ᠲᠦᠭ ᠲᠦᠮᠡᠨ ᠭᠡᠷ ᠪᠦᠯᠢ ᠵᠢᠨ ᠡᠮᠴᠢᠯᠡᠭᠡᠨ᠎ᠤ ᠵᠠᠷᠤᠳᠠᠯ᠎ᠠᠴᠠ ᠪᠣᠯᠤᠭᠰᠠᠨ ᠠᠵᠤ ᠠᠬᠤᠢ ᠵᠢᠨ ᠲᠦᠭᠰᠢᠭᠦᠷᠢ ᠵᠢ᠎ᠨᠢ ᠬᠠᠪᠰᠤᠷᠤᠨ ᠠᠷᠭ᠋ᠠᠴᠠᠭ᠋ᠠᠬᠤ ᠵᠢᠨ ᠲᠥᠯᠥᠭᠡ᠂ ᠤᠯᠤᠰ᠎ᠠᠴᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠭᠤᠷᠪᠠᠲᠤ ᠳᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ᠎ᠨᠢ ᠱᠠᠲᠤ ᠳᠠᠷᠠᠭ᠋ᠠᠯᠠᠨ ᠬᠥᠩᠭᠡᠯᠡᠪᠡ᠃ ᠡᠭᠦᠨ᠎ᠳᠤ᠂ ᠬᠤᠲᠠ ᠬᠥᠳᠡᠭᠡᠨ᠎ᠤ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ (ᠳᠣᠷᠣᠭᠰᠢ 《ᠬᠦᠨᠳᠦ ᠡᠪᠡᠳᠴᠢᠨ᠎ᠤ ᠳᠠᠭ᠋ᠠᠳᠬᠠᠯ》 ᠭᠡᠵᠦ ᠲᠣᠪᠴᠢᠯᠠᠪᠠ) ᠪᠣᠯ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢᠨ ᠳᠡᠭᠡᠷ᠎ᠡ ᠬᠦᠨᠳᠦ ᠡᠪᠡᠳᠴᠢᠲᠡᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠢ ᠤᠯᠠᠮ ᠨᠢᠭᠡ ᠠᠯᠬᠤᠮ ᠪᠠᠲᠤᠯᠠᠬᠤ ᠳᠦᠷᠢᠮ᠎ᠤᠨ ᠲᠣᠬᠢᠷᠠᠭᠤᠯᠤᠯᠲᠠ ᠮᠥᠨ᠃
ᠬᠦᠨᠳᠦ ᠡᠪᠡᠳᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠡᠮᠦᠨ᠎ᠡ᠂ ᠬᠦᠨᠳᠦ ᠡᠪᠡᠳᠴᠢᠨ᠎ᠤ ᠳᠠᠭ᠋ᠠᠳᠬᠠᠯ᠎ᠨᠢ ᠲᠦᠭ ᠲᠦᠮᠡᠨ ᠭᠡᠷ ᠪᠦᠯᠢ ᠵᠢᠨ ᠪᠠᠷᠲᠠᠭ᠎ᠠ ᠲᠤᠭᠤᠯᠬᠤ᠎ᠳᠤ ᠲᠤᠰᠠᠯᠠᠭᠰᠠᠨ ᠪᠣᠯᠪᠠᠴᠤ ᠴᠥᠭᠡᠨ ᠪᠤᠰᠤ ᠳᠠᠭ᠋ᠠᠳᠬᠠᠯ᠎ᠳᠤ ᠣᠷᠣᠯᠴᠠᠭᠰᠠᠳ ᠡᠨᠡ ᠬᠦ᠌ ᠳᠦᠷᠢᠮ᠎ᠤᠨ ᠲᠤᠬᠠᠢ ᠣᠶ᠋ᠢᠯᠠᠭ᠋ᠠᠯᠲᠠ ᠳᠤᠲᠠᠮᠠᠭ ᠪᠠᠶ᠋ᠢᠨ᠎ᠠ᠃ ᠨᠡᠶ᠋ᠢᠭᠡᠮ᠎ᠤᠨ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠲᠦᠷᠦᠭᠦᠬᠡᠨ᠎ᠳᠤ ᠲᠣᠳᠣᠷᠬᠠᠢ ᠬᠠᠷᠢᠭᠤᠯᠲᠠ ᠥᠭᠴᠡᠢ᠃
ᠳᠠᠭ᠋ᠠᠳᠬᠠᠯ᠎ᠳᠤ ᠣᠷᠣᠯᠴᠠᠬᠤ ᠵᠢ ᠲᠤᠰᠠᠭ᠋ᠠᠷ ᠭᠤᠶᠤᠴᠢᠯᠠᠬᠤ ᠴᠢᠬᠤᠯᠠ ᠦᠭᠡᠢ
ᠠᠰᠠᠭᠤᠯᠲᠠ᠄ ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠭᠤᠶᠤᠴᠢᠯᠠᠵᠤ᠂ ᠬᠡᠷᠬᠢᠨ ᠰᠦᠢ᠍ᠳᠬᠡᠯ ᠲᠤᠰᠢᠶᠠᠬᠤ ᠪᠣᠢ?
