ᠢᠯᠡ ᠵᠠᠰᠠᠭ   -   ᠪᠠᠶ᠋ᠢᠭᠤᠯᠤᠮᠵᠢ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
ᠨᠡᠶ᠋ᠢᠲᠡᠯᠡᠭᠰᠡᠨ ᠴᠠᠭ᠄ 2025-03-20

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠨᠢ ᠦᠨᠳᠦᠰᠦᠲᠡᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠤᠨ ᠦᠨᠳᠦᠰᠦᠲᠡᠨ᠎ᠤ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠤ ᠦᠨᠳᠦᠰᠦᠲᠡᠨ᠎ᠤ ᠠᠵᠢᠯ᠎ᠳᠠᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ᠎ᠠ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠭᠣᠣᠯ ᠡᠭᠦᠷᠭᠡ ᠬᠠᠷᠢᠭᠤᠴᠠᠯᠭ᠎ᠠ ᠪᠣᠯ᠄ 
      (ᠨᠢᠭᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠤᠨ᠎ᠠ᠃ 
      (ᠬᠣᠶᠠᠷ) ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠨ᠎ᠤ ᠲᠦᠷᠢᠮ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠠᠵᠢᠯ᠎ᠢ ᠡᠭᠦᠷᠭᠡᠯᠡᠵᠦ᠂ ᠦᠨᠳᠦᠰᠦᠲᠡᠨ᠎ᠤ ᠠᠵᠢᠯ᠎ᠤᠨ ᠬᠣᠯᠪᠣᠭᠳᠠᠯ ᠪᠥᠬᠥᠶ ᠵᠣᠬᠢᠴᠠᠭᠤᠯᠬᠤ ᠲᠣᠭᠲᠠᠴᠠ ᠵᠢᠨ ᠪᠣᠳᠠᠲᠠᠶ ᠬᠡᠷᠡᠭ ᠶᠠᠪᠤᠳᠠᠯ᠎ᠢ ᠬᠠᠷᠢᠭᠤᠴᠠᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠦᠨᠳᠦᠰᠦᠲᠡᠨ᠎ᠤ ᠠᠵᠢᠯ᠎ᠤᠨ ᠬᠠᠮᠢᠶ᠎ᠠ ᠪᠥᠬᠥᠶ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠵᠣᠬᠢᠴᠠᠭᠤᠯᠤᠨ ᠠᠬᠢᠭᠤᠯᠤᠨ᠎ᠠ᠃ 
      (ᠭᠤᠷᠪᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠭᠰᠠᠨ ᠦᠨᠳᠦᠰᠦᠲᠡᠨ᠎ᠤ ᠣᠨᠣᠯ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠠᠵᠢᠯ᠎ᠤᠨ ᠴᠢᠬᠤᠯᠠ ᠶᠡᠬᠡ ᠠᠰᠠᠭᠤᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ 
      (ᠳᠥᠷᠪᠡ) ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠤᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠰᠤᠳᠤᠯᠤᠨ ᠳᠤᠷᠠᠳᠤᠨ᠎ᠠ᠃ 
