠠᠨ᠎ᠠ
    ᠣᠳᠣᠬᠠᠨ᠎ᠳᠤ ᠨᠢᠭᠡᠨᠲᠡ 82.7% ᠵᠢᠨ ᠬᠤᠶᠠᠳᠤᠭ᠋ᠠᠷ ᠳᠡᠰ᠎ᠠᠴᠠ ᠳᠡᠭᠡᠭᠰᠢᠬᠢ ᠠᠯᠪᠠᠨ᠎ᠤ ᠪᠠᠶ᠋ᠢᠭᠤᠯᠤᠭᠰᠠᠨ ᠡᠮᠨᠡᠯᠭᠡ᠎ᠳᠤ ᠪᠣᠯᠵᠣᠨ ᠣᠨᠣᠰᠢᠯᠠᠵᠤ ᠡᠮᠴᠢᠯᠡᠭᠦᠯᠬᠦ ᠦᠢ᠍ᠯᠡᠴᠢᠯᠡᠭᠡ ᠦᠷᠨᠢᠭᠦᠯᠵᠦ᠂ ᠪᠦᠬᠦ ᠤᠯᠤᠰ᠎ᠤᠨ ᠭᠤᠷᠪᠠᠳᠤᠭ᠋ᠠᠷ ᠳᠡᠰ᠎ᠤᠨ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠪᠣᠯᠵᠣᠨ ᠣᠨᠣᠰᠢᠯᠠᠵᠤ ᠡᠮᠴᠢᠯᠡᠭᠦᠯᠬᠦ ᠳᠤᠮᠳᠠᠴᠢ ᠨᠣᠷᠮ᠎ᠠ 61.1%᠎ᠳᠤ ᠬᠦᠷᠴᠡᠢ᠃
    ᠯᠢ ᠳ᠋ᠡ ᠴᠤᠸᠠᠨ ᠲᠠᠨᠢᠯᠴᠠᠭᠤᠯᠬᠤ᠎ᠳᠤ᠎ᠪᠠᠨ᠂ ᠡᠮᠴᠢᠯᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠵᠤ᠂ ᠡᠪᠡᠳᠴᠢᠨ ᠦᠵᠡᠭᠦᠯᠦᠭᠰᠡᠨ ᠲᠥᠷᠥᠭᠳᠡᠯ᠎ᠢ ᠰᠠᠶ᠋ᠢᠵᠢᠷᠠᠭᠤᠯᠬᠤ ᠪᠣᠯ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ ᠨᠢᠭᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ ᠮᠥᠨ᠃ 2015 ᠣᠨ᠎ᠠᠴᠠ 2020 ᠣᠨ ᠪᠣᠯᠲᠠᠯ᠎ᠠ ᠵᠠᠯᠭ᠋ᠠᠭ᠎ᠠ᠎ᠪᠠᠷ ᠬᠡᠷᠡᠭᠵᠢᠭᠦᠯᠦᠭᠰᠡᠨ ᠡᠮᠴᠢᠯᠡᠭᠡᠨ᠎ᠤ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠠᠶ᠋ᠢᠵᠢᠷᠠᠭᠤᠯᠬᠤ ᠬᠤᠶᠠᠷ ᠡᠭᠡᠯᠵᠢ ᠵᠢᠨ ᠠᠵᠢᠯᠯᠠᠭ᠋ᠠᠨ᠎ᠤ ᠲᠥᠯᠥᠪᠯᠡᠭᠡ ᠪᠠ 2023 ᠣᠨ᠎ᠳᠤ ᠡᠬᠢᠯᠡᠭᠦᠯᠦᠭᠰᠡᠨ 《ᠡᠪᠡᠳᠴᠢᠨ ᠦᠵᠡᠭᠦᠯᠦᠭᠰᠡᠨ ᠲᠥᠷᠥᠭᠳᠡᠯ᠎ᠢ ᠰᠠᠶ᠋ᠢᠵᠢᠷᠠᠭᠤᠯᠵᠤ ᠡᠪᠡᠳᠴᠢᠲᠡᠨ᠎ᠤ ᠪᠡᠶᠡᠴᠢ ᠣᠶ᠋ᠢᠯᠠᠭ᠋ᠠᠯᠲᠠ ᠵᠢ ᠳᠡᠭᠡᠭᠰᠢᠯᠡᠭᠦᠯᠬᠦ》 ᠰᠡᠳᠦᠪᠲᠦ ᠠᠵᠢᠯᠯᠠᠭ᠎ᠠ᠎ᠳᠤ ᠴᠥᠮ ᠴᠠᠭ ᠬᠤᠪᠢᠶᠠᠵᠤ ᠪᠣᠯᠵᠣᠨ ᠡᠮᠴᠢᠯᠡᠭᠦᠯᠬᠦ᠂ ᠡᠪᠡᠳᠴᠢᠲᠡᠨ᠎ᠤ ᠡᠭᠦᠳᠡᠨ ᠡᠮᠨᠡᠯᠭᠡ᠎ᠳᠤ ᠬᠦᠯᠢᠶᠡᠬᠦ ᠴᠠᠭ᠎ᠢ ᠪᠣᠭᠤᠨᠢᠰᠬᠠᠬᠤ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ ᠭᠡᠪᠡ᠃
    ᠯᠢ ᠳ᠋ᠡ ᠴᠤᠸᠠᠨ ᠢᠯᠡᠷᠬᠡᠶ᠋ᠢᠯᠡᠬᠦ᠎ᠳᠤ᠎ᠪᠠᠨ᠂ 2024 ᠣᠨ᠎ᠳᠤ ᠦᠢ᠍ᠯᠡᠴᠢᠯᠡᠭᠡ ᠵᠢ ᠰᠠᠶ᠋ᠢᠵᠢᠷᠠᠭᠤᠯᠬᠤ 《ᠵᠢᠭ᠋ᠠᠬᠠᠨ ᠭᠠᠷᠳᠠᠴᠠ》᠎ᠪᠠᠷ ᠡᠪᠡᠳᠴᠢᠨ ᠦᠵᠡᠭᠦᠯᠵᠦ ᠡᠮᠨᠡᠭᠦᠯᠬᠦ 《ᠶᠡᠭᠡ ᠠᠷᠠᠳ᠎ᠤᠨ ᠠᠮᠢᠳᠤᠷᠠᠯ》᠎ᠢ ᠦᠷᠭᠦᠯᠵᠢᠯᠡᠨ ᠳᠠᠶ᠋ᠢᠴᠢᠯᠠᠵᠤ᠂ ᠡᠮᠴᠢᠯᠡᠭᠡᠨ᠎ᠤ ᠬᠤᠯᠪᠣᠭ᠎ᠠ᠎ᠳᠤ ᠲᠦᠰᠢᠭᠯᠡᠨ ᠡᠮᠴᠢᠯᠡᠭᠡᠨ᠎ᠤ ᠦᠢ᠍ᠯᠡᠴᠢᠯᠡᠭᠡ ᠵᠢᠨ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠦᠨ᠂ ᠡᠪᠡᠳᠴᠢᠲᠡᠳ᠎ᠲᠤ ᠡᠮᠨᠡᠯᠭᠡ᠎ᠠᠴᠠ ᠭᠠᠷᠤᠭᠰᠠᠨ᠎ᠤ ᠳᠠᠷᠠᠭ᠋ᠠᠬᠢ ᠬᠠᠮᠢᠶᠠᠷᠤᠯᠲᠠ ᠪᠠ᠎ᠲᠠᠭᠠᠨ ᠰᠤᠷᠪᠤᠯᠵᠢᠯᠠᠬᠤ ᠦᠢ᠍ᠯᠡᠴᠢᠯᠡᠭᠡ ᠬᠠᠩᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠤᠭᠤᠳᠴᠤ ᠪᠠᠶ᠋ᠢᠭ᠋ᠠᠳ 《ᠨᠢᠭᠡ ᠥᠷᠲᠡᠭᠡᠴᠢᠯᠡᠭᠰᠡᠨ ᠮᠠᠶᠢᠭ》᠎ᠤᠨ ᠦᠢ᠍ᠯᠡᠴᠢᠯᠡᠭᠡᠨ᠎ᠤ ᠲᠥᠪ ᠪᠠᠶ᠋ᠢᠭᠤᠯᠵᠤ᠂ ᠰᠢᠨ᠎ᠡ ᠬᠡᠯᠪᠡᠷᠢ ᠵᠢᠨ ᠡᠭᠦᠳᠡᠨ ᠡᠮᠨᠡᠯᠭᠡ ᠵᠢ ᠦᠷᠭᠦᠯᠵᠢᠯᠡᠨ ᠳᠡᠯᠭᠡᠷᠡᠭᠦᠯᠬᠦ ᠵᠡᠷᠭᠡ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ ᠰᠢᠨ᠎ᠡ ᠬᠦᠰᠡᠯ ᠡᠷᠡᠮᠡᠯᠵᠡᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠥᠭᠴᠦ᠂ ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯᠲᠦ ᠬᠠᠷᠢᠴᠠᠭ᠎ᠠ ᠵᠢ ᠪᠠᠶ᠋ᠢᠭᠤᠯᠤᠨ᠂ 《ᠨᠠᠩ ᠳᠣᠲᠣᠨᠣᠰᠤᠭ ᠡᠮᠴᠢᠯᠡᠭᠡᠨ᠎ᠤ ᠦᠢ᠍ᠯᠡᠴᠢᠯᠡᠭᠡ》 ᠵᠢ ᠪᠣᠶ ᠪᠣᠯᠭ᠋ᠠᠨ᠎ᠠ ᠭᠡᠵᠡᠢ᠃
    ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠣᠨᠣᠰᠢᠯᠠᠨ ᠡᠮᠴᠢᠯᠡᠬᠦ ᠬᠥᠮᠥᠨ ᠤᠳᠠᠭ᠎ᠠ ᠵᠢᠨ ᠡᠵᠡᠯᠡᠬᠦ ᠬᠠᠷᠢᠴᠠᠯ 52%᠎ᠲᠤ ᠬᠦᠷᠦᠭᠰᠡᠨ ᠪᠦᠭᠡᠳ ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ᠎ᠢ ᠡᠮᠬᠢ ᠵᠢᠷᠤᠮ᠎ᠲᠠᠢ ᠠᠬᠢᠭᠤᠯᠤᠨ᠎ᠠ
    《ᠶᠡᠭᠡ ᠡᠪᠡᠳᠴᠢᠨ ᠬᠦᠨᠳᠦ ᠡᠪᠡᠳᠴᠢᠨ᠎ᠢ ᠲᠤᠰ ᠮᠤᠵᠢ᠎ᠳᠤ᠎ᠪᠠᠨ ᠰᠢᠢ᠍ᠳᠪᠦᠷᠢᠯᠡᠴᠢᠬᠡᠨ᠎ᠡ᠂ ᠡᠩ᠎ᠤᠨ ᠡᠪᠡᠳᠴᠢᠨ᠎ᠢ ᠬᠤᠲᠠ ᠰᠢᠶᠠᠨ᠎ᠳᠤ ᠰᠢᠢ᠍ᠳᠪᠦᠷᠢᠯᠡᠨ᠎ᠡ᠂ ᠲᠣᠯᠣᠭ᠋ᠠᠢ ᠡᠪᠡᠳᠴᠦ ᠬᠠᠯᠠᠭᠤᠷᠠᠬᠤ ᠵᠢ ᠰᠢᠶᠠᠩ ᠪᠠᠯᠭ᠋ᠠᠰᠤ᠂ ᠲᠣᠰᠬᠤᠨ᠎ᠳᠤ ᠰᠢᠢ᠍ᠳᠪᠦᠷᠢᠯᠡᠨ᠎ᠡ》᠂ ᠡᠨᠡ ᠪᠣᠯ ᠡᠮᠴᠢᠯᠡᠭᠡᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠬᠠᠷᠠᠯᠲᠠ ᠮᠥᠨ᠃
