ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ 《ᠰᠠᠶ᠋ᠢᠨ ᠡᠭᠦᠯᠳᠡᠷ᠂ ᠰᠠᠶ᠋ᠢᠨ ᠲᠣᠬᠢᠶᠠᠯ᠂ ᠰᠠᠶ᠋ᠢᠨ ᠠᠷᠭ᠎ᠠ ᠵᠢ ᠳᠡᠯᠭᠡᠷᠡᠭᠦᠯᠬᠦ᠎ᠪᠠᠨ ᠡᠷᠴᠢᠮᠵᠢᠭᠦᠯᠵᠦ᠂ ᠨᠠᠷᠢᠯᠢᠭ ᠳᠠᠷᠢᠵᠤ ᠨᠢᠮᠪᠠᠢ ᠠᠷᠠᠴᠢᠯᠠᠬᠤ᠎ᠳᠤ ᠬᠦᠴᠦ ᠲᠠᠯᠪᠢᠨ᠂ ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠪᠠ ᠴᠢᠨᠠᠷ᠎ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭ᠋ᠠᠳ ᠴᠤ᠌ ᠪᠠᠶᠠᠵᠢᠵᠤ ᠳᠡᠶ᠋ᠢᠯᠬᠦ ᠪᠣᠯᠭ᠋ᠠᠨ᠎ᠠ》 ᠭᠡᠵᠡᠢ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ 《ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠭᠤᠣᠯᠳᠠᠯᠭ᠎ᠠ ᠵᠢ ᠨᠢᠭᠡᠴᠢ ᠲᠠᠯᠠᠪᠠᠢ ᠵᠢᠨ ᠤᠨᠠᠯᠲᠠ ᠵᠢ ᠶᠡᠭᠡ ᠬᠡᠪᠴᠢᠶ᠎ᠡ᠎ᠪᠠᠷ ᠨᠡᠮᠡᠭᠳᠡᠭᠦᠯᠬᠦ ᠳᠡᠭᠡᠷ᠎ᠡ ᠲᠠᠯᠪᠢᠬᠤ ᠬᠡᠷᠡᠭᠲᠡᠢ》 《ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠢ》 ᠭᠡᠵᠦ ᠳᠤᠷᠠᠳᠤᠨ ᠭᠠᠷᠭ᠋ᠠᠵᠠᠢ᠃
ᠨᠢᠳᠤᠨᠤᠨ᠂ ᠰᠢᠷ᠎ᠠ ᠪᠤᠷᠴᠠᠭ᠂ ᠡᠷᠳᠡᠨᠢ ᠰᠢᠰᠢ ᠬᠤᠶᠠᠷ ᠶᠡᠭᠡ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠮᠠᠨ᠎ᠤ ᠤᠯᠤᠰ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠭᠦᠯᠦᠭᠡᠳ᠂ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃ ᠭᠤᠣᠯᠳᠠᠯᠭ᠎ᠠ᠎ᠲᠠᠢ ᠰᠢᠶᠠᠨ᠎ᠤ ᠰᠢᠷ᠎ᠠ ᠪᠤᠷᠴᠠᠭ᠂ ᠡᠷᠳᠡᠨᠢ ᠰᠢᠰᠢ ᠵᠢᠨ ᠮᠦ᠍ ᠪᠦᠷᠢ ᠵᠢᠨ ᠤᠨᠠᠯᠲᠠ ᠵᠢ ᠲᠤᠰ ᠲᠤᠰ 19.9 ᠺᠢᠯᠣᠭ᠌ᠷᠠᠮ᠂ 72.6 ᠺᠢᠯᠣᠭ᠌ᠷᠠᠮ ᠨᠡᠮᠡᠭᠳᠡᠭᠦᠯᠵᠦ᠂ ᠤᠨᠠᠯᠲᠠ ᠵᠢ ᠨᠡᠮᠡᠭᠳᠡᠭᠦᠯᠬᠦ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ ᠵᠢ 73%᠎ᠠᠴᠠ ᠳᠠᠪᠠᠭᠤᠯᠵᠤ᠂ ᠪᠦᠬᠦ ᠤᠯᠤᠰ᠎ᠤᠨ ᠠᠮᠤ ᠪᠤᠳᠠᠭ᠋ᠠᠨ᠎ᠤ ᠮᠦ᠍ ᠪᠦᠷᠢ ᠵᠢᠨ ᠤᠨᠠᠯᠲᠠ ᠵᠢ ᠳᠠᠶ᠋ᠢᠴᠢᠯᠠᠨ 2.9 ᠺᠢᠯᠣᠭ᠌ᠷᠠᠮ ᠨᠡᠮᠡᠭᠳᠡᠭᠦᠯᠪᠡ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠠᠷᠢᠮᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠤᠷᠢᠶᠠᠨ᠎ᠤ ᠱᠦᠵᠢ ᠯᠢᠦ ᠯᠦ᠍ ᠰᠢᠶᠠᠩ ᠢᠯᠡᠷᠬᠡᠶ᠋ᠢᠯᠡᠬᠦ᠎ᠳᠤ᠎ᠪᠠᠨ᠂ ᠲᠠᠷᠢᠶᠠᠨ ᠭᠠᠵᠠᠷ ᠬᠢᠭᠡᠳ ᠤᠰᠤᠨ᠎ᠤ ᠡᠬᠢ ᠪᠠᠶᠠᠯᠢᠭ᠎ᠤᠨ ᠬᠢᠵᠠᠭ᠋ᠠᠷᠯᠠᠯ᠎ᠠᠴᠠ ᠪᠣᠯᠵᠤ᠂ ᠣᠳᠣᠬᠠᠨ᠎ᠳᠤ ᠮᠠᠨ᠎ᠤ ᠤᠯᠤᠰ᠎ᠤᠨ ᠲᠠᠯᠠᠪᠠᠢ ᠵᠢ ᠥᠷᠭᠡᠳᠬᠡᠬᠦ᠎ᠳᠤ ᠲᠦᠰᠢᠭᠯᠡᠨ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠣᠷᠣᠨ ᠵᠠᠢ ᠨᠡᠯᠢᠶᠡᠳ ᠬᠢᠵᠠᠭ᠋ᠠᠷ᠎ᠲᠠᠢ ᠪᠠᠶ᠋ᠢᠨ᠎ᠠ᠂ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠭᠤᠣᠯ ᠠᠷᠭ᠎ᠠ ᠵᠠᠮ ᠪᠣᠯ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠎ᠳᠤ ᠲᠦᠰᠢᠭᠯᠡᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠶᠠᠪᠤᠳᠠᠯ ᠶᠤᠮ ᠭᠡᠯᠡ᠃
ᠶᠡᠷᠦᠩᠬᠡᠢ᠎ᠳᠤ᠎ᠨᠢ ᠠᠪᠴᠤ ᠦᠵᠡᠪᠡᠯ᠂ ᠮᠠᠨ᠎ᠤ ᠤᠯᠤᠰ᠎ᠤᠨ ᠠᠮᠤ ᠲᠣᠰᠣᠨ᠎ᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠶᠡᠭᠡ ᠬᠡᠪᠴᠢᠶ᠎ᠠ᠎ᠪᠠᠷ ᠨᠡᠮᠡᠭᠳᠡᠭᠦᠯᠬᠦ ᠲᠠᠯ᠎ᠠ᠎ᠪᠠᠷ ᠮᠥᠨ ᠨᠡᠯᠢᠶᠡᠳ ᠶᠡᠭᠡ ᠨᠢᠭᠤᠭᠳᠠᠮᠠᠯ ᠬᠦᠴᠦᠨ ᠪᠤᠢ᠃ ᠮᠡᠷᠭᠡᠵᠢᠯᠲᠡᠳ᠎ᠤᠨ ᠵᠢᠭ᠋ᠠᠵᠤ ᠭᠠᠷᠭ᠋ᠠᠭᠰᠠᠨ ᠵᠶ᠋ᠠᠷ᠂ ᠳᠡᠯᠡᠬᠡᠢ ᠵᠢᠨ ᠲᠡᠷᠢᠭᠦᠨ᠎ᠤ ᠲᠦᠪᠰᠢᠨ᠎ᠲᠠᠢ ᠬᠠᠷᠢᠴᠠᠭᠤᠯᠪᠠᠯ᠂ ᠮᠠᠨ᠎ᠤ ᠤᠯᠤᠰ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ᠎ᠤᠨ ᠳᠤᠮᠳᠠᠴᠢ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠣᠷᠣᠨ ᠵᠠᠢᠲᠠᠢ ᠪᠠᠶ᠋ᠢᠭᠰᠠᠭ᠋ᠠᠷ᠃ ᠠᠳᠠᠯᠢ ᠪᠤᠰᠤ ᠭᠠᠵᠠᠷ ᠣᠷᠣᠨ᠎ᠳᠤ᠂ ᠲᠠᠷᠢᠮᠠᠯ᠎ᠤᠨ ᠳᠦᠷᠢᠮ᠂ ᠳᠠᠷᠢᠵᠤ ᠤᠷᠭᠤᠭᠤᠯᠬᠤ ᠵᠠᠭᠪᠤᠷ᠂ ᠮᠡᠷᠭᠡᠵᠢᠯ ᠵᠶ᠋ᠠᠨ ᠪᠣᠲᠠᠲᠠᠶ᠋ᠢᠵᠢᠭᠤᠯᠤᠭᠰᠠᠨ ᠨᠣᠷᠮ᠎ᠠ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠤ᠂ ᠮᠥᠨ ᠠᠳᠠᠯᠢᠬᠠᠨ ᠵᠶ᠋ᠠᠷ ᠨᠢᠭᠡᠴᠢ ᠲᠠᠯᠠᠪᠠᠢ ᠵᠢᠨ ᠤᠨᠠᠯᠲᠠ ᠵᠢᠨ ᠵᠥᠷᠢᠶ᠎ᠡ ᠢᠯᠡᠳᠲᠡ ᠣᠷᠣᠰᠢᠵᠤ ᠪᠠᠶ᠋ᠢᠨ᠎ᠠ᠃
ᠡᠨᠡ ᠵᠢᠯ᠂ ᠮᠠᠨ᠎ᠤ ᠤᠯᠤᠰ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢᠨ᠎ᠤ ᠠᠵᠢᠯᠯᠠᠭ᠎ᠠ ᠵᠢ ᠯᠠᠪᠳᠠᠭᠤᠨ ᠵᠶ᠋ᠠᠷ ᠠᠬᠢᠭᠤᠯᠬᠤ ᠪᠣᠯᠣᠨ᠎ᠠ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ ᠪᠣᠯ᠂ ᠨᠢᠭᠡᠴᠢ ᠲᠠᠯᠠᠪᠠᠢ ᠵᠢᠨ ᠤᠨᠠᠯᠲᠠ ᠭᠡᠬᠦ ᠡᠨᠡ ᠬᠦ᠌ ᠵᠠᠩᠭᠢᠯᠠᠭ᠎ᠠ ᠵᠢᠨ ᠬᠤᠪᠢᠰᠤᠭᠴᠢ ᠬᠡᠮᠵᠢᠭᠳᠡᠬᠦᠨ᠎ᠳᠤ ᠴᠢᠭᠯᠡᠭᠦᠯᠦᠨ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠮᠡᠷᠭᠡᠵᠢᠯ᠎ᠤᠨ ᠨᠢᠭᠡ ᠪᠦᠯᠦᠭ ᠵᠠᠭᠪᠤᠷ᠎ᠤᠳ᠎ᠢ ᠦᠷᠭᠦᠯᠵᠢᠯᠡᠨ ᠬᠤᠷᠠᠮᠳᠤᠭᠤᠯᠵᠤ᠂ ᠤᠨᠠᠯᠲᠠ ᠪᠠ ᠦᠷ᠎ᠡ ᠠᠰᠢᠭ᠎ᠢ ᠨᠡᠮᠡᠭᠳᠡᠭᠦᠯᠬᠦ ᠨᠢᠭᠡ ᠪᠦᠯᠦᠭ ᠵᠠᠩᠭᠢᠯᠠᠭ᠎ᠠ ᠵᠢᠨ ᠮᠡᠷᠭᠡᠵᠢᠯ᠎ᠤᠳ᠎ᠢ ᠦᠷᠭᠦᠯᠵᠢᠯᠡᠨ ᠳᠡᠯᠭᠡᠷᠡᠭᠦᠯᠵᠦ᠂ ᠶᠡᠭᠡ ᠬᠡᠪᠴᠢᠶᠡᠲᠦ ᠪᠦᠬᠦᠯᠢ ᠪᠠᠶ᠋ᠢᠭᠤᠯᠤᠮᠵᠢ ᠵᠢᠨ ᠳᠦᠷᠢᠮᠲᠦ ᠥᠨᠳᠥᠷ ᠤᠨᠠᠯᠲᠠ᠎ᠲᠠᠢ ᠨᠢᠭᠡ ᠪᠦᠯᠦᠭ ᠨᠡᠶ᠋ᠢᠲᠡᠯᠢᠭ ᠵᠢᠱ᠌ᠢᠶᠡᠨᠦᠭᠦᠳᠢ ᠦᠷᠭᠦᠯᠵᠢᠯᠡᠨ ᠠᠭᠤᠳᠠᠯᠵᠤ᠂ ᠠᠮᠤ ᠲᠤᠰᠤᠨ᠎ᠤ ᠨᠢᠭᠡᠴᠢ ᠲᠠᠯᠠᠪᠠᠢ ᠵᠢᠨ ᠤᠨᠠᠯᠲᠠ ᠵᠢᠨ ᠨᠢᠭᠤᠭᠳᠠᠮᠠᠯ ᠬᠦᠴᠦᠨ᠎ᠢ ᠪᠦᠬᠦ ᠲᠠᠯ᠎ᠠ᠎ᠪᠠᠷ᠂ ᠪᠦᠬᠦ ᠶᠠᠪᠤᠴᠠ᠎ᠳᠤ ᠠᠭᠤᠳᠠᠯᠤᠨ᠂ 《ᠤᠯᠠᠨ ᠮᠡᠷᠭᠡᠵᠢᠯ᠎ᠢ ᠬᠤᠷᠠᠮᠳᠤᠭᠤᠯᠵᠤ᠂ ᠶᠡᠭᠡ ᠬᠡᠪᠴᠢᠶ᠎ᠡ᠎ᠪᠠᠷ ᠲᠦᠭᠡᠮᠡᠯᠵᠢᠭᠦᠯᠬᠦ》 ᠲᠡᠩᠴᠡᠭᠦᠷᠢᠲᠡᠢ ᠤᠨᠠᠯᠲᠠ ᠵᠢ ᠨᠡᠮᠡᠭᠳᠡᠭᠦᠯᠬᠦ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠨ᠎ᠡ᠃
— ᠭᠤᠣᠯᠳᠠᠯᠭ᠎ᠠ᠎ᠲᠠᠢ ᠣᠷᠣᠨ ᠪᠦᠰᠡ ᠵᠢ ᠠᠳᠬᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂ ᠰᠢᠯᠢᠮᠳᠡᠭ ᠵᠡᠷᠭᠡ ᠳᠦᠷᠪᠡᠨ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤ ᠳᠤᠰᠤᠨ᠎ᠤ ᠭᠤᠣᠯ ᠭᠠᠷᠤᠯᠲᠠ ᠵᠢᠨ ᠰᠢᠶᠠᠨ᠎ᠳᠤ ᠪᠦᠬᠦᠯᠢ ᠪᠠᠶ᠋ᠢᠭᠤᠯᠤᠮᠵᠢ ᠵᠢᠨ ᠳᠦᠷᠢᠮ ᠵᠶ᠋ᠠᠷ ᠠᠬᠢᠭᠤᠯᠤᠨ᠂ ᠨᠢᠭᠡᠴᠢ ᠲᠠᠯᠠᠪᠠᠢ ᠵᠢᠨ ᠤᠨᠠᠯᠲᠠ ᠵᠢ ᠶᠡᠭᠡ ᠬᠡᠪᠴᠢᠶ᠎ᠡ᠎ᠪᠠᠷ ᠨᠡᠮᠡᠭᠳᠡᠭᠦᠯᠬᠦ ᠵᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃
— ᠵᠢᠱ᠌ᠢᠶ᠎ᠡ ᠦᠵᠡᠭᠦᠯᠵᠦ ᠳᠠᠶ᠋ᠢᠴᠢᠯᠠᠬᠤ ᠵᠢ ᠠᠳᠬᠤᠨ᠎ᠠ᠃ ᠪᠦᠬᠦᠯᠢ ᠪᠠᠶ᠋ᠢᠭᠤᠯᠤᠮᠵᠢ ᠵᠢᠨ ᠳᠦᠷᠢᠮ ᠵᠶ᠋ᠠᠷ ᠰᠢᠶᠠᠨ ᠬᠢᠭᠡᠳ ᠭᠤᠣᠯᠳᠠᠯᠭ᠎ᠠ᠎ᠲᠠᠢ ᠲᠠᠷᠢᠮᠠᠯ᠎ᠢ ᠠᠬᠢᠭᠤᠯᠬᠤ ᠵᠢᠨ ᠲᠣᠭᠤᠷᠢᠨ᠎ᠳᠤ᠂ 《ᠭᠤᠣᠯᠯᠠᠭᠴᠢ ᠲᠦᠷᠦᠯ ᠵᠦᠢ᠍ᠯ᠂ ᠭᠤᠣᠯ ᠳᠡᠯᠭᠡᠷᠡᠭᠦᠯᠬᠦ ᠮᠡᠷᠭᠡᠵᠢᠯ᠂ ᠭᠤᠣᠯ ᠮᠠᠰᠢᠨ᠎ᠤ ᠬᠡᠯᠪᠡᠷᠢ》 ᠵᠢ ᠲᠤᠪᠤᠶ᠋ᠢᠯᠭ᠋ᠠᠵᠦ᠂ ᠮᠡᠷᠭᠡᠵᠢᠯ᠎ᠤᠨ ᠪᠣᠯᠪᠠᠰᠤᠷᠠᠯ᠂ ᠵᠢᠯᠣᠭᠤᠳᠤᠯᠭ᠎ᠠ ᠦᠢ᠍ᠯᠡᠴᠢᠯᠡᠭᠡ ᠵᠡᠷᠭᠡ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ; ᠨᠢᠭᠡ ᠪᠦᠯᠦᠭ ᠬᠡᠪᠴᠢᠶᠡᠵᠢᠭᠦᠯᠦᠨ ᠳᠠᠷᠢᠬᠤ ᠭᠤᠣᠯ ᠴᠣᠭᠴᠠ ᠪᠠ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠭᠤᠣᠯ ᠴᠣᠭᠴᠠ ᠵᠢ ᠪᠣᠶ᠋ᠢᠵᠢᠭᠤᠯᠬᠤ ᠵᠢ ᠲᠡᠳᠬᠦᠨ ᠳᠡᠮᠵᠢᠵᠦ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ ᠨᠢᠭᠡᠴᠢ ᠲᠠᠯᠠᠪᠠᠢ ᠵᠢᠨ ᠤᠨᠠᠯᠲᠠ ᠵᠢ ᠶᠡᠭᠡ ᠬᠡᠪᠴᠢᠶ᠎ᠡ᠎ᠪᠠᠷ ᠨᠡᠮᠡᠭᠳᠡᠭᠦᠯᠬᠦ ᠵᠢ ᠠᠬᠢᠭᠤᠯᠤᠨ᠎ᠠ᠃
— ᠮᠡᠷᠭᠡᠵᠢᠯ᠎ᠢ ᠪᠣᠲᠠᠲᠠᠶ᠋ᠢᠵᠢᠭᠤᠯᠬᠤ ᠵᠢ ᠠᠳᠬᠤᠨ᠎ᠠ᠃ ᠮᠡᠷᠭᠡᠵᠢᠯᠲᠡᠳ᠎ᠤᠨ ᠪᠦᠯᠬᠦᠮ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠪᠤᠷᠢ ᠠᠩᠭᠢ ᠵᠢ ᠵᠣᠬᠢᠶᠠᠨ ᠪᠠᠶ᠋ᠢᠭᠤᠯᠵᠤ᠂ ᠴᠢᠬᠤᠯᠠ ᠲᠠᠷᠢᠶᠠᠯᠠᠩ᠎ᠤᠨ ᠴᠠᠭ᠎ᠤᠨ ᠵᠠᠩᠭᠢᠯᠠᠭ᠎ᠠ ᠵᠢᠨ ᠴᠡᠭ᠎ᠢ ᠴᠢᠩᠭ᠎ᠠ ᠠᠩᠬᠠᠷᠴᠤ᠂ ᠭᠤᠭᠴᠤᠭ᠎ᠠ ᠪᠠ ᠲᠦᠷᠦᠯ ᠵᠦᠢ᠍ᠯ ᠬᠤᠪᠢᠶᠠᠨ ᠪᠠᠶ᠋ᠢᠴᠠᠭ᠋ᠠᠨ ᠰᠣᠳᠣᠯᠵᠤ ᠵᠢᠭ᠋ᠠᠨ ᠵᠢᠯᠤᠭᠤᠳᠤᠨ᠎ᠠ; ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠳᠠᠪᠠᠭᠤᠯᠢᠭ᠎ᠢ ᠪᠠᠳᠠᠷᠠᠭᠤᠯᠵᠤ᠂ ᠲᠠᠷᠢᠮᠠᠯ ᠪᠠ ᠣᠷᠣᠨ ᠪᠦᠰᠡ ᠬᠤᠪᠢᠶᠠᠨ ᠪᠣᠯᠪᠠᠰᠤᠷᠠᠭᠤᠯᠬᠤ ᠲᠥᠯᠥᠪᠯᠡᠭᠡ ᠵᠢ ᠳᠣᠭᠲᠠᠭ᠋ᠠᠨ᠂ ᠵᠠᠩᠭᠢᠯᠠᠭ᠎ᠠ ᠵᠢᠨ ᠮᠡᠷᠭᠡᠵᠢᠯ᠎ᠢ ᠪᠣᠳᠠᠲᠠᠶ᠋ᠢᠵᠢᠭᠤᠯᠬᠤ ᠨᠤᠷᠮ᠎ᠠ ᠵᠢ ᠳᠡᠭᠡᠭᠰᠢᠯᠡᠭᠦᠯᠦᠨ᠎ᠡ᠃
ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠮᠥᠨ᠃ ᠡᠨᠡ ᠵᠢᠯ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠨᠢ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ᠂ ᠠᠮᠤ ᠪᠤᠳᠠᠭ᠋ᠠᠨ᠎ᠤ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠪᠦᠲᠦᠮᠵᠢᠲᠡᠶ ᠠᠵᠢᠯᠯᠠᠭ᠎ᠠ᠂ ᠠᠮᠤ ᠲᠣᠰᠣᠨ᠎ᠤ ᠬᠡᠪᠴᠢᠶᠡᠲᠦ ᠲᠠᠷᠢᠮᠠᠯ᠎ᠤᠨ ᠭᠤᠣᠯ ᠴᠣᠭᠴᠠ ᠵᠢᠨ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠡᠷᠭᠡ ᠵᠢᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯ᠎ᠡ ᠭᠠᠵᠠᠷ᠎ᠤᠨ ᠨᠢᠭᠡᠴᠢ ᠲᠠᠯᠠᠪᠠᠢ ᠵᠢᠨ ᠤᠨᠠᠯᠲᠠ᠎ᠪᠠᠨ ᠶᠡᠭᠡ ᠬᠡᠪᠴᠢᠶ᠎ᠡ᠎ᠪᠠᠷ ᠨᠡᠮᠡᠭᠳᠡᠭᠦᠯᠬᠦ ᠵᠢ᠎ᠨᠢ ᠳᠡᠮᠵᠢᠨ᠎ᠡ᠃ ᠡᠭᠦᠨ᠎ᠤ ᠬᠠᠮᠲᠤ᠂ ᠲᠠᠷᠢᠶᠠᠯᠠᠩ ᠬᠥᠳᠡᠭᠡ ᠲᠣᠰᠬᠤᠨ᠎ᠤ ᠰᠢᠰᠲ᠋ᠧᠮᠲᠦ ᠬᠦᠴᠦᠨ᠎ᠢ ᠨᠡᠶ᠋ᠢᠳᠬᠡᠵᠦ ᠶᠡᠭᠡ ᠬᠠᠮᠵᠢᠯᠴᠠᠭ᠎ᠠ᠂ ᠶᠡᠭᠡ ᠪᠡᠷᠬᠡ ᠰᠢᠢ᠍ᠳᠪᠦᠷᠢᠯᠡᠯᠲᠡ ᠵᠢ ᠥᠷᠨᠢᠭᠦᠯᠦᠨ᠂ ᠡᠬᠢ ᠪᠠᠶᠠᠯᠢᠭ ᠪᠠ ᠬᠦᠴᠦᠨ ᠵᠶ᠋ᠠᠨ ᠲᠥᠪᠯᠡᠷᠡᠭᠦᠯᠵᠦ ᠪᠠᠶ᠋ᠢᠭ᠋ᠠᠳ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠲᠠᠲᠠᠶ᠋ᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠪᠣᠯᠣᠨ᠎ᠠ᠃