      (ᠲᠠᠪᠤ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢᠨ ᠪᠠᠢ᠌ᠭᠤᠯᠤᠯᠲᠠ᠎ᠳᠤ ᠣᠷᠣᠯᠴᠠᠨ᠎ᠠ; ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠰᠣᠶᠣᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠡᠭᠦᠳᠦᠯᠲᠡ᠎ᠲᠠᠢ ᠠᠭᠤᠰᠤᠯᠴᠠᠭ᠎ᠠ ᠵᠢ ᠵᠣᠬᠢᠴᠠᠭᠤᠯᠤᠨ ᠠᠬᠢᠭᠤᠯᠤᠨ᠎ᠠ; ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠣᠷᠴᠢᠭᠤᠯᠭ᠎ᠠ᠂ ᠬᠡᠪᠯᠡᠯ ᠪᠠ ᠦᠨᠳᠦᠰᠦᠲᠡᠨ᠎ᠤ ᠰᠤᠳᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ᠎ᠢ ᠵᠢᠯᠣᠭᠣᠳᠤᠨ᠎ᠠ᠃ 
      (ᠵᠢᠷᠭᠤᠭ᠎ᠠ) ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ 
      (ᠳᠣᠯᠣᠭ᠎ᠠ) ᠦᠨᠳᠦᠰᠦᠲᠡᠨ᠎ᠨᠦᠭᠦᠳ ᠬᠠᠮᠲᠤ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠵᠢ ᠠᠬᠢᠭᠤᠯᠬᠤ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠠᠵᠤ ᠠᠬᠤᠶ᠂ ᠰᠣᠶᠣᠯ᠂ ᠨᠡᠢ᠌ᠭᠡᠮ᠂ ᠠᠮᠢ ᠠᠬᠤᠶ᠂ ᠠᠮᠤᠷ ᠲᠦᠪᠰᠢᠨ᠎ᠤ ᠴᠠᠷᠠᠭ᠎ᠠ ᠬᠦᠷᠢᠶᠡᠨ᠎ᠳᠠᠬᠢ ᠬᠡᠷᠡᠭᠵᠢᠭᠦᠯᠦᠯᠲᠡ᠂ ᠵᠣᠯᠭ᠋ᠠᠯᠲᠠ ᠵᠢ ᠠᠬᠢᠭᠤᠯᠤᠨ᠎ᠠ᠃ 
      (ᠨᠠᠢ᠍ᠮᠠ) ᠦᠨᠳᠦᠰᠦᠲᠡᠨ᠎ᠤ ᠬᠠᠷᠢᠴᠠᠭ᠎ᠠ ᠵᠢ ᠵᠣᠬᠢᠴᠠᠭᠤᠯᠬᠤ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠦᠨᠳᠦᠰᠦᠲᠡᠨ᠎ᠤ ᠬᠠᠷᠢᠴᠠᠭ᠋ᠠᠨ᠎ᠳᠠᠬᠢ ᠴᠢᠬᠤᠯᠠ ᠶᠡᠬᠡ ᠬᠡᠷᠡᠭ ᠶᠠᠪᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ 
      (ᠶᠢᠰᠦ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠦᠨᠳᠦᠰᠦᠲᠡᠨ᠎ᠤ ᠲᠦᠷᠦ ᠵᠢᠨ ᠪᠤᠳᠤᠯᠭ᠎ᠠ᠂ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ 
      (ᠠᠷᠪᠠ) ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠭᠠᠳᠠᠭ᠋ᠠᠳᠤ᠎ᠲᠠᠢ ᠬᠠᠷᠢᠯᠴᠠᠬᠤ ᠪᠠ ᠰᠢᠶᠠᠩᠭ᠋ᠠᠩ ᠣᠣᠮᠧᠨ ᠲᠠᠢ᠌ᠸᠠᠨ᠎ᠲᠠᠢ ᠰᠣᠯᠢᠯᠴᠠᠵᠤ ᠬᠠᠮᠲᠤᠷᠤᠯᠴᠠᠬᠤ ᠵᠢ ᠵᠣᠬᠢᠶᠠᠨ ᠪᠠᠢ᠌ᠭᠤᠯᠤᠨ ᠵᠣᠬᠢᠴᠠᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠳᠤ ᠬᠣᠯᠪᠣᠭᠳᠠᠬᠤ ᠭᠠᠳᠠᠭ᠋ᠠᠳᠤ ᠤᠬᠠᠭᠤᠯᠭ᠎ᠠ ᠵᠢᠨ ᠠᠵᠢᠯ᠎ᠳᠤ ᠣᠷᠣᠯᠴᠠᠨ᠎ᠠ᠃ 