ᠬᠠᠷᠢᠭᠤᠯᠲᠠ᠄ ᠳᠦᠷᠢᠮ᠎ᠢ ᠪᠠᠶ᠋ᠢᠭᠤᠯᠤᠭᠰᠠᠨ᠎ᠠᠴᠠ ᠨᠠᠭ᠋ᠠᠰᠢ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠳᠤ ᠳᠠᠭ᠋ᠠᠳᠬᠠᠯ᠎ᠳᠤ ᠣᠷᠣᠯᠴᠠᠬᠤ ᠵᠢ ᠲᠤᠰᠠᠭ᠋ᠠᠷ ᠭᠤᠶᠤᠴᠢᠯᠠᠬᠤ ᠴᠢᠬᠤᠯᠠ ᠦᠭᠡᠢ᠂ ᠬᠤᠲᠠ ᠬᠥᠳᠡᠭᠡᠨ᠎ᠤ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠰᠦᠢ᠍ᠳᠬᠡᠯ ᠲᠤᠰᠢᠶᠠᠵᠤ ᠣᠷᠣᠯᠴᠠᠭᠰᠠᠨ ᠪᠣᠶ ᠪᠦᠬᠦᠢ ᠬᠥᠮᠥᠰ ᠴᠥᠮ ᠬᠦᠨᠳᠦ ᠡᠪᠡᠳᠴᠢᠨ᠎ᠤ ᠳᠠᠭ᠋ᠠᠳᠬᠠᠯ᠎ᠤᠨ ᠣᠷᠣᠯᠴᠠᠭᠴᠢ ᠮᠥᠨ ᠪᠣᠯᠬᠤᠷ ᠲᠤᠰᠠᠭ᠋ᠠᠷ ᠰᠦᠢ᠍ᠳᠬᠡᠯ ᠲᠤᠰᠢᠶᠠᠬᠤ ᠴᠢᠬᠤᠯᠠ ᠦᠭᠡᠢ ᠭᠡᠵᠦ ᠲᠣᠭᠲᠠᠭ᠋ᠠᠵᠠᠢ᠃
ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠤᠨ ᠲᠤᠷᠰᠢᠯᠲᠠ ᠵᠢ 2012 ᠣᠨ᠎ᠳᠤ ᠡᠬᠢᠯᠡᠭᠦᠯᠵᠦ᠂ 2015 ᠣᠨ᠎ᠠᠴᠠ ᠡᠬᠢᠯᠡᠨ ᠪᠦᠬᠦ ᠲᠠᠯ᠎ᠠ᠎ᠪᠠᠷ ᠬᠡᠷᠡᠭᠵᠢᠭᠦᠯᠪᠡ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠮᠡᠳᠡᠭᠡᠨ᠎ᠠᠴᠠ ᠦᠵᠡᠪᠡᠯ᠂ 10 ᠭᠠᠷᠤᠢ ᠵᠢᠯ᠎ᠤᠨ ᠲᠤᠷᠰᠢ᠂ ᠬᠦᠨᠳᠦ ᠡᠪᠡᠳᠴᠢᠨ᠎ᠤ ᠳᠠᠭ᠋ᠠᠳᠬᠠᠯ᠎ᠨᠢ ᠳ᠋ᠦᠩᠰᠢᠭᠤᠷ ᠰᠢᠬᠠᠮ ᠡᠪᠡᠳᠴᠢᠲᠡᠳ᠎ᠲᠤ ᠠᠰᠢᠭ ᠬᠦᠷᠲᠡᠭᠡᠭᠰᠡᠨ ᠪᠠᠶ᠋ᠢᠨ᠎ᠠ᠃ ᠵᠥᠪᠬᠡᠨ 2023 ᠣᠨ᠎ᠳᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠲᠠᠶ᠋ᠢᠯᠤᠭᠰᠠᠨ ᠬᠥᠮᠥᠨ 1156 ᠲᠦᠮᠡ᠎ᠳᠤ ᠬᠦᠷᠴᠦ᠂ ᠬᠥᠮᠥᠨ ᠳᠤᠮᠳᠠᠴᠢ ᠵᠢᠨ ᠳᠠᠷᠤᠭ᠋ᠠᠰᠤ ᠵᠢ 8000 ᠲᠥᠭᠦᠷᠢᠭ ᠬᠥᠩᠭᠡᠯᠡᠵᠦ᠂ ᠬᠠᠮᠤᠭ ᠥᠨᠳᠥᠷ᠎ᠲᠤ᠎ᠪᠠᠨ ᠵᠠᠭᠤᠨ ᠲᠦᠮᠡᠨ ᠲᠥᠭᠦᠷᠢᠭ᠎ᠠᠴᠠ ᠳᠡᠭᠡᠭᠰᠢᠬᠢ ᠲᠠᠩᠰᠠ ᠲᠠᠶ᠋ᠢᠯᠤᠭᠰᠠᠨ ᠪᠠᠶ᠋ᠢᠨ᠎ᠠ᠃
