ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠳᠤ
ᠬᠥᠨᠥᠭᠡᠭᠳᠡᠭᠰᠡᠨ᠎ᠳᠤ ᠨᠥᠬᠦᠪᠦᠷᠢᠯᠡᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠳᠤ ᠬᠥᠨᠥᠭᠡᠭᠳᠡᠭᠰᠡᠨ᠎ᠳᠤ ᠨᠥᠬᠦᠪᠦᠷᠢᠯᠡᠬᠦ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃
2023 ᠣᠨ᠎ᠤ 1 ᠳ᠋ᠦ᠍ᠭᠡᠷ ᠰᠠᠷ᠎ᠠ ᠵᠢᠨ 5᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠬᠠᠭᠤᠷᠠᠢ ᠵᠢᠨ ᠬᠡᠭᠡᠷ᠎ᠡ ᠵᠢᠨ
ᠠᠮᠢᠲᠠᠨ᠎ᠳᠤ ᠬᠥᠨᠥᠭᠡᠭᠳᠡᠭᠰᠡᠨ᠎ᠳᠤ ᠨᠥᠬᠦᠪᠦᠷᠢᠯᠡᠬᠦ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠵᠦᠢ᠍ᠯ ᠨᠢᠭᠡᠴᠢ ᠪᠠ ᠬᠤᠪᠢ ᠬᠥᠮᠥᠨ᠎ᠤ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ᠎ᠳᠤ ᠵᠠᠰᠠᠭ᠎ᠤᠨ ᠣᠷᠳᠣᠨ᠎ᠠᠴᠠ ᠨᠥᠬᠦᠪᠦᠷᠢᠯᠡᠬᠦ ᠵᠢ ᠬᠠᠤᠯᠢ ᠶᠣᠰᠣᠭ᠋ᠠᠷ ᠬᠦᠷᠲᠡᠬᠦ ᠡᠷᠬᠡ ᠵᠢ᠎ᠨᠢ ᠪᠠᠲᠤᠯᠠᠬᠤ ᠵᠢᠨ ᠲᠤᠰᠠᠳᠠ᠂
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠬᠡᠷᠡᠭᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠭᠡᠳᠡᠭ᠎ᠨᠢ ᠬᠠᠤᠯᠢ ᠶᠣᠰᠣᠭ᠋ᠠᠷ ᠬᠠᠮᠠᠭ᠋ᠠᠯᠠᠭᠳᠠᠵᠤ ᠪᠠᠶ᠋ᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠬᠠᠮᠠᠭ᠋ᠠᠯᠠᠬᠤ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠵᠢᠴᠢ ᠴᠢᠬᠤᠯᠠ ᠠᠮᠢ ᠠᠬᠤᠢ᠂ ᠰᠢᠨᠵᠢᠯᠡᠬᠦ ᠤᠬᠠᠭ᠋ᠠᠨ᠂ ᠨᠡᠶ᠋ᠢᠭᠡᠮ᠎ᠤᠨ ᠦᠨ᠎ᠡ ᠥᠷᠲᠡᠭ᠎ᠲᠠᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠵᠢᠭ᠋ᠠᠵᠤ ᠪᠤᠶ᠃
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ᠂ ᠲᠤᠰ ᠠᠷᠭ᠎ᠠ᠎ᠳᠤ ᠲᠣᠭᠲᠠᠭ᠋ᠠᠭᠰᠠᠨ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ᠎ᠳᠤ ᠨᠥᠬᠦᠪᠦᠷᠢᠯᠡᠬᠦ ᠠᠵᠢᠯ᠎ᠳᠤ ᠲᠤᠰ ᠠᠷᠭ᠎ᠠ ᠬᠡᠷᠡᠭᠯᠡᠭᠳᠡᠨ᠎ᠡ᠃
ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠳᠤ ᠬᠥᠨᠥᠭᠡᠭᠳᠡᠭᠰᠡᠨ᠎ᠳᠤ ᠨᠥᠬᠦᠪᠦᠷᠢᠯᠡᠬᠦ᠎ᠪᠠᠨ ᠨᠢᠭᠡᠨᠲᠡ ᠲᠥᠷᠥ ᠵᠢᠨ ᠪᠣᠳᠣᠯᠭ᠎ᠠ ᠵᠢᠨ ᠴᠢᠨᠠᠷᠲᠠᠢ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠳᠤ ᠣᠷᠣᠭᠤᠯᠤᠭᠰᠠᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠣᠷᠣᠨ᠎ᠳᠤ ᠭᠠᠷᠤᠭᠰᠠᠨ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠤᠣᠷ ᠬᠥᠨᠥᠭᠡᠯ ᠪᠠ ᠬᠥᠨᠥᠭᠡᠭᠳᠡᠭᠰᠡᠨ ᠪᠠᠶ᠋ᠢᠳᠠᠯ᠎ᠨᠢ ᠳᠠᠭ᠋ᠠᠳᠬᠠᠯ᠎ᠤᠨ ᠭᠡᠷ᠎ᠡ ᠵᠢᠨ ᠲᠥᠯᠥᠬᠦ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠪᠠᠶ᠋ᠢᠪᠠᠯ ᠲᠤᠰ ᠠᠷᠭ᠎ᠠ ᠬᠡᠷᠡᠭᠯᠡᠭᠳᠡᠨ᠎ᠡ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠪᠣᠯᠣᠨ ᠠᠶ᠋ᠢᠮᠠᠭ ᠬᠤᠲᠠ ᠵᠢᠨ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ᠎ᠳᠤ ᠨᠥᠬᠦᠪᠦᠷᠢᠯᠡᠬᠦ ᠠᠵᠢᠯ᠎ᠢ ᠵᠢᠭ᠋ᠠᠨ ᠵᠢᠯᠤᠭᠤᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠨ᠎ᠠ᠃
ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ ᠳᠣᠲᠣᠷᠠᠬᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ ᠪᠠᠶ᠋ᠢᠳᠠᠯ᠎ᠢ ᠬᠢᠨᠠᠨ ᠬᠠᠷᠭᠤᠭᠤᠯᠬᠤ᠂ ᠦᠨᠡᠯᠡᠬᠦ᠂ ᠨᠥᠬᠦᠪᠦᠷᠢᠯᠡᠬᠦ ᠠᠵᠢᠯ᠎ᠢ ᠬᠠᠷᠢᠭᠤᠴᠠᠨ᠎ᠠ᠃
ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠬᠤᠬᠢᠷᠠᠯ ᠤᠴᠠᠷᠠᠭᠤᠯᠤᠭᠰᠠᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠬᠦ ᠠᠵᠢᠯ᠎ᠢ ᠰᠠᠶ᠋ᠢᠲᠤᠷ ᠬᠢᠵᠦ᠂ ᠭᠠᠴᠠᠭ᠎ᠠ ᠲᠣᠰᠬᠤᠨ᠎ᠤ ᠵᠥᠪᠯᠡᠯ (ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ)᠎ᠨᠢ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ᠃
ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ᠎ᠤᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠤᠭᠰᠠᠨ ᠬᠥᠨᠥᠭᠡᠯ᠎ᠳᠤ ᠪᠠᠶ᠋ᠢᠴᠠᠭ᠋ᠠᠯᠲᠠ ᠬᠢᠬᠦ᠂ ᠨᠤᠲᠠᠯᠠᠨ ᠲᠣᠭᠲᠠᠭ᠋ᠠᠬᠤ ᠵᠡᠷᠭᠡ ᠨᠥᠬᠦᠪᠦᠷᠢᠯᠡᠬᠦᠯᠦᠭᠡ ᠬᠠᠮᠢᠶ᠎ᠠ ᠪᠦᠬᠦᠢ ᠠᠵᠢᠯ᠎ᠢ ᠬᠠᠮᠵᠢᠨ ᠰᠠᠶ᠋ᠢᠲᠤᠷ ᠬᠢᠬᠦ ᠬᠡᠷᠡᠭᠲᠡᠢ᠃
ᠳᠥᠷᠪᠡᠳᠦᠭᠡᠷ ᠵᠦᠢ᠍ᠯ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠤᠬᠢᠷᠠᠯ ᠤᠴᠠᠷᠠᠭᠤᠯᠬᠤ ᠵᠢ ᠰᠡᠷᠭᠡᠶ᠋ᠢᠯᠡᠨ ᠡᠵᠡᠮᠳᠡᠬᠦ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ ᠪᠠ ᠬᠤᠬᠢᠷᠠᠯ᠎ᠢ ᠨᠥᠬᠦᠪᠦᠷᠢᠯᠡᠬᠦ ᠵᠡᠷᠭᠡ ᠵᠠᠷᠤᠳᠠᠯ᠎ᠢ ᠲᠤᠰ ᠱᠠᠲᠤᠨ᠎ᠤ᠎ᠪᠠᠨ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ᠃
ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ᠎ᠳᠤ ᠨᠥᠬᠦᠪᠦᠷᠢᠯᠡᠬᠦ ᠵᠢ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠬᠠᠷᠢᠶᠠᠲᠤ ᠭᠠᠵᠠᠷ ᠵᠶ᠋ᠠᠷ ᠬᠠᠮᠢᠶᠠᠷᠬᠤ ᠵᠠᠷᠴᠢᠮ ᠶᠣᠰᠣᠭ᠋ᠠᠷ᠂ ᠨᠥᠬᠦᠪᠦᠷᠢᠯᠡᠬᠦ ᠵᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠵᠢᠯ ᠶᠠᠪᠤᠳᠠᠯ᠎ᠤᠨ ᠬᠠᠮᠢᠶᠠᠷᠬᠤ ᠡᠷᠬᠡ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠷᠢᠯᠴᠠᠨ ᠲᠣᠬᠢᠷᠠᠯᠴᠠᠭᠤᠯᠬᠤ ᠵᠠᠷᠴᠢᠮ ᠶᠣᠰᠣᠭ᠋ᠠᠷ᠂ ᠨᠥᠬᠦᠪᠦᠷᠢᠯᠡᠬᠦ ᠪᠡᠯᠡ ᠮᠥᠩᠭᠦ ᠵᠢ ᠨᠠᠶ᠋ᠢᠳᠠᠪᠤᠷᠢᠵᠢᠭᠤᠯᠤᠨ᠎ᠠ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠳᠣᠣᠷᠠᠬᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠄
(ᠨᠢᠭᠡ) ᠬᠠᠮᠢᠶ᠎ᠠ ᠪᠦᠬᠦᠢ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠳᠦᠷᠰᠦ ᠵᠢᠨ ᠰᠦᠷᠦᠭ᠎ᠤᠨ ᠲᠤᠭ᠎ᠠ ᠬᠡᠮᠵᠢᠶ᠎ᠡ ᠪᠣᠯᠣᠨ ᠲᠠᠷᠬᠠᠯᠲᠠ ᠵᠢᠨ ᠣᠷᠣᠨ᠎ᠤ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ ᠵᠢᠨ ᠬᠠᠮᠲᠤ᠂ ᠰᠢᠨᠵᠢᠯᠡᠬᠦ ᠤᠬᠠᠭ᠋ᠠᠨᠴᠢ ᠪᠦᠲᠦᠮᠵᠢᠲᠡᠶ ᠰᠡᠷᠭᠡᠶ᠋ᠢᠯᠡᠬᠦ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠢ;
(ᠬᠤᠶᠠᠷ) ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠦᠷᠭᠦᠯᠵᠢ ᠢᠯᠡᠷᠡᠳᠡᠭ ᠣᠷᠣᠨ ᠪᠦᠰᠡ᠎ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠵᠢᠨ ᠭᠠᠷ ᠠᠪᠤᠯᠭ᠎ᠠ ᠲᠠᠷᠬᠠᠭ᠋ᠠᠵᠤ᠂ ᠲᠧᠯᠸᠢᠰ᠂ ᠷᠠᠳᠢᠣ᠋᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ᠎ᠢ ᠠᠰᠢᠭᠯᠠᠨ᠂ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠰᠡᠷᠭᠡᠶ᠋ᠢᠯᠡᠨ ᠬᠠᠮᠠᠭ᠋ᠠᠯᠠᠬᠤ ᠮᠡᠳᠡᠯᠭᠡ ᠵᠢ ᠤᠬᠠᠭᠤᠯᠵᠤ᠂ ᠠᠷᠠᠳ ᠣᠯᠠᠨ᠎ᠤ ᠬᠠᠮᠠᠭ᠋ᠠᠯᠠᠬᠤ ᠬᠢᠭᠡᠳ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ;
(ᠭᠤᠷᠪᠠ) ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠡᠪᠰᠢᠯ ᠵᠠᠩᠰᠢᠯ᠂ ᠰᠡᠷᠭᠡᠶ᠋ᠢᠯᠡᠨ ᠬᠠᠮᠠᠭ᠋ᠠᠯᠠᠬᠤ ᠮᠡᠷᠭᠡᠵᠢᠯ ᠵᠡᠷᠭᠡ ᠠᠭᠤᠯᠭ᠎ᠠ᠎ᠯᠤᠭ᠎ᠠ ᠬᠤᠯᠪᠣᠭᠳᠠᠯ ᠪᠦᠬᠦᠢ ᠪᠣᠯᠪᠠᠰᠤᠷᠠᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ;
(ᠳᠥᠷᠪᠡ) ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠨ ᠲᠡᠭᠦᠯᠳᠡᠷᠵᠢᠭᠦᠯᠬᠦ ᠬᠡᠷᠡᠭᠲᠡᠢ;