    ᠣᠳᠣᠬᠠᠨ᠎ᠳᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠣᠨᠣᠰᠢᠯᠠᠨ ᠡᠮᠴᠢᠯᠡᠬᠦ ᠬᠥᠮᠥᠨ ᠤᠳᠠᠭ᠎ᠠ ᠵᠢᠨ ᠡᠵᠡᠯᠡᠬᠦ ᠬᠠᠷᠢᠴᠠᠯ 52%᠎ᠲᠤ ᠬᠦᠷᠴᠡᠢ᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠦᠨᠳᠦᠰᠦᠨ ᠱᠠᠲᠤᠨ᠎ᠤ ᠵᠤᠷᠭ᠋ᠠᠨ᠎ᠤ ᠳᠠᠷᠤᠭ᠎ᠠ ᠹᠦ᠋ ᠸᠧᠢ ᠵᠢᠨ ᠲᠠᠨᠢᠯᠴᠠᠭᠤᠯᠤᠭᠰᠠᠨ ᠵᠶ᠋ᠠᠷ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠵᠢ ᠪᠡᠶᠡᠯᠡᠭᠦᠯᠬᠦ ᠵᠢᠨ ᠵᠠᠩᠭᠢᠯᠠᠭ᠎ᠠ ᠪᠣᠯ ᠬᠥᠳᠡᠭᠡ ᠲᠣᠰᠬᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠣᠯᠠᠨ ᠲᠦᠮᠡᠨ᠎ᠤ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ᠎ᠢ ᠰᠢᠢ᠍ᠳᠪᠦᠷᠢᠯᠡᠬᠦ ᠴᠢᠳᠠᠪᠤᠷᠢ᠎ᠲᠠᠢ ᠪᠠᠶ᠋ᠢᠵᠤ᠂ ᠡᠪᠡᠳᠴᠢᠨ ᠦᠵᠡᠭᠦᠯᠬᠦ ᠦᠢ᠍ᠯᠡ ᠠᠵᠢᠯᠯᠠᠭ᠎ᠠ᠎ᠳᠤ ᠴᠢᠬᠤᠯᠠ ᠪᠦᠬᠦᠢ ᠵᠢᠯᠣᠭᠤᠳᠤᠯᠭ᠎ᠠ ᠬᠢᠬᠦ ᠬᠡᠷᠡᠭᠲᠡᠢ᠂ ᠶᠠᠭ᠋ᠠᠬᠢᠭᠰᠠᠨ ᠴᠤ᠌ 《ᠵᠡᠭᠦᠦ ᠲᠠᠷᠢᠵᠤ》 《ᠡᠮ ᠠᠪᠬᠤ》᠎ᠪᠠᠷ ᠯᠠ ᠬᠢᠵᠠᠭ᠋ᠠᠷᠯᠠᠵᠤ ᠪᠣᠯᠬᠤ ᠦᠭᠡᠢ ᠭᠡᠵᠡᠢ᠃
    ᠹᠦ᠋ ᠸᠧᠢ ᠢᠯᠡᠷᠬᠡᠶ᠋ᠢᠯᠡᠬᠦ᠎ᠳᠤ᠎ᠪᠠᠨ᠂ 2024 ᠣᠨ᠎ᠳᠤ ᠨᠢᠭᠲᠠ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ᠎ᠪᠠᠷ ᠭᠤᠣᠯᠳᠠᠯᠭ᠎ᠠ ᠪᠣᠯᠭ᠋ᠠᠵᠤ᠂ ᠠᠵᠢᠯᠲᠠᠨ᠂ ᠮᠡᠷᠭᠡᠵᠢᠯ᠂ ᠦᠢ᠍ᠯᠡᠴᠢᠯᠡᠭᠡ᠂ ᠬᠠᠮᠢᠶᠠᠷᠤᠯᠲᠠ ᠵᠡᠷᠭᠡ ᠳᠥᠷᠪᠡ ᠵᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠦᠨᠳᠦᠰᠦᠨ ᠱᠠᠲᠤᠨ᠎ᠳᠤ ᠠᠩᠬ᠎ᠠ ᠣᠨᠣᠰᠢᠯᠠᠬᠤ ᠪᠠ ᠬᠦᠴᠢᠷ ᠲᠦᠪᠡᠭᠲᠡᠢ ᠡᠪᠡᠳᠴᠢᠨ ᠡᠮᠭᠡᠭ᠎ᠢ ᠢᠯᠭ᠋ᠠᠨ ᠲᠠᠨᠢᠵᠤ ᠰᠢᠯᠵᠢᠭᠦᠯᠦᠨ ᠣᠨᠣᠰᠢᠯᠠᠬᠤ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠨ᠂ ᠦᠨᠳᠦᠰᠦᠨ ᠱᠠᠲᠤᠨ᠎ᠳᠤ ᠪᠠᠶ᠋ᠢᠴᠠᠭ᠋ᠠᠬᠤ᠂ ᠳᠡᠭᠡᠳᠦ ᠱᠠᠲᠤᠨ᠎ᠳᠤ ᠣᠨᠣᠰᠢᠯᠠᠬᠤ᠂ ᠦᠷ᠎ᠡ ᠳ᠋ᠦᠩ᠎ᠢ ᠬᠤᠪᠢᠶᠠᠯᠴᠠᠬᠤ ᠵᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠨᠠᠩ ᠣᠯᠠᠨ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ᠎ᠢ ᠰᠢᠶᠠᠨ᠎ᠤ ᠬᠡᠪᠴᠢᠶᠡᠨ᠎ᠳᠤ ᠰᠢᠢ᠍ᠳᠪᠦᠷᠢᠯᠡᠵᠦ ᠴᠢᠳᠠᠬᠤ ᠪᠣᠯᠭ᠋ᠠᠨ᠎ᠠ ᠭᠡᠪᠡ᠃
    ᠮᠤᠵᠢ ᠬᠤᠲᠠ ᠰᠢᠶᠠᠨ ᠭᠤᠷᠪᠠᠨ ᠱᠠᠲᠤᠨ᠎ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶ᠋ᠢᠴᠦᠳ᠎ᠢ ᠠᠪᠤᠷᠠᠨ ᠵᠠᠰᠠᠬᠤ ᠲᠥᠪ 3491᠎ᠳᠤ ᠬᠦᠷᠦᠭᠰᠡᠨ ᠪᠦᠭᠡᠳ ᠡᠬᠡ ᠨᠢᠯᠬᠠᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠰᠦᠯᠵᠢᠶ᠎ᠡ ᠵᠢ ᠨᠢᠭᠲᠠ ᠰᠦᠯᠵᠢᠨ᠎ᠡ
    2023 ᠣᠨ᠎ᠳᠤ᠂ ᠪᠥᠬᠦ ᠤᠯᠤᠰ᠎ᠤᠨ ᠵᠢᠷᠮᠦᠰᠦᠨ ᠬᠥᠩᠭᠡᠵᠢᠭᠰᠡᠨ ᠡᠮᠡᠭᠲᠡᠶ᠋ᠢᠴᠦᠳ᠎ᠤᠨ ᠠᠳᠡᠭᠰᠡᠨ ᠨᠣᠷᠮ᠎ᠠ 15.1/10 ᠲᠦᠮᠡ᠎ᠳᠤ ᠬᠦᠷᠴᠦ᠂ ᠨᠢᠯᠬ᠎ᠠ ᠬᠡᠦᠬᠡᠳ᠎ᠤᠨ ᠠᠳᠡᠭᠰᠡᠨ ᠨᠣᠷᠮ᠎ᠠ 4.5%᠂ 5 ᠨᠠᠰᠤᠨ᠎ᠠᠴᠠ ᠳᠣᠷᠣᠭᠰᠢᠬᠢ ᠬᠡᠦᠬᠡᠳ᠎ᠤᠨ ᠠᠳᠡᠭᠰᠡᠨ ᠨᠣᠷᠮ᠎ᠠ 6.2%᠎ᠲᠤ ᠬᠦᠷᠴᠦ᠂ 2020 ᠣᠨ᠎ᠤ᠎ᠬᠢ᠎ᠲᠠᠢ ᠬᠠᠷᠢᠴᠠᠭᠤᠯᠪᠠᠯ᠂ ᠲᠣᠰ ᠲᠣᠰ 10.7%᠂ 16.7% ᠪᠠ 17.3%᠎ᠪᠠᠷ ᠪᠠᠭᠤᠷᠠᠪᠠ᠃ ᠨᠢᠯᠬ᠎ᠠ ᠬᠡᠦᠬᠡᠳ᠎ᠤᠨ ᠠᠳᠡᠭᠰᠡᠨ ᠨᠣᠷᠮ᠎ᠠ ᠪᠠ 5 ᠨᠠᠰᠤᠨ᠎ᠠᠴᠠ ᠳᠣᠷᠣᠭᠰᠢᠬᠢ ᠬᠡᠦᠬᠡᠳ᠎ᠤᠨ ᠠᠳᠡᠭᠰᠡᠨ ᠨᠣᠷᠮ᠎ᠠ ᠨᠢᠭᠡᠨᠲᠡ 《14 · 5》 ᠵᠢᠨ ᠤᠯᠤᠰ ᠠᠷᠠᠳ᠎ᠤᠨ ᠡᠷᠡᠭᠦᠯ ᠮᠡᠨᠳᠦ ᠵᠢᠨ ᠲᠦᠯᠦᠪᠯᠡᠭᠡ ᠵᠢᠨ ᠬᠠᠷᠠᠯᠲᠠ ᠵᠢᠨ ᠱᠠᠭ᠋ᠠᠷᠳᠠᠯᠭ᠎ᠠ᠎ᠳᠤ ᠬᠦᠷᠴᠡᠢ᠃
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠬᠡ ᠨᠢᠯᠬᠠᠰ᠎ᠤᠨ ᠡᠷᠡᠭᠦᠯ ᠮᠡᠨᠳᠦ ᠵᠢᠨ ᠵᠤᠷᠭ᠋ᠠᠨ᠎ᠤ ᠳᠡᠳ᠋ ᠳᠠᠷᠤᠭ᠎ᠠ ᠱᠧᠨ ᠬᠠᠢ ᠫᠢᠩ᠎ᠤᠨ ᠲᠠᠨᠢᠯᠴᠠᠭᠤᠯᠤᠭᠰᠠᠨ ᠵᠶ᠋ᠠᠷ᠂ ᠪᠥᠬᠦ ᠤᠯᠤᠰ᠎ᠲᠤ ᠨᠢᠭᠡᠨᠲᠡ ᠮᠤᠵᠢ ᠬᠤᠲᠠ ᠰᠢᠶᠠᠨ ᠭᠤᠷᠪᠠᠨ ᠱᠠᠲᠤᠨ᠎ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶ᠋ᠢᠴᠦᠳ᠎ᠢ ᠠᠪᠤᠷᠠᠨ ᠵᠠᠰᠠᠬᠤ ᠲᠥᠪ 3491᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ᠎ᠢ ᠠᠪᠤᠷᠠᠨ ᠵᠠᠰᠠᠬᠤ ᠲᠥᠪ᠎ᠢ 3321 ᠪᠠᠶ᠋ᠢᠭᠤᠯᠵᠤ᠂ ᠬᠠᠮᠤᠷᠬᠤ ᠬᠡᠪᠴᠢᠶ᠎ᠡ᠎ᠨᠢ ᠥᠷᠭᠡᠨ᠂ ᠱᠠᠲᠤ ᠬᠤᠪᠢᠶᠠᠨ ᠬᠠᠷᠢᠭᠤᠴᠠᠬᠤ᠂ ᠳᠡᠭᠡᠳᠦ ᠳᠣᠣᠷᠠᠳᠤ ᠱᠠᠲᠤ ᠬᠤᠯᠪᠤᠭ᠋ᠠᠯᠠᠨ ᠬᠦᠳᠡᠯᠦᠯᠴᠡᠬᠦ᠂ ᠡᠮᠬᠢ ᠵᠢᠷᠤᠮ᠎ᠲᠠᠢ ᠠᠷᠭ᠋ᠠᠴᠠᠭ᠋ᠠᠬᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶ᠋ᠢᠴᠦᠳ ᠪᠠ ᠨᠢᠷᠠᠢ ᠬᠡᠦᠬᠡᠳ᠎ᠢ ᠠᠪᠤᠷᠠᠨ ᠵᠠᠰᠠᠬᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠪᠠ ᠭᠡᠵᠡᠢ᠃