ᠬᠦᠨᠳᠦ ᠡᠪᠡᠳᠴᠢᠨ᠎ᠤ ᠳᠠᠭ᠋ᠠᠳᠬᠠᠯ᠎ᠤᠨ ᠦᠢ᠍ᠯᠡᠳᠦᠯ᠎ᠢ ᠮᠠᠰᠢ ᠰᠠᠶ᠋ᠢᠨ ᠲᠣᠳᠣᠷᠬᠠᠶ᠋ᠢᠯᠠᠵᠤ ᠴᠢᠳᠠᠬᠤ ᠨᠢᠭᠡᠨ ᠵᠢᠱ᠌ᠢᠶ᠎ᠡ ᠪᠣᠢ᠃ ᠡᠨᠡ ᠵᠢᠯ᠎ᠤᠨ ᠡᠬᠢᠨ ᠵᠶ᠋ᠠᠷ᠂ ᠠᠨᠾᠦ᠋ᠢ ᠮᠤᠵᠢ ᠵᠢᠨ ᠠᠨᠴᠢᠩ ᠬᠤᠳᠠ ᠵᠢᠨ ᠶᠤᠸᠠᠢ ᠰᠢ ᠰᠢᠶᠠᠨ᠎ᠳᠤ᠂ 37 ᠨᠠᠰᠤᠲᠠᠢ ᠴᠦ᠋ ᠠᠪᠤᠭ᠋ᠠᠢ ᠭᠡᠨᠡᠳᠲᠡ ᠵᠢᠷᠦᠬᠡᠨ᠎ᠤ ᠡᠭᠦᠰᠪᠦᠷᠢ ᠵᠢᠨ ᠱᠣᠺ ᠡᠭᠦᠰᠴᠦ᠂ ᠰᠥᠨᠢ ᠳᠦᠯᠢ᠎ᠪᠠᠷ ᠡᠮᠨᠡᠯᠭᠡ᠎ᠳᠤ ᠬᠦᠷᠭᠡᠵᠦ ᠲᠦᠷᠭᠡᠨ ᠠᠪᠤᠷᠠᠭᠤᠯᠵᠠᠢ᠃ ᠬᠤᠶ᠋ᠢᠰᠢᠳᠠ ᠵᠢᠨ ᠮᠡᠰᠡ ᠵᠠᠰᠠᠯ᠎ᠳᠠᠬᠢ ᠶᠡᠭᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠲᠠᠯ᠎ᠠ᠎ᠪᠠᠷ ᠭᠡᠷ᠎ᠤᠨ ᠬᠥᠮᠥᠰ᠎ᠨᠢ ᠰᠠᠨᠠᠭ᠎ᠠ ᠵᠣᠪᠠᠵᠤ ᠪᠠᠶ᠋ᠢᠯ᠎ᠠ᠃ ᠲᠣᠰᠬᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠢ ᠠᠵᠢᠯᠲᠠᠨ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ ᠲᠡᠳᠡᠨ᠎ᠢ ᠰᠠᠨᠠᠭ᠎ᠠ ᠵᠣᠪᠠᠭ᠍ᠤ ᠬᠡᠷᠡᠭ ᠦᠭᠡᠢ᠂ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠪᠠᠶ᠋ᠢᠬᠤ ᠲᠤᠯᠠ ᠲᠠᠩᠰᠠ ᠳᠡᠶ᠋ᠢᠯᠵᠦ ᠪᠣᠯᠣᠨ᠎ᠠ ᠭᠡᠵᠡᠢ᠃ ᠴᠦ᠋ ᠠᠪᠤᠭ᠋ᠠᠢ ᠵᠢᠨ ᠡᠮᠨᠡᠯᠭᠡ᠎ᠳᠤ ᠰᠠᠭᠤᠭᠰᠠᠨ ᠬᠤᠭᠤᠴᠠᠭ᠋ᠠᠨ᠎ᠳᠠᠬᠢ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠭᠤᠷᠪᠠᠲᠤ ᠳᠦᠷᠢᠮ ᠪᠠᠷᠤᠭ 2/3᠎ᠢ᠎ᠨᠢ ᠳᠠᠩᠰᠠ ᠳᠡᠶ᠋ᠢᠯᠵᠦ ᠥᠭᠴᠡᠢ᠂ ᠡᠭᠦᠨ᠎ᠤ ᠳᠣᠲᠣᠷ᠎ᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠩᠰᠠ ᠲᠠᠶ᠋ᠢᠯᠬᠤ ᠲᠤᠭ᠎ᠠ᠎ᠨᠢ ᠶᠡᠬᠡᠩᠬᠢ ᠵᠢ ᠡᠵᠡᠯᠡᠵᠦ᠂ ᠭᠡᠷ ᠪᠦᠯᠢ ᠵᠢᠨ ᠠᠵᠤ ᠠᠬᠤᠢ ᠵᠢᠨ ᠳᠠᠷᠤᠭ᠋ᠠᠰᠤ ᠵᠢ᠎ᠨᠢ ᠶᠡᠭᠡ᠎ᠪᠠᠷ ᠬᠥᠩᠭᠡᠯᠡᠭᠰᠡᠨ ᠪᠠᠶ᠋ᠢᠨ᠎ᠠ᠃
ᠬᠦᠴᠢᠷᠳᠡᠯ᠎ᠲᠠᠢ ᠬᠥᠮᠥᠰ᠎ᠲᠤ ᠬᠠᠨᠳᠤᠭᠤᠯᠤᠨ᠂ ᠲᠠᠩᠰᠠ ᠲᠠᠶ᠋ᠢᠯᠬᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠲᠡᠭᠦᠯᠳᠡᠷᠵᠢᠭᠦᠯᠦᠨ᠎ᠡ
ᠠᠰᠠᠭᠤᠯᠲᠠ᠄ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠲᠥᠯᠥᠬᠦ ᠪᠠᠷᠢᠮᠵᠢᠶ᠎ᠠ᠎ᠨᠢ ᠬᠡᠳᠦᠢ ᠪᠣᠯ?
ᠬᠠᠷᠢᠭᠤᠯᠲᠠ᠄ ᠣᠳᠣᠬᠠᠨ᠎ᠳᠤ᠂ ᠤᠯᠤᠰ᠎ᠠᠴᠠ ᠲᠣᠭᠲᠠᠭ᠋ᠠᠭᠰᠠᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠲᠥᠯᠥᠬᠦ ᠪᠠᠷᠢᠮᠵᠢᠶ᠎ᠠ ᠵᠢ ᠵᠠᠷᠴᠢᠮ ᠳᠡᠭᠡᠷ᠎ᠡ᠎ᠪᠠᠨ ᠨᠢᠭᠡᠳᠦᠯᠲᠡᠢ ᠲᠥᠯᠥᠪᠯᠡᠭᠡ ᠵᠢᠨ ᠭᠠᠵᠠᠷ ᠣᠷᠣᠨ᠎ᠤ ᠰᠠᠭᠤᠭ᠋ᠠᠯᠢ ᠠᠷᠠᠳ᠎ᠤᠨ ᠲᠦᠷᠦᠭᠦᠤ ᠵᠢᠯ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 50%᠎ᠠᠴᠠ ᠬᠡᠲᠦᠷᠡᠭᠦᠯᠬᠦ ᠦᠭᠡᠢ᠂ ᠲᠥᠯᠥᠬᠦ ᠬᠠᠷᠢᠴᠠᠯ᠎ᠢ 60%᠎ᠠᠴᠠ ᠳᠣᠣᠷᠠᠳᠠᠭᠤᠯᠬᠤ ᠦᠭᠡᠢ; ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ ᠥᠨᠳᠥᠷ ᠲᠥᠯᠥᠬᠦ ᠬᠢᠵᠠᠭ᠋ᠠᠷ ᠲᠤᠭ᠎ᠠ ᠵᠢ ᠨᠡᠮᠡᠵᠦ᠂ ᠵᠠᠷᠴᠢᠮ ᠳᠡᠭᠡᠷ᠎ᠡ᠎ᠪᠠᠨ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 6 ᠳᠠᠬᠢᠨ ᠣᠷᠴᠢᠮ᠎ᠳᠤ ᠬᠦᠷᠦᠭᠦᠯᠦᠨ᠎ᠡ᠃