(ᠲᠠᠪᠤ) ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠭᠡᠮᠲᠦᠭᠡᠵᠦ ᠬᠤᠬᠢᠷᠠᠭᠤᠯᠬᠤ ᠪᠣᠯᠣᠮᠵᠢ᠎ᠲᠠᠢ ᠪᠠᠶ᠋ᠢᠳᠠᠯ᠎ᠢ ᠰᠡᠷᠭᠡᠶ᠋ᠢᠯᠡᠬᠦ ᠪᠠ ᠡᠵᠡᠮᠳᠡᠬᠦ ᠮᠡᠷᠭᠡᠵᠢᠯ᠂ ᠠᠷᠭ᠎ᠠ ᠬᠡᠮᠵᠢᠶ᠎ᠡ ᠵᠢ ᠰᠤᠳᠤᠯᠬᠤ ᠵᠢᠨ ᠬᠠᠮᠲᠤ ᠶᠡᠷᠦᠩᠬᠡᠶ᠋ᠢᠯᠡᠨ ᠠᠰᠢᠭᠯᠠᠵᠤ᠂ ᠲᠥᠯᠥᠪᠯᠡᠭᠡ᠎ᠲᠠᠢ᠎ᠪᠠᠷ ᠠᠩᠨᠠᠬᠤ᠂ ᠳᠦᠷᠰᠦ ᠵᠢᠨ ᠰᠦᠷᠦᠭ᠎ᠢ᠎ᠨᠢ ᠡᠵᠡᠮᠰᠢᠨ ᠲᠣᠬᠢᠷᠠᠭᠤᠯᠬᠤ ᠵᠡᠷᠭᠡ ᠵᠢ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠬᠤ ᠬᠡᠷᠡᠭᠲᠡᠢ;
(ᠵᠢᠷᠭᠤᠭ᠎ᠠ) ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ ᠵᠢ ᠭᠡᠮᠲᠦᠭᠡᠵᠦ ᠬᠤᠬᠢᠷᠠᠭᠤᠯᠤᠭᠰᠠᠨ᠎ᠳᠤ ᠲᠥᠯᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠴᠢᠨᠠᠷᠲᠠᠢ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠥᠷᠨᠢᠭᠦᠯᠬᠦ ᠵᠢ᠎ᠨᠢ ᠢᠳᠡᠪᠬᠢᠲᠡᠢ ᠠᠬᠢᠭᠤᠯᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ᠎ᠤᠨ ᠣᠷᠳᠣᠨ᠎ᠠᠴᠠ ᠨᠥᠬᠦᠪᠦᠷᠢᠯᠡᠨ᠎ᠡ᠄
(ᠨᠢᠭᠡ) ᠠᠷᠠᠳ ᠢᠷᠭᠡᠨ ᠭᠡᠮᠲᠦᠭᠰᠡᠨ ᠪᠤᠶᠤ ᠠᠳᠡᠭᠰᠡᠨ;
(ᠬᠤᠶᠠᠷ) ᠬᠠᠰᠢᠶᠠᠯᠠᠨ ᠲᠡᠵᠢᠭᠡᠵᠦ ᠪᠠᠶ᠋ᠢᠭ᠎ᠠ ᠪᠤᠶᠤ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠭᠰᠠᠨ ᠣᠷᠣᠨ ᠪᠦᠰᠡ᠎ᠳᠤ ᠪᠡᠯᠴᠢᠭᠡᠷᠯᠡᠭᠦᠯᠵᠦ ᠪᠠᠶ᠋ᠢᠭ᠎ᠠ ᠮᠠᠯ ᠵᠢᠭᠦᠷᠲᠡᠨ ᠭᠡᠮᠲᠦᠭᠰᠡᠨ ᠪᠤᠶᠤ ᠦᠬᠦᠭᠰᠡᠨ;
(ᠭᠤᠷᠪᠠ) ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠭᠰᠠᠨ ᠣᠷᠣᠨ ᠪᠦᠰᠡᠨ᠎ᠳᠤ ᠳᠠᠷᠢᠭᠰᠠᠨ ᠲᠠᠷᠢᠮᠠᠯ (ᠡᠪᠡᠰᠦ ᠪᠡᠯᠴᠢᠭᠡᠷ)᠂ ᠠᠵᠤ ᠠᠬᠤᠢ ᠵᠢᠨ ᠤᠢ ᠮᠣᠳᠣ ᠵᠡᠷᠭᠡ ᠵᠢ ᠰᠢᠭᠤᠳ ᠬᠤᠬᠢᠷᠠᠭᠤᠯᠤᠭᠰᠠᠨ;
(ᠳᠥᠷᠪᠡ) ᠣᠯᠠᠨ ᠲᠦᠮᠡᠨ᠎ᠤ ᠡᠳᠦᠷ ᠲᠤᠲᠤᠮ᠎ᠤᠨ ᠰᠠᠭᠤᠵᠤ ᠬᠡᠷᠡᠭᠯᠡᠵᠦ ᠪᠠᠶ᠋ᠢᠭ᠎ᠠ ᠭᠡᠷ ᠪᠠᠶ᠋ᠢᠰᠢᠩ᠂ ᠭᠡᠷ᠎ᠤᠨ ᠬᠡᠷᠡᠭᠰᠡᠯ᠂ ᠮᠠᠯ᠎ᠤᠨ ᠬᠠᠰᠢᠶ᠎ᠠ ᠰᠠᠷᠠᠪᠴᠢ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠪᠡᠯᠡᠳᠬᠡᠮᠵᠢ ᠵᠢ ᠬᠤᠬᠢᠷᠠᠭᠤᠯᠤᠭᠰᠠᠨ;
(ᠲᠠᠪᠤ) ᠬᠤᠰᠢᠭᠤ ᠰᠢᠶᠠᠨ (ᠬᠤᠳᠠ᠂ ᠲᠣᠭᠤᠷᠢᠭ)᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠮᠠᠭ᠋ᠠᠳᠯᠠᠨ ᠲᠣᠭᠲᠠᠭ᠋ᠠᠭᠰᠠᠨ ᠪᠤᠰᠤᠳ ᠪᠠᠶ᠋ᠢᠳᠠᠯ᠃
