ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-10-13

ᠡᠯ᠎ᠡ ᠠᠶ᠋ᠢᠮᠠᠭ ᠬᠣᠲᠠ ᠵᠢᠴᠢ ᠮᠠᠨᠵᠤᠤᠷ ᠬᠣᠲᠠ᠂ ᠡᠷᠢᠶᠡᠨ ᠬᠣᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠶ ᠨᠢᠭᠡᠴᠢ᠎ᠳᠤ᠄ 
      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠬᠠᠮᠢᠶᠠᠷᠤᠯᠲᠠ ᠵᠢᠨ ᠠᠵᠢᠯ᠎ᠢ ᠤᠯᠠᠮ ᠴᠢᠨᠠᠭᠰᠢᠳᠠ ᠲᠦᠷᠢᠮᠵᠢᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠠᠷᠭ᠎ᠠ᠎ᠳᠤ ᠵᠠᠰᠠᠪᠤᠷᠢ ᠣᠷᠣᠭᠤᠯᠪᠠ᠃ 
      ᠡᠳᠦᠭᠡ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠬᠠᠮᠢᠶᠠᠷᠤᠯᠲᠠ ᠵᠢᠨ ᠠᠷᠭ᠎ᠠ》 ᠵᠢ ᠲᠠ ᠨᠠᠷ᠎ᠲᠤ ᠳᠠᠷᠤᠮᠠᠯᠯᠠᠨ ᠲᠠᠷᠬᠠᠭ᠋ᠠᠪᠠ᠂ ᠬᠢᠨᠠᠮᠠᠭ᠋ᠠᠶ ᠬᠡᠷᠡᠭᠵᠢᠭᠦᠯᠲᠦᠭᠡᠶ᠃ 2021 ᠣᠨ᠎ᠳᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠠᠷᠭ᠎ᠠ》 (ᠥᠪᠥᠷ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠦᠰᠦᠭ[2021]23 ᠳ᠋ᠤᠭ᠋ᠠᠷ ᠲᠣᠭ᠋ᠠᠲᠤ) ᠵᠢ ᠵᠡᠷᠭᠡ᠎ᠳᠤ᠎ᠨᠢ ᠬᠦᠴᠦᠨ ᠦᠭᠡᠶ ᠪᠣᠯᠭ᠋ᠠᠨ᠎ᠠ᠃ 
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ   

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ     
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ   
                        2023 ᠣᠨ᠎ᠤ 8 ᠳ᠋ᠤᠭ᠋ᠠᠷ ᠰᠠᠷ᠎ᠠ ᠵᠢᠨ 17᠎ᠤ ᠡᠳᠦᠷ 
         


            
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠬᠠᠮᠢᠶᠠᠷᠤᠯᠲᠠ ᠵᠢᠨ ᠠᠷᠭ᠎ᠠ

     

      ᠨᠢᠭᠡᠳᠦᠭᠡᠷ ᠵᠦᠢ᠍ᠯ  ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠬᠠᠮᠢᠶᠠᠷᠤᠯᠲᠠ ᠵᠢᠨ ᠠᠵᠢᠯ᠎ᠢ ᠤᠯᠠᠮ ᠴᠢᠨᠠᠭᠰᠢᠳᠠ ᠲᠦᠷᠢᠮᠵᠢᠭᠦᠯᠵᠦ᠂ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠬᠥᠲᠥᠯᠥᠨ ᠳᠠᠭ᠋ᠠᠭᠤᠯᠬᠤ ᠤᠢ᠌ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠵᠢᠨ ᠲᠦᠯᠦᠭᠡ᠂ 《〈ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠡᠭᠦᠳᠦᠨ ᠪᠠᠶ᠋ᠢᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ   ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 ᠵᠡᠷᠭᠡ ᠬᠠᠮᠢᠶ᠎ᠠ ᠪᠥᠬᠥᠶ ᠪᠢᠴᠢᠭ ᠮᠠᠲ᠋ᠧᠷᠢᠶᠠᠯ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠦ᠂ ᠲᠤᠰ ᠠᠷᠭ᠎ᠠ ᠵᠢ ᠲᠣᠭᠲᠠᠭ᠋ᠠᠪᠠ᠃ 
      ᠬᠣᠶᠠᠳᠤᠭ᠋ᠠᠷ ᠵᠦᠢ᠍ᠯ  ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠢᠱ᠌ᠢᠶ᠎ᠡ ᠦᠵᠡᠭᠦᠯᠬᠦ ᠣᠷᠤᠨ᠎ᠳᠤ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠵᠢᠱ᠌ᠢᠶ᠎ᠡ ᠦᠵᠡᠭᠦᠯᠬᠦ ᠨᠢᠭᠡᠴᠢ᠎ᠳᠤ ᠪᠠᠢ᠌ᠭᠤᠯᠭ᠎ᠠ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠂ ᠰᠤᠷᠭ᠋ᠠᠭᠤᠯᠢ᠂ ᠭᠠᠴᠠᠭ᠎ᠠ ᠲᠣᠰᠬᠣᠨ᠂  ᠴᠡᠷᠢᠭ ᠠᠩᠭᠢ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ᠂  ᠠᠵᠤ ᠠᠬᠤᠶ ᠵᠢᠨ ᠰᠢᠨ᠎ᠡ ᠵᠣᠬᠢᠶᠠᠨ ᠪᠠᠶ᠋ᠢᠭᠤᠯᠤᠯᠲᠠ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠪᠤᠰᠤᠳ ᠠᠵᠢᠯ ᠦᠢ᠍ᠯᠡᠰ᠎ᠤᠨ ᠨᠢᠭᠡᠴᠢ ᠵᠡᠷᠭᠡ ᠲᠤᠰ ᠲᠤᠰ ᠪᠠᠭᠲᠠᠨ᠎ᠠ᠃
      ᠭᠤᠷᠪᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠵᠢ ᠲᠣᠭᠲᠠᠭ᠋ᠠᠬᠤ ᠵᠢᠨ ᠬᠠᠮᠲᠤ᠂ ᠡᠭᠦᠨ ᠵᠶ᠋ᠠᠷ ᠦᠨᠳᠦᠰᠦᠯᠡᠯ ᠪᠣᠯᠭ᠋ᠠᠨ ᠨᠡᠷᠡᠢ᠌ᠳᠬᠦ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ᠃ ᠡᠯ᠎ᠡ ᠠᠶ᠋ᠢᠮᠠᠭ ᠬᠣᠲᠠ᠂ ᠡᠯ᠎ᠡ ᠰᠠᠯᠠᠭ᠎ᠠ ᠮᠥᠴᠢᠷ᠎ᠤᠳ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠶᠣᠰᠣᠭ᠋ᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠦᠨ᠎ᠡ᠃
      ᠳᠥᠷᠪᠡᠳᠦᠭᠡᠷ ᠵᠦᠢ᠍ᠯ  ᠡᠯ᠎ᠡ ᠠᠶ᠋ᠢᠮᠠᠭ ᠬᠣᠲᠠ᠂ ᠡᠯ᠎ᠡ ᠠᠵᠢᠯ ᠲᠥᠷᠥᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠶᠣᠰᠣᠭ᠋ᠠᠷ᠂ ᠡᠷᠡᠮᠡᠯᠵᠡᠯᠡᠨ ᠮᠡᠳᠡᠭᠦᠯᠬᠦ᠎ᠪᠠᠷ ᠪᠠᠶ᠋ᠢᠭ᠎ᠠ ᠭᠠᠵᠠᠷ ᠣᠷᠣᠨ ᠪᠠ ᠨᠢᠭᠡᠴᠢ᠎ᠳᠤ ᠠᠩᠬᠠᠨ᠎ᠤ ᠪᠠᠢ᠌ᠴᠠᠭ᠋ᠠᠯᠲᠠ ᠬᠢᠬᠦ ᠬᠡᠷᠡᠭᠲᠡᠶ᠃ ᠡᠷᠡᠮᠡᠯᠵᠡᠨ ᠮᠡᠳᠡᠭᠦᠯᠬᠦ ᠠᠵᠢᠯ᠎ᠢ ᠡᠷᠬᠡᠪᠰᠢ ᠠᠶ᠋ᠢᠮᠠᠭ ᠬᠣᠲᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ ᠪᠤᠶᠤ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠳᠤ ᠡᠷᠡᠮᠡᠯᠵᠡᠨ ᠮᠡᠳᠡᠭᠦᠯᠬᠦ ᠬᠡᠷᠡᠭᠲᠡᠶ᠃ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠡᠷᠡᠮᠡᠯᠵᠡᠨ ᠮᠡᠳᠡᠭᠦᠯᠦᠭᠰᠡᠨ ᠭᠠᠵᠠᠷ ᠣᠷᠣᠨ ᠪᠣᠯᠤᠨ ᠨᠢᠭᠡᠴᠢ᠎ᠨᠢ ᠡᠷᠬᠡᠪᠰᠢ ᠠᠶ᠋ᠢᠮᠠᠭ ᠬᠣᠲᠠ ᠵᠢᠨ ᠳᠡᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠨᠡᠷᠡᠢ᠌ᠳᠦᠭᠳᠡᠭᠰᠡᠨ ᠪᠠᠶ᠋ᠢᠬᠤ ᠬᠡᠷᠡᠭᠲᠡᠶ᠃
      ᠲᠠᠪᠤᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠵᠢᠯ ᠪᠦᠷᠢ ᠨᠢᠭᠡ ᠪᠦᠯᠦᠭ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠦᠨ᠎ᠡ᠃ ᠡᠯ᠎ᠡ ᠠᠶ᠋ᠢᠮᠠᠭ ᠬᠣᠲᠠ᠂ ᠡᠯ᠎ᠡ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠵᠢᠯ᠎ᠤᠨ ᠮᠡᠳᠡᠭᠳᠡᠯ᠎ᠢ ᠦᠨᠳᠦᠰᠦᠯᠡᠵᠦ᠂ ᠡᠷᠡᠮᠡᠯᠵᠡᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃
      ᠵᠢᠷᠭᠤᠳᠤᠭ᠋ᠠᠷ ᠵᠦᠢ᠍ᠯ  ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠬᠢᠨᠠᠨ ᠲᠣᠭᠲᠠᠭ᠋ᠠᠵᠤ ᠨᠡᠷᠡᠶ᠋ᠢᠳᠬᠦ ᠠᠵᠢᠯ᠎ᠳᠤ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ᠂ ᠵᠢᠱ᠌ᠢᠶ᠎ᠡ ᠦᠵᠡᠭᠦᠯᠬᠦ ᠵᠢ ᠲᠣᠪᠣᠶ᠋ᠢᠯᠭ᠋ᠠᠬᠤ᠂ ᠪᠠᠷᠢᠮᠵᠢᠶ᠎ᠠ ᠵᠢ ᠴᠢᠩᠳᠠᠯᠠᠬᠤ᠂ ᠬᠥᠳᠡᠯᠦᠩᠭᠦᠶ ᠬᠠᠮᠢᠶᠠᠷᠬᠤ ᠵᠠᠷᠴᠢᠮ᠎ᠢ ᠵᠢᠷᠤᠮᠯᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ᠂ ᠰᠢᠯᠢᠳᠡᠭ᠎ᠢ᠎ᠨᠢ ᠰᠣᠩᠭᠣᠵᠤ ᠨᠡᠷᠡᠶ᠋ᠢᠳᠬᠦ ᠵᠢ ᠪᠠᠷᠢᠮᠲᠠᠯᠠᠨ᠎ᠠ᠃
      ᠳᠣᠯᠣᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠳᠤᠤᠷᠠᠬᠢ ᠲᠠᠰ ᠳᠠᠷᠠᠭ᠋ᠠᠯᠠᠯ ᠵᠶ᠋ᠠᠷ ᠬᠢᠨᠠᠨ ᠲᠣᠭᠲᠠᠭ᠋ᠠᠬᠤ ᠪᠠ ᠨᠡᠷᠡᠶ᠋ᠢᠳᠦᠨ᠎ᠡ᠄
      (ᠨᠢᠭᠡ) ᠬᠢᠨᠠᠨ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠵᠤ ᠡᠷᠡᠮᠡᠯᠵᠡᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠬᠡᠷᠡᠭᠲᠡᠶ᠃
      (ᠬᠣᠶᠠᠷ) ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠵᠣᠬᠢᠶᠠᠨ ᠪᠠᠢ᠌ᠭᠤᠯᠵᠤ ᠪᠠᠶ᠋ᠢᠴᠠᠭ᠋ᠠᠨ ᠰᠤᠳᠤᠯᠵᠤ ᠪᠠᠶ᠋ᠢᠴᠠᠭ᠋ᠠᠬᠤ ᠪᠠ ᠪᠣᠳᠠᠲᠠᠢ ᠬᠢᠨᠠᠨ ᠰᠢᠯᠭ᠋ᠠᠷᠠᠭᠤᠯᠤᠯᠲᠠ ᠵᠢ ᠥᠷᠨᠢᠭᠦᠯᠦᠨ᠎ᠡ᠃
      (ᠭᠤᠷᠪᠠ) ᠲᠤᠰᠬᠠᠶ ᠰᠡᠳᠦᠪ ᠵᠶ᠋ᠡᠷ ᠬᠤᠷᠠᠯ ᠬᠤᠷᠠᠯᠳᠤᠭᠤᠯᠵᠤ ᠶᠡᠷᠦᠩᠬᠡᠶ᠋ᠢᠯᠡᠨ ᠬᠢᠨᠠᠨ ᠲᠣᠭᠲᠠᠭ᠋ᠠᠨ᠎ᠠ᠃
      (ᠳᠥᠷᠪᠡ) ᠶᠡᠷᠦᠩᠬᠡᠶ᠋ᠢᠯᠡᠨ ᠬᠢᠨᠠᠨ ᠲᠣᠭᠲᠠᠭ᠋ᠠᠬᠤ᠎ᠳᠤ ᠬᠢᠷᠢ ᠬᠦᠷᠦᠭᠰᠡᠨ ᠡᠷᠡᠮᠡᠯᠵᠡᠯᠡᠨ ᠮᠡᠳᠡᠭᠦᠯᠬᠦ ᠣᠷᠣᠨ ᠡᠷᠡᠮᠡᠯᠵᠡᠯᠡᠨ ᠮᠡᠳᠡᠭᠦᠯᠬᠦ ᠨᠢᠭᠡᠴᠢ ᠵᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠯᠪᠠᠨ ᠰᠦᠯᠵᠢᠶᠡᠨ ᠳᠡᠭᠡᠷ᠎ᠡ ᠬᠠᠮᠤᠭ᠎ᠤᠨ ᠪᠠᠭ᠎ᠠ᠎ᠳᠤ᠎ᠪᠠᠨ 5 ᠠᠵᠢᠯᠯᠠᠬᠤ ᠡᠳᠦᠷ᠎ᠠᠴᠠ ᠳᠡᠭᠡᠭᠰᠢ ᠵᠠᠷᠯᠠᠨ ᠨᠡᠢ᠌ᠲᠡᠯᠡᠨ᠎ᠡ᠃
      (ᠲᠠᠪᠤ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠵᠶ᠋ᠠᠷ ᠰᠤᠳᠤᠯᠤᠨ ᠵᠥᠪᠰᠢᠶᠡᠷᠡᠭᠦᠯᠦᠭᠡᠳ᠂ ᠨᠥᠬᠥᠴᠡᠯ᠎ᠳᠤ ᠨᠡᠶ᠋ᠢᠴᠡᠬᠦ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠦᠨ᠎ᠡ᠃
      ᠨᠠᠢ᠍ᠮᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠭ ᠣᠷᠣᠨ᠎ᠤ ᠦᠨᠳᠦᠰᠦᠲᠡᠨ᠎ᠤ ᠵᠥᠪᠯᠡᠯ ᠨᠡᠷᠡᠶ᠋ᠢᠳᠬᠦ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠵᠤ᠂ ᠲᠤᠰ ᠵᠢᠯ᠎ᠤᠨ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠨᠡᠷᠡᠰ᠎ᠢ ᠨᠡᠶ᠋ᠢᠲᠡᠯᠡᠬᠦ ᠵᠢᠨ ᠬᠠᠮᠲᠤ ᠫᠠᠶ᠋ᠢᠰᠠ ᠣᠯᠭᠣᠨ᠎ᠠ᠃
