ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠠᠬᠢᠯᠭ᠎ᠠ ᠪᠠᠲᠤ ᠵᠢ ᠰᠤᠷᠴᠤ ᠮᠡᠳᠡᠵᠦ ᠣᠶ᠋ᠢᠯᠠᠭ᠋ᠠᠨ ᠰᠠᠬᠢᠶ᠎ᠠ
ᠨᠡᠶ᠋ᠢᠲᠡᠯᠡᠭᠰᠡᠨ ᠴᠠᠭ᠄ 2024-04-26

    ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ 《ᠪᠥᠬᠦ ᠨᠠᠮ᠎ᠤᠨ ᠬᠡᠪᠴᠢᠶᠡᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠳ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ᠎ᠪᠠᠷ ᠵᠥᠪᠰᠢᠶᠡᠷᠡᠭᠦᠯᠦᠭᠡᠳ᠂ 2024 ᠣᠨ᠎ᠤ 4 ᠳ᠋ᠦ᠍ᠭᠡᠷ ᠰᠠᠷ᠎ᠠ᠎ᠠᠴᠠ 7 ᠳ᠋ᠤᠭ᠋ᠠᠷ ᠰᠠᠷ᠎ᠠ ᠪᠣᠯᠲᠠᠯ᠎ᠠ᠂ ᠪᠥᠬᠦ ᠨᠠᠮ᠎ᠤᠨ ᠬᠡᠪᠴᠢᠶᠡᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ᠭᠡᠵᠦ ᠵᠢᠭ᠋ᠠᠨ ᠭᠠᠷᠭ᠋ᠠᠪᠠ᠃ ᠲᠤᠰ ᠤᠳᠠᠭ᠋ᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃
    《ᠰᠠᠬᠢᠯᠭ᠎ᠠ ᠪᠠᠲᠤᠴᠢ ᠴᠢᠨᠠᠷ᠎ᠢ ᠴᠢᠩᠭ᠋ᠠᠳᠬᠠᠪᠠᠯ ᠬᠤᠪᠢᠰᠬᠠᠯ ᠢᠯᠠᠭᠳᠠᠬᠤ ᠭᠡᠵᠦ ᠪᠠᠶ᠋ᠢᠬᠤ ᠦᠭᠡᠢ ᠶᠤᠮ᠃》 ᠰᠠᠬᠢᠯᠭ᠎ᠠ ᠪᠠᠲᠤ ᠴᠢᠩᠭ᠎ᠠ ᠪᠠᠶ᠋ᠢᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠮᠥᠷᠲᠡᠭᠡᠨ ᠥᠪᠡᠷᠮᠢᠴᠡ ᠳᠠᠪᠠᠭᠤᠯᠢᠭ ᠮᠥᠨ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠵᠢ ᠡᠭᠦᠷᠭᠡᠯᠡᠵᠦ ᠪᠠᠶ᠋ᠢᠬᠤ ᠪᠥᠭᠡᠳ ᠤᠷᠤᠭᠰᠢᠯᠠᠯᠲᠠ ᠵᠢᠨ ᠵᠠᠮ᠎ᠳᠤ ᠬᠦᠨᠳᠦ ᠶᠡᠭᠡ ᠥᠷᠢᠰᠦᠯᠳᠦᠭᠡᠨ᠎ᠨᠦᠭᠦᠳ ᠲᠤᠯᠭ᠋ᠠᠷᠠᠭᠰᠠᠭ᠋ᠠᠷ ᠪᠤᠢ᠃ ᠨᠠᠮ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠨᠡᠩ ᠪᠤᠳᠤᠯᠢᠶᠠᠨᠲᠠᠢ ᠪᠣᠯᠬᠤ ᠲᠤᠳᠤᠮ ᠡᠭᠦᠷᠭᠡᠯᠡᠵᠦ ᠪᠠᠶ᠋ᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠣᠨ᠎ᠠ᠂ ᠡᠭᠦᠷᠭᠡᠯᠡᠵᠦ ᠪᠠᠶ᠋ᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠬᠤ ᠲᠤᠲᠤᠮ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠨᠡᠩ ᠴᠢᠩᠭ᠋ᠠᠳᠬᠠᠨ᠂ ᠨᠠᠮ᠎ᠤᠨ ᠪᠦᠯᠬᠦᠮᠳᠡᠯ᠎ᠢ ᠨᠡᠩ ᠬᠠᠮᠠᠭ᠋ᠠᠯᠠᠵᠤ᠂ ᠪᠦᠬᠦ ᠨᠠᠮ ᠵᠶ᠋ᠠᠷ ᠵᠶ᠋ᠠᠨ ᠠᠯᠬᠤᠮ ᠨᠢᠭᠡᠲᠡᠢ ᠤᠷᠤᠭᠰᠢᠯᠠᠬᠤ ᠵᠢ ᠯᠠᠪᠲᠠᠶ᠋ᠢᠶ᠎ᠠ ᠪᠠᠲᠤᠯᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ ᠪᠠ ᠨᠠᠮ᠎ᠤᠨ ᠰᠠᠬᠢᠯᠭ᠎ᠠ ᠪᠠᠲᠤ ᠵᠢ ᠤᠮᠳᠤᠭ᠋ᠠᠶ᠋ᠢᠯᠠᠭᠰᠠᠨ᠂ ᠵᠥᠷᠢᠴᠡᠭᠰᠡᠨ ᠠᠰᠠᠭᠤᠳᠠᠯ᠎ᠤᠨ ᠬᠤᠣᠷ ᠨᠥᠯᠥᠭᠡᠲᠦ ᠴᠢᠨᠠᠷ᠎ᠤᠨ ᠲᠤᠬᠠᠢ ᠲᠠᠨᠢᠯᠲᠠ᠎ᠪᠠᠨ ᠴᠢᠨᠠᠭᠰᠢᠳᠠ ᠤᠯᠠᠮ ᠭᠦᠨᠵᠡᠭᠡᠶ᠋ᠢᠷᠡᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠢᠭᠡᠳ ᠤᠳᠤᠷᠢᠳᠬᠤ ᠪᠠᠭ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠎ᠠ ᠠᠳᠬᠤᠬᠤ ᠵᠢ ᠠᠬᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠳ᠂ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ ᠵᠢ᠎ᠨᠢ ᠠᠬᠢᠭᠤᠯᠵᠤ᠂ ᠲᠥᠪ ᠴᠢᠩᠭ᠎ᠠ ᠰᠠᠬᠢᠯᠭ᠎ᠠ ᠪᠠᠲᠤ᠎ᠪᠠᠷ ᠪᠦᠬᠦ ᠨᠠᠮ᠎ᠤᠨ ᠡᠷᠡᠰ ᠲᠠᠰᠤᠷᠬᠠᠢ ᠤᠬᠠᠮᠰᠠᠷ᠎ᠠᠴᠠ᠎ᠪᠠᠨ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠵᠢ ᠪᠠᠷᠢᠮᠲᠠᠯᠠᠨ᠂ ᠦᠵᠡᠯ ᠰᠠᠨᠠᠭ᠎ᠠ᠎ᠪᠠᠨ ᠨᠢᠭᠡᠳᠬᠡᠵᠦ᠂ ᠦᠢ᠍ᠯᠡ ᠠᠵᠢᠯᠯᠠᠭ᠎ᠠ᠎ᠪᠠᠨ ᠨᠢᠭᠡᠳᠬᠡᠵᠦ᠂ ᠬᠢᠬᠦ ᠵᠣᠭᠰᠣᠬᠤ᠎ᠪᠠᠨ ᠮᠡᠳᠡᠨ᠂ ᠵᠠᠷᠯᠢᠭ ᠴᠠᠭ᠋ᠠᠵᠠ ᠵᠢ ᠳᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃
    ᠶᠡᠷᠦᠩᠬᠡᠢ ᠱᠦᠵᠢ ᠰᠢ ᠵᠢᠨ ᠫᠢᠩ᠄ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠮ᠎ᠤᠨ ᠭᠡᠰᠢᠭᠦᠳ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠤᠷᠴᠤ᠂ ᠮᠡᠳᠡᠵᠦ᠂ ᠣᠶ᠋ᠢᠯᠠᠭ᠋ᠠᠵᠤ᠂ ᠰᠠᠬᠢᠬᠤ ᠵᠢ᠎ᠨᠢ ᠳᠠᠭ᠋ᠠᠭᠤᠯᠤᠨ ᠵᠢᠯᠤᠭᠤᠳᠴᠤ᠂ ᠤᠳᠤᠷᠢᠳᠬᠤ ᠺᠠᠳ᠋ᠷᠴᠤᠳ᠎ᠤᠨ ᠵᠥᠪ ᠡᠷᠬᠡ ᠵᠢᠨ ᠦᠵᠡᠯᠲᠡ ᠵᠢ ᠪᠣᠶ ᠪᠣᠯᠭ᠋ᠠᠬᠤ᠂ ᠡᠷᠬᠡ᠎ᠪᠠᠨ ᠲᠥᠪ ᠭᠤᠥᠯᠴᠢ᠎ᠪᠠᠷ ᠬᠡᠷᠡᠭᠯᠡᠬᠦ᠂ ᠡᠷᠬᠡ᠎ᠪᠠᠨ ᠬᠠᠤᠯᠢ ᠶᠣᠰᠣᠭ᠋ᠠᠷ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠬᠦ ᠵᠢ ᠰᠢᠮᠳᠠᠭᠤᠯᠬᠤ ᠬᠡᠷᠡᠭᠲᠡᠢ》 ᠭᠡᠵᠦ ᠴᠢᠬᠤᠯᠠᠴᠢᠯᠠᠵᠠᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠥᠷᠨᠢᠭᠦᠯᠬᠦ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠵᠠᠷᠢᠮ ᠨᠠᠮ᠎ᠤᠨ ᠭᠡᠰᠢᠭᠦᠨ᠂ ᠺᠠᠳ᠋ᠷ᠎ᠤᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠳᠤ ᠰᠠᠨᠠᠭ᠎ᠠ ᠲᠠᠯᠪᠢᠬᠤ ᠦᠭᠡᠢ᠂ ᠣᠶ᠋ᠢᠯᠠᠭ᠋ᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ᠎ᠤᠳ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠠᠮ᠎ᠤᠨ ᠭᠡᠰᠢᠭᠦᠳ ᠢᠯᠠᠩᠭᠤᠶ᠎ᠠ ᠨᠠᠮ᠎ᠤᠨ ᠤᠳᠤᠷᠢᠳᠬᠤ ᠺᠠᠳ᠋ᠷᠴᠤᠳ᠎ᠢ ᠵᠣᠬᠢᠶᠠᠨ ᠪᠠᠶ᠋ᠢᠭᠤᠯᠤᠨ 《ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠭᠤᠯᠵᠤ᠂ ᠰᠠᠬᠢᠯᠭ᠎ᠠ ᠪᠠᠲᠤ ᠵᠢ ᠰᠤᠷᠴᠤ᠂ ᠮᠡᠳᠡᠵᠦ᠂ ᠣᠶ᠋ᠢᠯᠠᠭ᠋ᠠᠵᠤ᠂ ᠰᠠᠬᠢᠬᠤ ᠵᠢ ᠪᠡᠶᠡᠯᠡᠭᠦᠯᠵᠦ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠵᠢ ᠲᠣᠳᠣᠷᠬᠠᠢ ᠣᠶ᠋ᠢᠯᠠᠭ᠋ᠠᠵᠤ᠂ ᠶᠠᠭᠤ ᠬᠢᠵᠦ ᠪᠣᠯᠬᠤ᠂ ᠶᠠᠭᠤ ᠬᠢᠵᠦ ᠡᠰᠡ ᠪᠣᠯᠬᠤ ᠵᠢ ᠮᠡᠳᠡᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠤ᠎ᠪᠠᠨ ᠬᠠᠳᠠᠩᠰᠢᠭᠤᠯᠵᠤ᠂ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠵᠶ᠋ᠠᠨ ᠪᠠᠷᠢᠮᠵᠢᠶ᠎ᠠ ᠪᠣᠯᠭ᠋ᠠᠨ᠂ ᠰᠠᠬᠢᠯᠭ᠎ᠠ ᠪᠠᠲᠤ ᠵᠢᠨ ᠤᠬᠠᠮᠰᠠᠷ᠂ ᠥᠪᠡᠷ ᠪᠡᠶ᠎ᠡ ᠵᠢᠨ ᠬᠢᠵᠠᠭ᠋ᠠᠷᠯᠠᠯ᠂ ᠳᠠᠷᠬᠠᠯᠠᠭ᠎ᠠ᠎ᠪᠠᠨ ᠴᠢᠨᠠᠭᠰᠢᠳᠠ ᠤᠯᠠᠮ ᠳᠡᠭᠡᠭᠰᠢᠯᠡᠭᠦᠯᠵᠦ᠂ ᠤᠯᠤᠰ ᠲᠦᠷᠦ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨ᠎ᠤ ᠲᠣᠭᠲᠠᠯ ᠬᠦᠴᠦᠨ᠂ ᠢᠯᠵᠠᠷᠠᠯ᠎ᠢ ᠡᠰᠡᠷᠭᠦᠴᠡᠬᠦ ᠲᠣᠭᠲᠠᠯ ᠬᠦᠴᠦᠨ ᠵᠶ᠋ᠠᠨ ᠴᠢᠩᠭ᠋ᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ᠎ᠲᠠᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃
    ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠦᠨᠳᠦᠰᠦ ᠵᠢ᠎ᠨᠢ ᠵᠠᠰᠠᠬᠤ ᠪᠣᠳᠣᠯᠭ᠎ᠠ ᠮᠥᠨ᠃ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠲᠠᠢ ᠨᠢᠭᠡᠳᠬᠡᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠠᠮ᠎ᠤᠨ ᠭᠡᠰᠢᠭᠦᠳ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠷᠭ᠎ᠠ ᠬᠡᠮᠵᠢᠶ᠎ᠡ ᠨᠢᠭᠡᠪᠦᠷᠢ ᠵᠢ ᠴᠥᠮ ᠭᠤᠣᠯ ᠠᠵᠢᠯ᠎ᠢ ᠠᠬᠢᠭᠤᠯᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭ᠋ᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠬᠢᠶᠠᠯ ᠪᠣᠯᠭ᠋ᠠᠨ᠂ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠰᠠᠬᠢᠯᠭ᠎ᠠ ᠪᠠᠲᠤ ᠭᠡᠬᠦ ᠡᠨᠡ ᠬᠦ᠌ ᠨᠠᠮ᠎ᠢ ᠬᠠᠮᠢᠶᠠᠷᠴᠤ ᠨᠠᠮ᠎ᠢ ᠵᠠᠰᠠᠬᠤ 《ᠱᠤᠭᠤᠮ》᠎ᠢ ᠰᠠᠶ᠋ᠢᠲᠤᠷ ᠬᠡᠷᠡᠭᠯᠡᠵᠦ᠂ ᠪᠦᠬᠦ ᠨᠠᠮ ᠵᠶ᠋ᠠᠷ ᠵᠶ᠋ᠠᠨ ᠤᠬᠠᠮᠰᠠᠷ᠎ᠠᠴᠠ᠎ᠪᠠᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠵᠠᠯᠠᠷᠠᠭᠤᠯᠪᠠᠯ᠂ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠶ᠋ᠢᠭᠤᠯᠵᠤ ᠴᠢᠳᠠᠬᠤ᠎ᠨᠢ ᠯᠠᠪᠲᠠᠢ ᠶᠤᠮ᠃
    
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