ᠳᠣᠯᠣᠳᠤᠭ᠋ᠠᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ᠎ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠵᠢ ᠬᠤᠬᠢᠷᠠᠭᠤᠯᠤᠭᠰᠠᠨ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ᠎ᠤᠨ ᠣᠷᠳᠣᠨ᠎ᠠᠴᠠ ᠨᠥᠬᠦᠪᠦᠷᠢᠯᠡᠬᠦ ᠦᠭᠡᠢ᠄
(ᠨᠢᠭᠡ) ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠰᠠᠨᠠᠭ᠋ᠠᠴᠢᠯᠠᠭ᠎ᠠ᠎ᠲᠠᠢ᠎ᠪᠠᠷ ᠴᠣᠬᠢᠨ ᠳᠠᠭ᠋ᠠᠷᠢᠬᠤ ᠪᠤᠶᠤ ᠵᠣᠷᠢᠭᠤᠳᠠ ᠭᠡᠮᠲᠦᠭᠡᠵᠦ᠂ ᠥᠳᠥᠭᠡᠵᠦ ᠪᠠᠶ᠋ᠢᠭ᠋ᠠᠳ ᠭᠡᠮᠲᠦᠭᠰᠡᠨ ᠪᠤᠶᠤ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ;
(ᠬᠤᠶᠠᠷ) ᠬᠠᠤᠯᠢ ᠪᠤᠰᠤ᠎ᠪᠠᠷ ᠠᠩ ᠠᠩᠨᠠᠭᠰᠠᠨ ᠪᠤᠶᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠳᠤᠷ᠎ᠠ᠎ᠪᠠᠷ ᠵᠶ᠋ᠠᠨ ᠣᠷᠣᠭ᠋ᠠᠳ ᠭᠡᠮᠲᠦᠭᠰᠡᠨ ᠪᠤᠶᠤ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ;
(ᠭᠤᠷᠪᠠ) ᠬᠤᠪᠢᠶᠠᠷᠢᠯᠠᠨ ᠲᠣᠭᠲᠠᠭ᠋ᠠᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠬᠡᠪᠴᠢᠶᠡᠨ᠎ᠠᠴᠠ ᠭᠠᠳᠠᠨᠠᠬᠢ ᠲᠠᠷᠢᠮᠠᠯ᠂ ᠠᠵᠤ ᠠᠬᠤᠢ ᠵᠢᠨ ᠣᠢ ᠮᠣᠳᠣ ᠪᠤᠶᠤ ᠠᠷᠠᠴᠢᠯᠠᠨ ᠲᠡᠵᠢᠭᠡᠭᠰᠡᠨ ᠮᠠᠯ ᠵᠢᠭᠦᠷᠲᠡᠨ᠎ᠢ ᠬᠤᠬᠢᠷᠠᠭᠤᠯᠤᠭᠰᠠᠨ;
(ᠳᠥᠷᠪᠡ) ᠬᠠᠤᠯᠢ᠎ᠠᠴᠠ ᠵᠥᠷᠢᠴᠡᠵᠦ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠳᠠᠰᠬᠠᠨ ᠲᠡᠵᠢᠭᠡᠬᠦ᠂ ᠦᠷᠡᠵᠢᠭᠦᠯᠬᠦ᠂ ᠡᠵᠡᠩᠨᠡᠬᠦ᠂ ᠠᠰᠢᠭᠯᠠᠬᠤ ᠵᠢᠴᠢ ᠵᠥᠭᠡᠭᠡᠪᠦᠷᠢᠯᠡᠭᠡᠳ ᠬᠥᠮᠥᠨ ᠠᠳᠡᠵᠦ ᠭᠡᠮᠲᠦᠭᠰᠡᠨ ᠪᠤᠶᠤ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ;