    ᠱᠧᠨ ᠬᠠᠢ ᠫᠢᠩ ᠢᠯᠡᠷᠬᠡᠶ᠋ᠢᠯᠡᠬᠦ᠎ᠳᠤ᠎ᠪᠠᠨ᠂ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ 《ᠡᠬᠡ ᠨᠢᠯᠬᠠᠰ᠎ᠤᠨ ᠠᠮᠤᠷ ᠲᠦᠪᠰᠢᠨ᠎ᠤ ᠲᠠᠪᠤᠨ ᠵᠦᠢ᠍ᠯ᠎ᠤᠨ ᠳᠦᠷᠢᠮ》᠎ᠢ ᠦᠷᠭᠦᠯᠵᠢᠯᠡᠨ ᠪᠠᠬᠢᠵᠢᠭᠦᠯᠦᠨ ᠬᠡᠷᠡᠭᠵᠢᠭᠦᠯᠵᠦ᠂ ᠡᠬᠡ ᠨᠢᠯᠬᠠᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠰᠦᠯᠵᠢᠶ᠎ᠡ ᠵᠢ ᠨᠢᠭᠲᠠ ᠰᠦᠯᠵᠢᠵᠦ᠂ ᠬᠥᠩᠭᠡᠵᠢᠬᠦ᠎ᠳᠤ ᠲᠤᠰᠠᠯᠠᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢ ᠴᠢᠩᠭ᠋ᠠᠳᠬᠠᠬᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠪᠠᠴᠢᠮ ᠬᠦᠨᠳᠦ ᠲᠦᠭᠰᠢᠭᠦᠷᠢᠲᠡᠢ ᠡᠪᠡᠳᠴᠢᠲᠡᠨ᠎ᠢ ᠠᠪᠤᠷᠠᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠦᠨ᠂ ᠦᠷᠡᠵᠢᠯ᠎ᠳᠤ ᠨᠥᠬᠦᠷᠰᠡᠭ ᠡᠮᠨᠡᠯᠭᠡ ᠵᠢᠨ ᠪᠠᠶ᠋ᠢᠭᠤᠯᠤᠯᠲᠠ ᠵᠢ ᠥᠷᠨᠢᠭᠦᠯᠵᠦ᠂ ᠵᠢᠷᠮᠦᠰᠦᠨ ᠪᠠ ᠬᠥᠩᠭᠡᠵᠢᠬᠦ ᠡᠮᠡᠭᠲᠡᠶ᠋ᠢᠴᠦᠳ᠎ᠤᠨ ᠡᠮᠨᠡᠯᠭᠡ᠎ᠳᠤ ᠰᠠᠭᠤᠵᠤ ᠬᠥᠩᠭᠡᠵᠢᠬᠦ ᠲᠠᠭ᠋ᠠᠯᠠᠮᠵᠢ ᠵᠢᠨ ᠬᠡᠮᠵᠢᠶ᠎ᠡ ᠪᠠ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ ᠭᠡᠵᠡᠢ᠃
  

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