ᠬᠦᠴᠢᠷᠳᠡᠯᠲᠡᠢ ᠬᠥᠮᠥᠰ᠎ᠲᠤ ᠴᠢᠭᠯᠡᠭᠦᠯᠦᠨ᠂ ᠤᠯᠤᠰ᠎ᠠᠴᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠣᠨᠣᠪᠴᠢᠲᠠᠢ᠎ᠪᠠᠷ ᠬᠡᠯᠪᠡᠶ᠋ᠢᠯᠭᠡᠬᠦ ᠵᠢ ᠬᠡᠷᠡᠭᠵᠢᠭᠦᠯᠪᠡ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠬᠢᠭᠡᠳ ᠶᠠᠳᠠᠭᠤᠷᠠᠭᠰᠠᠨ ᠬᠥᠮᠥᠰ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠲᠥᠯᠥᠬᠦ ᠪᠠᠷᠢᠮᠵᠢᠶ᠎ᠠ ᠵᠢ 50%᠎ᠪᠠᠷ ᠪᠠᠭᠤᠷᠠᠭᠤᠯᠵᠤ᠂ ᠲᠥᠯᠥᠬᠦ ᠬᠠᠷᠢᠴᠠᠯ᠎ᠢ 5 ᠵᠠᠭᠤᠨ᠎ᠤ ᠴᠡᠭ ᠳᠡᠭᠡᠭᠰᠢᠯᠡᠭᠦᠯᠬᠦ ᠵᠢᠨ ᠬᠠᠮᠲᠤ ᠬᠠᠮᠤᠭ᠎ᠤᠨ ᠥᠨᠳᠥᠷ ᠲᠥᠯᠥᠬᠦ ᠬᠢᠵᠠᠭ᠋ᠠᠷ ᠲᠤᠭ᠎ᠠ ᠵᠢ ᠦᠭᠡᠶ᠋ᠢᠰᠬᠡᠪᠡ᠃
ᠣᠳᠣᠬᠠᠨ᠎ᠳᠤ᠂ ᠬᠡᠦᠬᠡᠳ᠎ᠤᠨ ᠴᠢᠰᠤ ᠴᠠᠶ᠋ᠢᠬᠤ ᠡᠪᠡᠳᠴᠢᠨ᠂ ᠲᠥᠷᠥᠯᠬᠢ ᠵᠢᠷᠦᠬᠡᠨ ᠡᠪᠡᠳᠴᠢᠨ᠂ ᠠᠭᠤᠰᠬᠢᠨ᠎ᠤ ᠥᠮᠡᠨ ᠵᠡᠷᠭᠡ ᠵᠠᠷᠤᠳᠠᠯ ᠶᠡᠬᠡᠲᠡᠢ ᠬᠦᠨᠳᠦ ᠡᠪᠡᠳᠴᠢᠨᠨᠦᠭᠦᠳᠢ ᠪᠠᠭᠲᠠᠭ᠋ᠠᠭᠰᠠᠨ ᠲᠣᠭᠲᠠᠭ᠋ᠠᠯ᠎ᠳᠤ ᠨᠡᠶ᠋ᠢᠴᠡᠬᠦ ᠵᠢ᠎ᠨᠢ ᠴᠥᠮ ᠬᠦᠨᠳᠦ ᠡᠪᠡᠳᠴᠢᠨ᠎ᠤ ᠳᠠᠭ᠋ᠠᠳᠬᠠᠯ ᠵᠶ᠋ᠠᠷ ᠲᠠᠩᠰᠠ ᠳᠡᠶ᠋ᠢᠯᠵᠦ ᠪᠣᠯᠣᠨ᠎ᠠ᠃
ᠠᠰᠠᠭᠤᠯᠲᠠ᠄ ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠳ᠋ᠦᠩᠨᠡᠨ ᠪᠤᠳᠤᠬᠤ ᠪᠣᠶ?