      (ᠠᠷᠪᠠᠨ ᠨᠢᠭᠡ) ᠴᠥᠭᠡᠨ ᠲᠣᠭ᠋ᠠᠲᠤ ᠦᠨᠳᠦᠰᠦᠲᠡᠨ᠎ᠤ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢᠨ ᠲᠥᠯᠥᠪᠵᠢᠭᠦᠯᠭᠡ ᠵᠢ ᠲᠤᠭᠤᠷᠪᠢᠬᠤ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ ᠪᠣᠯᠤᠨ ᠲᠥᠯᠥᠭᠡᠯᠡᠭᠴᠢ ᠬᠥᠮᠦᠰ᠎ᠲᠠᠢ ᠬᠠᠷᠢᠯᠴᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠪᠰᠤᠷᠤᠨ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠦᠵᠢᠭᠦᠯᠬᠦ᠂ ᠬᠡᠷᠡᠭᠯᠡᠬᠦ ᠠᠵᠢᠯ᠎ᠢ ᠰᠠᠢ᠌ᠲᠤᠷ ᠬᠢᠨ᠎ᠡ᠃ 
      (ᠠᠷᠪᠠᠨ ᠬᠣᠶᠠᠷ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠵᠦᠢᠯᠡᠰ᠎ᠢ ᠪᠡᠶᠡᠯᠡᠭᠦᠯᠦᠨ᠎ᠡ᠃ 
       ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠳᠣᠣᠷᠠᠬᠢ ᠮᠡᠲᠦ ᠳᠣᠲᠣᠭ᠋ᠠᠳᠤ ᠪᠠᠢ᠌ᠭᠤᠯᠤᠮᠵᠢ᠎ᠲᠠᠢ᠄ 
      (ᠨᠢᠭᠡ) ᠠᠯᠪᠠᠨ ᠭᠡᠷ᠃ ᠠᠯᠪᠠᠨ ᠤᠲᠠᠰᠤ᠄ 0471 - 6945135; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢᠦ ᠪᠢᠨ 
      (ᠬᠣᠶᠠᠷ) ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)᠃ ᠠᠯᠪᠠᠨ ᠤᠲᠠᠰᠤ᠄ 0471 - 6944991; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢ ᠵᠢᠶᠠ 
      (ᠭᠤᠷᠪᠠ) ᠵᠣᠬᠢᠴᠠᠭᠤᠯᠤᠨ ᠠᠬᠢᠭᠤᠯᠬᠤ ᠭᠠᠵᠠᠷ᠃ ᠠᠯᠪᠠᠨ ᠤᠲᠠᠰᠤ᠄ 0471 - 6944605; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠴᠢᠩ ᠯᠢᠨ᠃
      (ᠳᠥᠷᠪᠡ) ᠣᠨᠣᠯ ᠰᠤᠳᠤᠯᠬᠤ ᠭᠠᠵᠠᠷ᠃ ᠠᠯᠪᠠᠨ ᠤᠲᠠᠰᠤ᠄ 0471 - 6945429; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠵᠠᠩ ᠯᠢᠩ ᠯᠢᠩ᠃
      (ᠲᠠᠪᠤ) ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ᠃ ᠠᠯᠪᠠᠨ ᠤᠲᠠᠰᠤ᠄ 0471 - 661201; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠶᠠᠩ ᠹᠠᠩ᠃
      (ᠵᠢᠷᠭᠤᠭ᠎ᠠ) ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ᠃ ᠠᠯᠪᠠᠨ ᠤᠲᠠᠰᠤ᠄ 0471 - 6611202; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢ ᠿᠢ ᠱᠤ᠌
      (ᠳᠣᠯᠤᠭ᠎ᠠ) ᠬᠠᠮᠲᠤ᠎ᠪᠠᠷ ᠬᠥᠭᠵᠢᠭᠦᠯᠬᠦ ᠭᠠᠵᠠᠷ᠃ ᠠᠯᠪᠠᠨ ᠤᠲᠠᠰᠤ᠄ 0471 - 6962382; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢ ᡁᠢ ᠲᠢᠶᠠᠨ
      (ᠨᠠᠢᠮᠠ) ᠰᠣᠶᠣᠯ ᠤᠬᠠᠭᠤᠯᠭ᠎ᠠ ᠵᠢᠨ ᠭᠠᠵᠠᠷ᠃ ᠠᠯᠪᠠᠨ ᠤᠲᠠᠰᠤ᠄ 0471 - 6610283; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢᠦ ᡁᠢ ᠪᠥᠸᠧ
      (ᠶᠢᠰᠦ) ᠰᠤᠷᠭ᠋ᠠᠨ ᠬᠥᠮᠦᠵᠢᠯ᠎ᠤᠨ ᠭᠠᠵᠠᠷ᠃ ᠠᠯᠪᠠᠨ ᠤᠲᠠᠰᠤ᠄ 0471 - 6945718; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠯᠢ ᠶᠠᠨ
      (ᠠᠷᠪᠠ) ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ (ᠨᠠᠢ᠍ᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠬᠠᠮᠵᠢᠯᠴᠠᠭ᠋ᠠᠨ᠎ᠤ ᠭᠠᠵᠠᠷ)᠃ ᠠᠯᠪᠠᠨ ᠤᠲᠠᠰᠤ᠄ 0471 - 6968340; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠠᠷᠢᠭᠤᠨᠳᠠᠨ᠎ᠠ 
      (ᠠᠷᠪᠠᠨ ᠨᠢᠭᠡ) ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠃ ᠠᠯᠪᠠᠨ ᠤᠲᠠᠰᠤ᠄ 0471 - 6945006; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ); ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠃ ᠬᠠᠷᠢᠭᠤᠴᠠᠯᠭ᠋ᠠᠲᠠᠨ᠄ ᠸᠠᠩ ᠶᠠᠨ ᠵᠧᠩ᠃
      ᠠᠯᠪᠠᠨ ᠤᠲᠠᠰᠤ᠄ 0471 - 6968340; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ);
      ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ;
      ᠬᠠᠷᠢᠭᠤᠴᠠᠯᠭ᠋ᠠᠲᠠᠨ᠄ ᠭᠤᠤ ᠵᠠᠨ ᠱᠧᠩ᠃
      ᠵᠥᠪᠯᠡᠯ᠎ᠤᠨ ᠬᠠᠷᠢᠶ᠎ᠠ ᠨᠢᠭᠡᠴᠢ᠄
      (ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠶᠡᠷᠦᠩᠬᠡᠢ ᠪᠠᠲᠤᠯᠠᠭ᠎ᠠ ᠵᠢᠨ ᠲᠥᠪ᠎ᠤᠨ ᠫᠠᠢ᠌ᠰᠠ ᠵᠢ ᠡᠯᠭᠦᠨ᠎ᠡ)᠃
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠶᠡᠷᠦᠩᠬᠡᠢ ᠪᠠᠲᠤᠯᠠᠭ᠎ᠠ ᠵᠢᠨ ᠲᠥᠪ᠎ᠤᠨ ᠫᠠᠢ᠌ᠰᠠ ᠵᠢ ᠡᠯᠭᠦᠨ᠎ᠡ) ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠳᠤ ᠬᠠᠷᠢᠶᠠᠯᠠᠭᠳᠠᠬᠤ ᠭᠠᠵᠠᠷ᠎ᠤᠨ ᠲᠡᠰ᠎ᠤᠨ ᠨᠡᠢ᠌ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ 