      ᠶᠢᠰᠦᠳᠦᠭᠡᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠳᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠨᠡᠷᠡᠶ᠋ᠢᠳᠬᠦ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠤᠨ᠎ᠠ᠃ ᠨᠢᠭᠡᠨᠲᠡ ᠨᠡᠷᠡᠢ᠌ᠳᠦᠭᠳᠡᠭᠡᠳ 5 ᠵᠢᠯ᠎ᠤᠨ ᠬᠤᠭᠤᠴᠠᠭ᠎ᠠ᠎ᠨᠢ ᠭᠦᠢ᠍ᠴᠡᠭᠰᠡᠨ ᠪᠣᠯ᠂ ᠲᠣᠰ ᠵᠢᠯ᠎ᠤᠨ ᠨᠡᠷᠡᠶ᠋ᠢᠳᠬᠦ ᠠᠵᠢᠯᠯᠠᠭ᠎ᠠ ᠥᠷᠨᠢᠭᠦᠯᠬᠦ ᠦᠶ᠎ᠡ᠎ᠳᠤ ᠲᠣᠰ ᠠᠷᠭ᠎ᠠ᠎ᠳᠤ ᠲᠣᠭᠲᠠᠭ᠋ᠠᠭᠰᠠᠨ ᠲᠠᠰ ᠳᠠᠷᠠᠭ᠋ᠠᠯᠠᠯ ᠵᠶ᠋ᠠᠷ ᠳᠠᠬᠢᠨ ᠰᠢᠯᠭ᠋ᠠᠨ ᠪᠠᠶ᠋ᠢᠴᠠᠭ᠋ᠠᠯᠭ᠋ᠠᠬᠤ᠎ᠪᠠᠷ ᠡᠷᠡᠮᠡᠯᠵᠡᠯᠡᠯ ᠮᠡᠳᠡᠭᠦᠯᠬᠦ ᠬᠡᠷᠡᠭᠲᠡᠶ᠃ ᠳᠠᠬᠢᠨ ᠰᠢᠯᠭ᠋ᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠵᠢᠱ᠌ᠢᠶ᠎ᠡ ᠦᠵᠡᠭᠦᠯᠬᠦ ᠣᠷᠣᠨ ᠪᠠ ᠵᠢᠱ᠌ᠢᠶ᠎ᠡ ᠦᠵᠡᠭᠦᠯᠬᠦ ᠨᠢᠭᠡᠴᠢ ᠵᠢ ᠦᠷᠭᠦᠯᠵᠢᠯᠡᠨ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠨᠡᠷᠡᠶ᠋ᠢᠳᠦᠨ᠎ᠡ᠃ ᠳᠠᠬᠢᠨ ᠰᠢᠯᠭ᠋ᠠᠨ ᠪᠠᠶ᠋ᠢᠴᠠᠭ᠋ᠠᠯᠭ᠋ᠠᠬᠤ᠎ᠪᠠᠷ ᠡᠷᠡᠮᠡᠯᠵᠡᠯᠡᠯ ᠮᠡᠳᠡᠭᠦᠯᠦᠭᠰᠡᠨ ᠥᠬᠡᠶ ᠪᠤᠶᠤ ᠳᠠᠬᠢᠨ ᠰᠢᠯᠭ᠋ᠠᠨ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠥᠬᠡᠶ ᠪᠣᠯ᠂ ᠵᠢᠱ᠌ᠢᠶ᠎ᠡ ᠦᠵᠡᠭᠦᠯᠬᠦ ᠣᠷᠣᠨ ᠪᠠ ᠵᠢᠱ᠌ᠢᠶ᠎ᠡ ᠦᠵᠡᠭᠦᠯᠬᠦ ᠨᠢᠭᠡᠴᠢ ᠵᠢᠨ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠢᠨ ᠬᠠᠮᠲᠤ ᠫᠠᠶ᠋ᠢᠰᠠ ᠢᠯᠡᠷᠬᠡᠶ᠋ᠢᠯᠡᠯ᠎ᠢ᠎ᠨᠢ ᠬᠣᠷᠢᠶᠠᠨ ᠠᠪᠤᠨ᠎ᠠ᠃ 
      ᠠᠷᠪᠠᠳᠤᠭ᠋ᠠᠷ ᠵᠦᠢ᠍ᠯ  ᠪᠥᠬᠥ ᠤᠯᠤᠰ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠶ᠋ᠢᠲᠡ᠎ᠪᠠᠷ ᠤᠷᠢᠳ ᠵᠶ᠋ᠠᠷ ᠲᠠᠨᠢᠯᠴᠠᠭᠤᠯᠤᠨ᠎ᠠ᠃ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ ᠵᠢ 5 ᠵᠢᠯ᠎ᠤᠨ ᠰᠢᠯᠭ᠋ᠠᠷᠠᠭᠤᠯᠤᠯᠲᠠ ᠵᠢᠨ ᠦᠶᠡᠯᠡᠯ᠎ᠤᠨ ᠬᠤᠭᠤᠴᠠᠭ᠋ᠠᠨ᠎ᠳᠤ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠳᠠᠪᠲᠠᠨ ᠨᠡᠷᠡᠶ᠋ᠢᠳᠬᠦ ᠥᠬᠡᠶ᠃ 
      ᠠᠷᠪᠠᠨ ᠨᠢᠭᠡᠳᠦᠭᠡᠷ ᠵᠦᠢ᠍ᠯ  ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠰᠤᠭᠤᠴᠢᠨ ᠰᠤᠷᠪᠤᠯᠵᠢᠯᠠᠵᠤ ᠪᠠᠶ᠋ᠢᠴᠠᠭ᠋ᠠᠬᠤ ᠲᠦᠷᠢᠮ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠰᠤᠳᠤᠯᠬᠤ᠂ ᠲᠣᠮᠣ ᠳ᠋ᠠᠶ᠋ᠢᠲ᠋ᠠ᠎ᠪᠠᠷ ᠬᠢᠨᠠᠨ ᠪᠠᠢ᠌ᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠳᠤ ᠦᠨᠡᠯᠡᠯᠲᠡ ᠬᠢᠵᠦ᠂ ᠵᠢᠭ᠋ᠠᠨ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠵᠢᠱ᠌ᠢᠶ᠎ᠡ ᠦᠵᠡᠭᠦᠯᠬᠦ ᠬᠢᠷᠢ ᠳᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ᠃
      ᠠᠷᠪᠠᠨ ᠬᠣᠶᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠬᠣᠶᠠᠷ ᠵᠢᠯ᠎ᠳᠤ ᠨᠢᠭᠡ ᠤᠳᠠᠭ᠎ᠠ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ᠎ᠢ ᠵᠣᠬᠢᠶᠠᠨ ᠪᠠᠶ᠋ᠢᠭᠤᠯᠵᠤ᠂ ᠵᠢᠯ ᠪᠦᠷᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠲᠤᠷᠰᠢᠯᠭ᠎ᠠ ᠬᠢᠳᠡᠯ᠎ᠢ ᠴᠠᠭ ᠲᠤᠬᠠᠶ᠎ᠳᠤ᠎ᠨᠢ ᠳ᠋ᠦᠩᠨᠡᠵᠦ᠂ ᠤᠬᠠᠭᠤᠯᠤᠨ ᠳᠡᠯᠭᠡᠷᠡᠭᠦᠯᠬᠦ᠎ᠪᠠᠨ ᠴᠢᠩᠭ᠋ᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ  ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ᠎ᠳᠤ 《ᠭᠠᠷᠭ᠋ᠠᠬᠤ》 ᠲᠣᠭᠲᠠᠴᠠ ᠵᠢ ᠬᠡᠷᠡᠭᠵᠢᠭᠦᠯᠦᠨ᠎ᠡ᠃ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠨᠢ 5 ᠵᠢᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠳᠣᠣᠷᠠᠬᠢ ᠮᠡᠲᠦ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠵᠦᠢ᠍ᠯ᠎ᠤᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠬᠢᠷᠢ ᠬᠡᠮ᠎ᠢ᠎ᠨᠢ ᠬᠦᠴᠦᠨ ᠦᠭᠡᠶ ᠪᠣᠯᠭ᠋ᠠᠨ᠎ᠠ; ᠳᠥᠷᠪᠡᠳᠦᠭᠡᠷ᠂ ᠲᠠᠪᠤᠳᠤᠭ᠋ᠠᠷ ᠵᠦᠢ᠍ᠯ᠎ᠤᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠎ᠠ ᠵᠢ ᠭᠤᠷᠪᠠᠨ ᠰᠠᠷ᠎ᠠ᠎ᠪᠠᠷ ᠬᠢᠵᠠᠭ᠋ᠠᠷᠯᠠᠨ᠎ᠠ᠂ ᠰᠠᠢ᠌ᠲᠤᠷ ᠴᠡᠭᠴᠡᠯᠡᠨ ᠰᠠᠢ᠌ᠵᠢᠷᠠᠭᠤᠯᠤᠭᠰᠠᠨ ᠦᠭᠡᠶ ᠪᠠᠶ᠋ᠢᠪᠠᠯ᠂ ᠲᠡᠭᠦᠨ᠎ᠤ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠬᠢᠷᠢ ᠬᠡᠮ᠎ᠢ᠎ᠨᠢ ᠬᠦᠴᠦᠨ ᠦᠭᠡᠶ ᠪᠣᠯᠭ᠋ᠠᠨ᠎ᠠ᠃ 
      (ᠨᠢᠭᠡ) ᠦᠨᠳᠦᠰᠦᠲᠡᠨ᠎ᠤ ᠬᠦᠴᠦᠨ ᠵᠦᠢ᠍ᠯ᠎ᠳᠤ ᠬᠣᠯᠪᠣᠭᠳᠠᠭᠰᠠᠨ ᠴᠢᠬᠤᠯᠠ ᠶᠡᠬᠡ ᠬᠡᠷᠡᠭ ᠪᠤᠶᠤ ᠦᠨᠳᠦᠰᠦᠲᠡᠨ᠎ᠤ ᠪᠦᠯᠬᠦᠮᠳᠡᠯ᠎ᠢ ᠨᠥᠯᠥᠭᠡᠯᠡᠬᠦ ᠴᠢᠬᠤᠯᠠ ᠶᠡᠬᠡ ᠠᠰᠠᠭᠤᠳᠠᠯ ᠡᠭᠦᠰᠭᠡᠵᠦ᠂ ᠮᠠᠰᠢ ᠮᠠᠭᠤ ᠨᠥᠯᠥᠭᠡ ᠭᠠᠷᠭ᠋ᠠᠵᠤ᠂ ᠦᠨᠳᠦᠰᠦᠲᠡᠨ᠎ᠤ ᠪᠦᠯᠬᠦᠮᠳᠡᠯ᠎ᠢ ᠬᠣᠬᠢᠷᠠᠭᠤᠯᠤᠭᠰᠠᠨ᠃
      (ᠬᠣᠶᠠᠷ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤᠳᠬᠠᠬᠤ ᠤᠬᠠᠮᠰᠠᠷ᠎ᠨᠢ ᠲᠤᠪᠤᠢ᠍ᠢ᠍ᠮ᠎ᠠ ᠪᠢᠰᠢ᠂ ᠠᠵᠢᠯ᠎ᠳᠤ᠎ᠪᠠᠨ ᠬᠦᠨᠳᠦ ᠨᠣᠴᠢᠲᠠᠢ ᠬᠡᠯᠪᠡᠢ᠌ᠭᠦᠦ ᠭᠠᠷᠭ᠋ᠠᠭᠰᠠᠨ᠃
      (ᠭᠤᠷᠪᠠ) ᠪᠠᠶ᠋ᠢᠳᠠᠯ ᠵᠶ᠋ᠠᠨ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭ ᠵᠶ᠋ᠠᠷ ᠨᠡᠷᠡᠢ᠌ᠳᠦᠭᠦᠯᠦᠭᠰᠡᠨ᠃
      (ᠳᠥᠷᠪᠡ) ᠠᠵᠢᠯ ᠵᠶ᠋ᠠᠨ ᠥᠩᠭᠡᠪᠴᠢᠯᠡᠭᠰᠡᠨ᠂ ᠬᠡᠯᠪᠡᠷᠢᠴᠢᠯᠡᠭᠰᠡᠨ᠂ ᠣᠯᠠᠨ ᠲᠦᠮᠡᠨ᠎ᠤ ᠣᠷᠣᠯᠴᠠᠭᠰᠠᠨ ᠬᠡᠮᠵᠢᠶ᠎ᠡ᠂ ᠬᠠᠨᠤᠮᠵᠢ ᠵᠢᠨ ᠬᠡᠮᠵᠢᠶ᠎ᠡ᠎ᠪᠠᠷ ᠥᠨᠳᠥᠷ ᠪᠤᠰᠤ ᠪᠠᠶ᠋ᠢᠬᠤ᠃
      (ᠲᠠᠪᠤ) ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠭᠰᠠᠨ ᠵᠶ᠋ᠠᠷ ᠲᠣᠪᠣᠶ᠋ᠢᠮ᠎ᠠ ᠪᠤᠰᠤ ᠪᠤᠰᠤᠳ ᠪᠠᠶ᠋ᠢᠳᠠᠯ᠃
      ᠠᠷᠪᠠᠨ ᠳᠥᠷᠪᠡᠳᠦᠭᠡᠷ ᠵᠦᠢ᠍ᠯ  ᠨᠡᠷᠡᠢ᠌ᠳᠦᠭᠰᠡᠳ᠎ᠢ ᠬᠦᠴᠦᠨ ᠦᠭᠡᠢ ᠪᠣᠯᠭ᠋ᠠᠬᠤ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠨᠡᠷᠡᠢ᠌ᠳᠦᠭᠰᠡᠳ᠎ᠢ ᠬᠦᠴᠦᠨ ᠦᠭᠡᠢ ᠪᠣᠯᠭ᠋ᠠᠬᠤ ᠵᠢᠨ ᠬᠠᠮᠲᠤ᠂ ᠵᠣᠬᠢᠬᠤ ᠬᠡᠪᠴᠢᠶᠡᠨ᠎ᠳᠤ ᠵᠠᠷᠯᠠᠨ ᠮᠡᠳᠡᠭᠳᠡᠨ᠎ᠡ᠃ ᠤᠤᠯ᠎ᠤᠨ ᠡᠷᠡᠮᠡᠯᠵᠡᠯᠡᠨ ᠮᠡᠳᠡᠭᠦᠯᠦᠭᠰᠡᠨ ᠨᠢᠭᠡᠴᠢ᠎ᠨᠢ ᠨᠡᠷᠡᠶ᠋ᠢᠳᠦᠯ ᠵᠶ᠋ᠠᠨ ᠬᠦᠴᠦᠨ ᠥᠬᠡᠶ ᠪᠣᠯᠭ᠋ᠠᠬᠤ ᠡᠷᠡᠮᠡᠯᠵᠡᠯᠡᠯ ᠳᠡᠪᠰᠢᠭᠦᠯᠵᠦ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠬᠦᠴᠦᠨ ᠥᠬᠡᠶ ᠪᠣᠯᠭ᠋ᠠᠬᠤ ᠲᠠᠰ ᠳᠠᠷᠠᠭ᠋ᠠᠯᠠᠯ᠎ᠢ ᠭᠦᠢ᠍ᠴᠡᠳᠬᠡᠨ᠎ᠡ᠃ ᠴᠡᠭᠴᠡᠯᠡᠨ ᠰᠠᠶ᠋ᠢᠵᠢᠷᠠᠭᠤᠯᠬᠤ ᠴᠢᠬᠤᠯᠠᠲᠠᠶ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠭᠤᠷᠪᠠᠨ ᠰᠠᠷ᠎ᠠ ᠵᠢᠨ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠰᠢᠯᠭ᠋ᠠᠨ ᠬᠤᠷᠢᠶᠠᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠨᠡᠷᠡᠢ᠌ᠳᠦᠯ ᠵᠶ᠋ᠡᠨ ᠬᠦᠴᠦᠨ ᠦᠭᠡᠶ ᠪᠣᠯᠭ᠋ᠠᠭᠳᠠᠭᠰᠠᠳ 2 ᠵᠢᠯ᠎ᠤᠨ ᠳᠣᠲᠣᠷ᠎ᠠ ᠳᠠᠬᠢᠨ ᠮᠡᠳᠡᠭᠦᠯᠵᠦ ᠪᠣᠯᠬᠤ ᠦᠭᠡᠶ᠃ 
      ᠠᠷᠪᠠᠨ ᠲᠠᠪᠤᠳᠤᠭ᠋ᠠᠷ ᠵᠦᠢ᠍ᠯ  ᠡᠯ᠎ᠡ ᠠᠶ᠋ᠢᠮᠠᠭ ᠬᠣᠲᠠ ᠵᠢᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠨᠢ ᠵᠢᠯ ᠪᠦᠷᠢ ᠬᠠᠷᠢᠶ᠎ᠠ ᠣᠷᠣᠨ᠎ᠤ ᠳᠣᠲᠣᠷᠠᠬᠢ ᠪᠥᠬᠥ ᠤᠯᠤᠰ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠳᠤ ᠥᠪᠡᠰᠦᠪᠡᠨ ᠪᠠᠶ᠋ᠢᠴᠠᠭ᠋ᠠᠯᠲᠠ ᠬᠢᠵᠦ᠂ ᠥᠪᠡᠰᠦᠪᠡᠨ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠳᠤ ᠮᠡᠳᠡᠭᠦᠯᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ  ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠡᠯ᠎ᠡ ᠠᠶ᠋ᠢᠮᠠᠭ ᠬᠣᠲᠠ᠂ ᠬᠠᠮᠢᠶ᠎ᠠ ᠪᠦᠬᠦᠢ ᠨᠢᠭᠡᠴᠢ ᠲᠤᠰ ᠠᠷᠭ᠎ᠠ ᠵᠢ ᠦᠨᠳᠦᠰᠦᠯᠡᠨ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠪᠤᠶᠤ ᠬᠠᠮᠢᠶ᠎ᠠ ᠪᠦᠬᠦᠢ ᠲᠣᠭᠲᠠᠭ᠋ᠠᠯ᠎ᠢ ᠲᠣᠭᠲᠠᠭ᠋ᠠᠵᠤ ᠪᠣᠯᠤᠨ᠎ᠠ᠃
      ᠠᠷᠪᠠᠨ ᠳᠣᠯᠣᠳᠤᠭ᠋ᠠᠷ ᠵᠦᠢ᠍ᠯ  ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃



             ᠣᠷᠴᠢᠭᠤᠯᠤᠭᠴᠢ᠄ ᠠᠳᠢᠶ᠎ᠠ
             ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
             ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