ᠬᠠᠷᠢᠭᠤᠯᠲᠠ᠄ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠴᠢ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠮᠴᠢᠯᠡᠭᠡᠨ᠎ᠤ ᠵᠠᠷᠤᠳᠠᠯ ᠭᠠᠷᠭ᠋ᠠᠭ᠋ᠠᠳ ᠲᠡᠷᠡ ᠵᠠᠷᠤᠳᠠᠯ᠎ᠨᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠵᠠᠷᠤᠳᠠᠯ᠎ᠤᠨ ᠬᠡᠰᠡᠭ᠎ᠲᠤ ᠣᠷᠣᠭᠰᠠᠨ ᠪᠣᠯ᠂ 《ᠭᠠᠭᠴᠠ ᠥᠷᠲᠡᠭᠡ》᠎ᠪᠠᠷ ᠳ᠋ᠦᠩᠨᠡᠨ ᠪᠤᠳᠤᠬᠤ ᠵᠢ ᠪᠡᠶᠡᠯᠡᠭᠦᠯᠦᠭᠰᠡᠨ ᠭᠠᠵᠠᠷ ᠣᠷᠣᠨ᠎ᠳᠤ ᠳᠠᠷᠤᠢ᠎ᠳᠤ᠎ᠨᠢ ᠳ᠋ᠦᠩᠨᠡᠨ ᠪᠣᠳᠣᠵᠤ᠂ ᠬᠠᠮᠢᠶ᠎ᠠ ᠪᠦᠬᠦᠢ ᠬᠠᠷᠠᠭ᠋ᠠᠯᠵᠠᠯ᠎ᠢ ᠠᠶᠠᠨᠳᠠᠭ᠋ᠠᠨ ᠬᠦᠷᠲᠡᠵᠦ᠂ ᠲᠤᠰᠬᠠᠢ ᠭᠤᠶᠤᠴᠢᠯᠠᠬᠤ ᠴᠢᠬᠤᠯᠠ ᠦᠭᠡᠢ᠃
90%᠎ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠵᠢᠨ ᠭᠠᠵᠠᠷ ᠣᠷᠣᠨ᠎ᠨᠤᠭᠤᠳ ᠵᠠᠰᠠᠭ᠎ᠤᠨ ᠣᠷᠳᠣᠨ ᠬᠤᠳᠠᠯᠳᠤᠭ᠋ᠠᠨ᠎ᠤ ᠳᠠᠭ᠋ᠠᠳᠬᠠᠯ ᠬᠤᠳᠠᠯᠳᠤᠨ ᠠᠪᠬᠤ᠎ᠪᠠᠷ ᠳᠠᠮᠵᠢᠭᠤᠯᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠭᠦᠢ᠍ᠴᠡᠳᠬᠡᠨ᠎ᠡ
ᠠᠰᠠᠭᠤᠯᠲᠠ᠄ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠲᠠᠢ ᠪᠣᠯᠤᠭᠰᠠᠨ ᠪᠠᠶ᠋ᠢᠲᠠᠯ᠎ᠠ ᠪᠠᠰᠠ ᠬᠤᠳᠠᠯᠳᠤᠭ᠋ᠠᠨ᠎ᠤ ᠳᠠᠭ᠋ᠠᠳᠬᠠᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠢ ᠲᠤᠰᠠᠭ᠋ᠠᠷ ᠬᠤᠳᠠᠯᠳᠤᠨ ᠠᠪᠬᠤ ᠴᠢᠬᠤᠯᠠᠲᠠᠢ ᠤᠤ?
ᠬᠠᠷᠢᠭᠤᠯᠲᠠ᠄ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠢ ᠪᠠᠶ᠋ᠢᠭᠤᠯᠤᠭᠰᠠᠨ᠎ᠠᠴᠠ ᠡᠬᠢᠯᠡᠨ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠵᠠᠬ᠎ᠠ ᠳᠡᠯᠭᠡᠭᠦᠷ᠎ᠤᠨ ᠣᠷᠣᠯᠴᠠᠬᠤ ᠵᠢ ᠢᠮᠠᠭᠲᠠ ᠵᠣᠷᠢᠭᠵᠢᠭᠤᠯᠵᠤ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠠᠭ᠋ᠠᠭ᠋ᠠᠨ ᠬᠢᠬᠦ ᠵᠢ ᠢᠳᠡᠪᠬᠢᠲᠡᠢ ᠳᠡᠮᠵᠢᠵᠦ᠂ ᠡᠮᠴᠢᠯᠡᠭᠡᠨ᠎ᠤ ᠳᠠᠭ᠋ᠠᠳᠬᠠᠯ᠎ᠤᠨ ᠨᠡᠶ᠋ᠢᠭᠡᠮ ᠬᠤᠳᠠᠯᠳᠤᠭ᠎ᠠ ᠬᠠᠮᠲᠤᠷᠠᠯᠴᠠᠬᠤ ᠰᠢᠨ᠎ᠡ ᠵᠠᠭᠪᠤᠷ ᠪᠠᠶ᠋ᠢᠭᠤᠯᠤᠨ ᠪᠦᠷᠢᠨᠰᠢᠭᠦᠯᠬᠦ ᠵᠢᠨ ᠰᠢᠨ᠎ᠡ ᠵᠢ ᠡᠭᠦᠳᠪᠡ᠃ ᠣᠳᠣᠬᠠᠨ᠎ᠳᠤ᠂ 90%᠎ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠵᠢᠨ ᠭᠠᠵᠠᠷ ᠣᠷᠣᠨ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ᠎ᠪᠠᠷ ᠬᠤᠳᠠᠯᠳᠤᠭ᠋ᠠᠨ᠎ᠤ ᠳᠠᠭ᠋ᠠᠳᠬᠠᠯ᠎ᠤᠨ ᠺᠣᠮᠫᠠᠨᠢ᠎ᠳᠤ ᠨᠠᠶ᠋ᠢᠳᠠᠵᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠬᠢᠯᠭᠡᠵᠦ ᠪᠠᠶ᠋ᠢᠭ᠎ᠠ᠎ᠨᠢ ᠬᠤᠳᠠᠯᠳᠤᠭ᠋ᠠᠨ᠎ᠤ ᠳᠠᠭ᠋ᠠᠳᠬᠠᠯ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠭᠰᠡᠨ ᠵᠶ᠋ᠠᠷ ᠪᠠᠷᠠᠬᠤ ᠦᠭᠡᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠴᠦ᠍ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠳᠠᠭ᠋ᠠᠳᠬᠠᠯ᠎ᠤᠨ ᠴᠢᠳᠠᠮᠵᠢ ᠪᠣᠯ ᠲᠦᠭᠰᠢᠭᠦᠷᠢ ᠵᠢ ᠰᠡᠷᠭᠡᠶ᠋ᠢᠯᠡᠬᠦ ᠶᠠᠪᠤᠳᠠᠯ ᠪᠣᠯᠣᠨ᠎ᠠ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠠᠴᠠ ᠭᠠᠳᠠᠨ᠎ᠠ᠂ ᠳᠠᠭ᠋ᠠᠳᠬᠠᠯ᠎ᠳᠤ ᠣᠷᠣᠯᠴᠠᠭᠴᠢ ᠬᠤᠳᠠᠯᠳᠤᠭ᠋ᠠᠨ᠎ᠤ ᠳᠠᠭ᠋ᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ᠎ᠨᠢ ᠬᠤᠪᠢ ᠬᠥᠮᠥᠨ᠎ᠤ ᠰᠠᠨᠠᠭ᠎ᠠ ᠪᠠ ᠳᠠᠭ᠋ᠠᠭ᠋ᠠᠬᠤ ᠴᠢᠳᠠᠪᠤᠷᠢ᠎ᠠᠴᠠ ᠪᠣᠯᠣᠨ᠎ᠠ᠃ ᠡᠲᠡᠭᠡᠷ ᠵᠢᠯ᠎ᠤᠳ᠎ᠲᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠯ᠎ᠡ ᠭᠠᠵᠠᠷ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠲᠣᠭᠲᠠᠴᠠ ᠵᠢᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠵᠠᠷᠢᠮ ᠭᠠᠵᠠᠷ ᠣᠷᠣᠨ᠎ᠤ ᠰᠦᠪᠡᠭᠴᠢᠯᠡᠯᠲᠡ᠎ᠨᠢ ᠨᠡᠯᠢᠶᠡᠳ ᠪᠦᠲᠦᠮᠵᠢᠲᠡᠢ ᠪᠠᠶ᠋ᠢᠨ᠎ᠠ᠃