      ᠭᠣᠣᠯ ᠡᠭᠦᠷᠭᠡ ᠬᠠᠷᠢᠭᠤᠴᠠᠯᠭ᠎ᠠ 
     1 . ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠪᠠᠢ᠌ᠭᠤᠯᠭ᠎ᠠ᠎ᠳᠤ ᠶᠡᠷᠦᠩᠬᠡᠢ᠌ᠯᠡᠭᠰᠡᠨ ᠳᠡᠮᠵᠢᠯᠭᠡ ᠪᠠᠲᠤᠯᠠᠭ᠎ᠠ ᠵᠢᠨ ᠠᠵᠢᠯ᠎ᠢ ᠬᠠᠩᠭ᠋ᠠᠨ᠎ᠠ᠃
     2 . ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠺᠣᠳ᠋ᠯᠠᠯ ᠵᠡᠷᠭᠡ ᠬᠠᠮᠢᠶ᠎ᠠ ᠪᠥᠬᠥᠶ ᠪᠠᠷᠢᠮᠵᠢᠶ᠎ᠠ ᠪᠣᠯᠤᠨ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠰᠢᠯᠭ᠋ᠠᠨ ᠪᠠᠢ᠌ᠴᠠᠭ᠋ᠠᠵᠤ ᠭᠡᠷᠡᠴᠢᠯᠡᠬᠦ᠂ ᠠᠰᠠᠭᠤᠨ ᠯᠠᠪᠯᠠᠬᠤ ᠦᠢᠯᠡᠴᠢᠯᠡᠭᠡ ᠪᠠ ᠪᠣᠯᠪᠠᠰᠤᠷᠠᠯ᠎ᠤᠨ ᠠᠵᠢᠯ᠎ᠢ ᠥᠷᠨᠢᠭᠦᠯᠦᠨ᠎ᠡ᠃ 
     3 . ᠮᠣᠩᠭᠣᠯ ᠦᠭᠡ ᠬᠡᠯᠡ ᠦᠰᠦᠭ ᠪᠢᠴᠢᠭ᠎ᠢ ᠳᠥᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠬᠢᠴᠢᠯᠠᠭᠤᠯᠬᠤ ᠪᠠ ᠬᠠᠥᠯᠢᠵᠢᠭᠤᠯᠬᠤ ᠵᠢ ᠰᠤᠳᠤᠯᠤᠨ᠎ᠠ᠃ 
     4 . ᠮᠣᠩᠭᠣᠯ ᠦᠭᠡ ᠬᠡᠯᠡ ᠦᠰᠦᠭ ᠪᠢᠴᠢᠭ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠴᠤᠭᠯᠠᠭᠤᠯᠬᠤ᠂ ᠡᠮᠬᠢᠳᠭᠡᠬᠦ ᠪᠠ ᠬᠡᠷᠡᠭᠯᠡᠵᠦ ᠳᠡᠯᠭᠡᠷᠡᠭᠦᠯᠬᠦ ᠵᠡᠷᠭᠡ ᠠᠵᠢᠯ᠎ᠢ ᠡᠭᠦᠷᠭᠡᠯᠡᠨ᠎ᠡ᠃ 
     5 . ᠮᠣᠩᠭᠣᠯ ᠦᠭᠡ ᠬᠡᠯᠡ ᠥᠰᠥᠭ ᠪᠢᠴᠢᠭ᠎ᠤᠨ ᠬᠡᠷᠡᠭᠯᠡᠭᠡᠨ᠎ᠤ ᠪᠣᠯᠪᠠᠰᠤᠷᠠᠯ ᠵᠢᠴᠢ ᠬᠢᠷᠢ ᠬᠡᠮᠵᠢᠶ᠎ᠡ ᠵᠢᠨ ᠵᠡᠷᠭᠡ ᠳᠡᠰ᠎ᠤᠨ ᠰᠢᠯᠭ᠋ᠠᠯᠲᠠ ᠵᠢ ᠥᠷᠨᠢᠭᠦᠯᠦᠨ᠎ᠡ᠃ 
     6 . ᠪᠥᠬᠥ ᠣᠷᠣᠨ᠎ᠤ ᠮᠣᠩᠭᠣᠯ ᠬᠡᠯᠡ ᠪᠢᠴᠢᠭ᠎ᠤᠨ ᠠᠵᠢᠯ ᠵᠢᠴᠢ ᠨᠠᠢᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠠᠵᠢᠯ᠎ᠤᠨ ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠬᠦᠮᠦᠵᠢᠯ᠎ᠳᠤ ᠦᠢᠯᠡᠴᠢᠯᠡᠭᠡ ᠬᠠᠩᠭ᠋ᠠᠨ᠎ᠠ᠃ 
     7 .  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ 
      ᠠᠯᠪᠠᠨ ᠤᠲᠠᠰᠤ᠄ 0471 - 4395121; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ) 
      ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠶᠢᠩ ᠪᠢᠨ ᠬᠣᠢ᠌ᠲᠤ ᠵᠠᠮ᠎ᠤᠨ 8 ᠳ᠋ᠤᠭ᠋ᠠᠷ ᠨᠣᠮᠧᠷ 
      ᠬᠠᠷᠢᠭᠤᠴᠠᠯᠭ᠋ᠠᠲᠠᠨ᠄ ᠠᠯᠲᠠᠨᠪᠠᠭ᠋ᠠᠨ᠎ᠠ 
     (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠳᠤ ᠬᠠᠷᠢᠶᠠᠯᠠᠭᠳᠠᠬᠤ ᠭᠠᠵᠠᠷ᠎ᠤᠨ ᠲᠠᠰ᠎ᠤᠨ ᠨᠡᠢ᠌ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢᠯᠡᠰ᠎ᠤᠨ ᠨᠢᠭᠡᠴᠢ ᠪᠣᠯᠤᠨ᠎ᠠ᠃ 
      ᠭᠣᠣᠯ ᠡᠭᠦᠷᠭᠡ ᠬᠠᠷᠢᠭᠤᠴᠠᠯᠭ᠎ᠠ 
     1 . ᠪᠦᠬᠦ ᠣᠷᠣᠨ᠎ᠤ ᠮᠣᠩᠭᠣᠯ᠂ ᠳᠠᠭᠤᠷ᠂ ᠡᠸᠡᠩᠬᠢ᠂ ᠣᠷᠴᠣᠨ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠠᠪᠤᠷᠠᠬᠤ᠂ ᠡᠮᠬᠢᠳᠬᠡᠬᠦ ᠪᠠ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃ 
     2 . ᠪᠦᠬᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠪᠣᠯᠤᠨ《ᠭᠡᠰᠡᠷ》  《ᠵᠠᠩᠭ᠋ᠠᠷ》᠎ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ᠂ ᠣᠷᠴᠢᠭᠤᠯᠬᠤ᠂ ᠰᠤᠳᠤᠯᠬᠤ᠂ ᠬᠡᠪᠯᠡᠭᠦᠯᠬᠦ ᠵᠡᠷᠭᠡ ᠠᠵᠢᠯ᠎ᠢ ᠵᠣᠬᠢᠶᠠᠨ ᠪᠠᠢ᠌ᠭᠤᠯᠵᠤ᠂ ᠵᠢᠯᠣᠭᠣᠳᠴᠤ᠂ ᠬᠠᠷᠢᠯᠴᠠᠨ᠎ᠠ᠃ 
     3 . ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠪᠠᠢ᠌ᠷᠢᠯᠠᠭᠤᠯᠤᠭᠰᠠᠨ ᠵᠢᠴᠢ ᠮᠣᠩᠭᠣᠯ ᠬᠡᠯᠡ ᠪᠢᠴᠢᠭ᠎ᠤᠨ ᠬᠠᠮᠵᠢᠯᠴᠠᠭ᠋ᠠᠨ᠎ᠤ ᠨᠠᠢᠮᠠᠨ ᠮᠤᠵᠢ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠪᠣᠯᠤᠨ ᠮᠣᠩᠭᠣᠯ ᠬᠡᠯᠡᠨ᠎ᠤ 《ᠭᠡᠰᠡᠷ》 《ᠵᠠᠩᠭ᠋ᠠᠷ》᠎ᠤᠨ ᠭᠣᠤᠯᠳᠠᠯᠭ᠎ᠠ᠎ᠲᠠᠢ ᠲᠥᠷᠥᠯ ᠵᠦᠢᠯ ᠪᠣᠯᠤᠨ ᠴᠢᠬᠤᠯᠠ ᠶᠡᠬᠡ ᠰᠡᠳᠦᠪ᠎ᠢ ᠡᠭᠦᠷᠭᠡᠯᠡᠵᠦ᠂ ᠠᠪᠤᠷᠠᠵᠤ ᠬᠠᠮᠠᠭ᠋ᠠᠯᠠᠬᠤ ᠪᠠ ᠡᠮᠬᠢᠳᠬᠡᠨ ᠬᠡᠪᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠵᠡᠷᠭᠡ ᠠᠵᠢᠯ᠎ᠢ ᠬᠠᠷᠢᠭᠤᠴᠠᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳ᠋ᠢᠭᠢᠲᠴᠢᠯᠡᠨ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃ 
     4 . ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠤᠬᠠᠭᠤᠯᠭ᠎ᠠ ᠦᠵᠡᠭᠦᠯᠭᠡ ᠪᠣᠯᠤᠨ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃ 
     5 . ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
     ᠠᠯᠪᠠᠨ ᠤᠲᠠᠰᠤ᠄ 0471 - 6946076; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ) 
      ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ 
      ᠬᠠᠷᠢᠭᠤᠴᠠᠯᠭ᠋ᠠᠲᠠᠨ᠄ ᠼᠤᠤ ᠵᠢᠶᠧ
     (ᠭᠤᠷᠪᠠ) ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ
     ᠥᠪᠥᠷ ᠮᠣᠩᠭᠣᠯ᠎ᠤᠨ ᠦᠨᠳᠦᠰᠦᠲᠡᠨ᠎ᠤ ᠪᠥᠯᠬᠥᠮᠳᠡᠯ ᠰᠡᠳᠬᠦᠯ᠎ᠤᠨ ᠬᠣᠷᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠳᠤ ᠬᠠᠷᠢᠶᠠᠯᠠᠭᠳᠠᠬᠤ ᠭᠠᠵᠠᠷ᠎ᠤᠨ ᠲᠠᠰ᠎ᠤᠨ ᠨᠡᠢ᠌ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢᠯᠡᠰ᠎ᠤᠨ ᠨᠢᠭᠡᠴᠢ ᠪᠣᠯᠤᠨ᠎ᠠ᠃
     ᠭᠣᠣᠯ ᠡᠭᠦᠷᠭᠡ ᠬᠠᠷᠢᠭᠤᠴᠠᠯᠭ᠎ᠠ
     1 . ᠦᠨᠳᠦᠰᠦᠲᠡᠨ᠎ᠤ ᠠᠵᠢᠯ ᠵᠢᠴᠢ ᠦᠨᠳᠦᠰᠦᠲᠡᠨ᠎ᠤ ᠬᠡᠯᠡ ᠪᠢᠴᠢᠭ᠎ᠤᠨ ᠠᠵᠢᠯ᠎ᠤᠨ ᠲᠤᠬᠠᠶ ᠨᠠᠮ ᠪᠣᠯᠤᠨ ᠤᠯᠤᠰ᠎ᠤᠨ ᠴᠢᠭᠯᠡᠯᠲᠡ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠤᠨ᠎ᠠ᠃
     2 . ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠮᠣᠩᠭᠣᠯ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠬᠥᠭᠵᠢᠯᠲᠡ ᠵᠢᠨ ᠪᠠᠢ᠌ᠳᠠᠯ ᠪᠣᠯᠤᠨ ᠡᠷᠳᠡᠮ ᠰᠢᠨᠵᠢᠯᠡᠭᠡᠨ᠎ᠤ ᠰᠤᠳᠤᠯᠤᠯ᠎ᠤᠨ ᠦᠷ᠎ᠡ ᠪᠦᠲᠦᠭᠡᠯ᠎ᠢ ᠰᠤᠳᠤᠯᠤᠨ ᠲᠠᠨᠢᠯᠴᠠᠭᠤᠯᠵᠤ᠂ ᠮᠣᠩᠭᠣᠯ ᠦᠭᠡ ᠬᠡᠯᠡ ᠦᠰᠦᠭ ᠪᠢᠴᠢᠭ᠎ᠤᠨ ᠡᠷᠳᠡᠮ ᠰᠢᠨᠵᠢᠯᠡᠭᠡᠨ᠎ᠤ ᠣᠨᠣᠯ᠎ᠢ ᠰᠤᠳᠤᠯᠤᠨ᠎ᠠ᠃
     3 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢᠨ ᠡᠬᠡ ᠪᠢᠴᠢᠭ᠎ᠢ ᠰᠣᠩᠭᠣᠬᠤ᠂ ᠣᠷᠴᠢᠭᠤᠯᠬᠤ᠂ ᠬᠢᠨᠠᠬᠤ ᠪᠠ ᠨᠡᠢ᠌ᠲᠡᠯᠡᠬᠦ ᠵᠡᠷᠭᠡ ᠠᠵᠢᠯ᠎ᠢ ᠡᠭᠦᠷᠭᠡᠯᠡᠨ᠎ᠡ᠃ 
     4 . ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
     ᠠᠯᠪᠠᠨ ᠤᠲᠠᠰᠤ᠄ 0471 - 6555231; ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠣᠤᠰ ᠠᠮᠠᠷᠠᠯᠲᠠ ᠵᠢᠨ ᠡᠳᠦᠷ᠎ᠠᠴᠠ ᠪᠤᠰᠤᠳ) 
      ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ 
      ᠬᠠᠷᠢᠭᠤᠴᠠᠯᠭ᠋ᠠᠲᠠᠨ᠄ ᠸᠠᠩ ᠰᠢᠤᠸᠠᠢ ᠳ᠋ᠦᠩ᠃

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