ᠵᠢᠱ᠌ᠢᠶᠡᠯᠡᠪᠡᠯ᠂ ᠵᠧᠵᠢᠶᠠᠩ ᠮᠤᠵᠢ ᠵᠢᠨ ᠵᠢᠨᠬᠤᠸᠠ ᠬᠤᠲᠠ 《ᠵᠠᠰᠠᠭ᠎ᠤᠨ ᠣᠷᠳᠣᠨ ᠠᠵᠢᠯᠯᠠᠭ᠎ᠠ᠎ᠲᠠᠢ᠂ ᠬᠤᠳᠠᠯᠳᠤᠭ᠋ᠠᠨ᠎ᠤ ᠳᠠᠭ᠋ᠠᠳᠬᠠᠯ ᠳᠠᠭ᠋ᠠᠭ᠋ᠠᠨ ᠬᠢᠭᠰᠡᠨ᠂ ᠨᠡᠶ᠋ᠢᠭᠡᠮ ᠵᠶ᠋ᠠᠷ ᠵᠶ᠋ᠠᠨ ᠵᠠᠰᠠᠵᠠᠭ᠋ᠠᠭᠰᠠᠨ》 ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯᠯᠠᠭ᠋ᠠᠨ᠎ᠤ ᠵᠠᠭᠪᠤᠷ᠎ᠢ ᠢᠳᠡᠪᠬᠢᠲᠡᠢ᠎ᠪᠠᠷ ᠬᠠᠶ᠋ᠢᠨ ᠰᠦᠪᠡᠭᠴᠢᠯᠡᠵᠦ᠂ ᠬᠦᠨᠳᠦ ᠡᠪᠡᠳᠴᠢᠨ᠎ᠤ ᠳᠠᠭ᠋ᠠᠳᠬᠠᠯ᠎ᠢ ᠬᠤᠳᠠᠯᠳᠤᠭ᠋ᠠᠨ᠎ᠤ ᠳᠠᠭ᠋ᠠᠳᠬᠠᠯ᠎ᠤᠨ ᠺᠣᠮᠫᠠᠨᠢ ᠵᠢᠨ ᠬᠤᠲᠠ ᠵᠢᠨ ᠲᠣᠭᠲᠠᠭ᠋ᠠᠭᠰᠠᠨ ᠬᠡᠯᠪᠡᠷᠢ ᠵᠢᠨ ᠬᠤᠳᠠᠯᠳᠤᠭ᠋ᠠᠨ᠎ᠤ ᠳᠠᠭ᠋ᠠᠳᠬᠠᠯ᠎ᠲᠠᠢ ᠠᠭᠤᠰᠤᠯᠴᠠᠭᠤᠯᠵᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠦᠨᠳᠦᠰᠦᠨ ᠳᠠᠭ᠋ᠠᠳᠬᠠᠯ᠎ᠤᠨ ᠰᠦᠢ᠍ᠳᠬᠡᠯ᠎ᠤᠨ ᠰᠠᠭᠤᠷᠢᠨ ᠳᠡᠭᠡᠷ᠎ᠡ᠂ ᠬᠤᠪᠢ ᠬᠥᠮᠥᠨ᠎ᠤ 《ᠳᠠᠭ᠋ᠠᠳᠬᠠᠯ᠎ᠤᠨ ᠰᠦᠢ᠍ᠳᠬᠡᠯ᠎ᠢ ᠰᠣᠩᠭᠤᠨ ᠲᠤᠰᠢᠶᠠᠬᠤ》 ᠲᠣᠭᠲᠠᠴᠠ ᠵᠢᠨ ᠰᠢᠨ᠎ᠡ ᠵᠢ ᠡᠭᠦᠳᠴᠦ᠂ 《ᠢᠯᠡᠭᠦᠦ ᠲᠤᠰᠢᠶᠠᠪᠠᠯ ᠢᠯᠡᠭᠦᠦ ᠣᠯᠬᠤ᠂ ᠦᠷᠭᠦᠯᠵᠢᠯᠡᠨ ᠲᠤᠰᠢᠶᠠᠪᠠᠯ ᠢᠯᠡᠭᠦᠦ ᠣᠯᠬᠤ》 ᠵᠢ ᠪᠡᠶᠡᠯᠡᠭᠦᠯᠵᠡᠢ᠃ 2023 ᠣᠨ᠎ᠤ ᠡᠴᠦᠰ ᠪᠣᠯᠲᠠᠯ᠎ᠠ᠂ ᠵᠢᠨᠬᠤᠸᠠ ᠵᠢᠨ ᠬᠦᠨᠳᠦ ᠡᠪᠡᠳᠴᠢᠨ᠎ᠤ ᠳᠠᠭ᠋ᠠᠳᠬᠠᠯ᠎ᠨᠢ ᠨᠡᠶ᠋ᠢᠲᠡ 64.53 ᠲᠦᠮᠡᠨ ᠬᠥᠮᠥᠨ᠎ᠤ ᠳᠠᠷᠤᠭ᠋ᠠᠰᠤ ᠵᠢ 75.84 ᠳ᠋ᠦᠩᠰᠢᠭᠤᠷ ᠲᠥᠭᠦᠷᠢᠭ ᠬᠥᠩᠭᠡᠯᠡᠵᠦ᠂ ᠲᠠᠩᠰᠠ ᠲᠠᠶ᠋ᠢᠯᠤᠭᠰᠠᠨ ᠵᠣᠭᠤᠰ᠎ᠤᠨ ᠲᠤᠭ᠎ᠠ᠎ᠨᠢ 20 ᠲᠦᠮᠡᠨ ᠲᠥᠭᠦᠷᠢᠭ᠎ᠠᠴᠠ ᠳᠡᠭᠡᠭᠰᠢ᠎ᠨᠢ 1798 ᠬᠥᠮᠥᠨ ᠪᠠᠶ᠋ᠢᠪᠠ᠃