(ᠲᠠᠪᠤ) ᠭᠤᠷᠪᠠᠳᠠᠭᠢ ᠡᠲᠡᠭᠡᠳ᠎ᠠᠴᠠ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠵᠣᠷᠢᠭᠤᠳᠠ ᠥᠷᠭᠦᠭᠡᠨ ᠳᠦᠷᠪᠡᠭᠡᠵᠦ᠂ ᠰᠣᠴᠢᠭ᠋ᠠᠵᠤ ᠨᠠᠳᠬᠤᠭᠤᠯᠤᠭᠰᠠᠨᠠᠴᠠ ᠪᠣᠯᠵᠤ ᠬᠥᠮᠥᠨ ᠭᠡᠮᠲᠦᠭᠰᠡᠨ ᠪᠠ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ ᠪᠠᠶ᠋ᠢᠪᠠᠯ᠂ ᠭᠤᠷᠪᠠᠳᠠᠭᠢ ᠡᠲᠡᠭᠡᠳ᠎ᠠᠴᠠ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ;
(ᠵᠢᠷᠭᠤᠭ᠎ᠠ) ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠥᠬᠦᠪᠦᠷᠢᠯᠡᠬᠦ ᠦᠭᠡᠢ᠎ᠪᠠᠷ ᠮᠠᠭ᠋ᠠᠳᠯᠠᠨ ᠲᠣᠭᠲᠠᠭ᠋ᠠᠭᠰᠠᠨ ᠪᠤᠰᠤᠳ ᠪᠠᠶ᠋ᠢᠳᠠᠯ᠃
ᠨᠠᠢ᠍ᠮᠠᠳᠤᠭ᠋ᠠᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠬᠥᠮᠥᠨ᠎ᠤ ᠬᠦᠴᠦ᠎ᠪᠠᠷ ᠦᠷᠡᠵᠢᠭᠦᠯᠵᠦ ᠪᠣᠶ᠋ᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ᠂ ᠬᠠᠮᠢᠶᠠᠷᠤᠯᠲᠠ ᠮᠠᠭᠤ᠎ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠵᠢᠨ ᠬᠤᠬᠢᠷᠠᠯ ᠭᠠᠷᠤᠭᠰᠠᠨ ᠪᠠᠶ᠋ᠢᠪᠠᠯ᠂ ᠬᠥᠮᠥᠨ᠎ᠤ ᠬᠦᠴᠦ᠎ᠪᠠᠷ ᠦᠷᠡᠵᠢᠭᠦᠯᠵᠦ ᠪᠣᠶ᠋ᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠶᠢᠰᠦᠳᠦᠭᠡᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠠᠴᠠ ᠪᠣᠯᠵᠤ ᠬᠥᠮᠥᠨ ᠬᠠᠷ᠎ᠠ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨᠢ ᠨᠥᠬᠦᠪᠦᠷᠢᠯᠡᠬᠦ ᠵᠣᠭᠤᠰ᠎ᠢ ᠳᠣᠣᠷᠠᠬᠢ ᠲᠣᠭᠲᠠᠭ᠋ᠠᠯ ᠶᠣᠰᠣᠭ᠋ᠠᠷ ᠪᠣᠳᠣᠨ᠎ᠠ᠄
(ᠨᠢᠭᠡ) ᠬᠥᠮᠥᠨ ᠬᠠᠷ᠎ᠠ ᠵᠢ ᠭᠡᠮᠲᠦᠭᠡᠭᠰᠡᠨ ᠪᠠᠶ᠋ᠢᠪᠠᠯ᠂ ᠬᠤᠬᠢᠷᠠᠯ ᠠᠮᠰᠠᠭᠴᠢ ᠵᠢᠨ ᠵᠠᠷᠤᠴᠠᠭᠤᠯᠤᠭᠰᠠᠨ ᠡᠮᠴᠢᠯᠡᠭᠡᠨ᠎ᠤ ᠵᠠᠷᠤᠳᠠᠯ ᠵᠢᠴᠢ ᠠᠵᠢᠯ ᠰᠠᠭ᠋ᠠᠲᠠᠭᠰᠠᠨᠤ ᠬᠠᠷᠠᠭ᠎ᠠ᠎ᠠᠴᠠ ᠪᠣᠯᠵᠤ ᠬᠠᠰᠤᠭᠳᠠᠭᠰᠠᠨ ᠣᠷᠣᠯᠭ᠎ᠠ ᠵᠡᠷᠭᠡ᠎ᠳᠤ ᠨᠥᠬᠦᠪᠦᠷᠢᠯᠡᠨ᠎ᠡ᠃ ᠠᠵᠢᠯ ᠰᠠᠭ᠋ᠠᠲᠠᠭᠰᠠᠨᠤ ᠬᠠᠷᠠᠭ᠎ᠠ᠎ᠠᠴᠠ ᠪᠣᠯᠵᠤ ᠬᠠᠰᠤᠭᠳᠠᠭᠰᠠᠨ ᠣᠷᠣᠯᠭ᠎ᠠ ᠵᠢ᠂ ᠪᠠᠶ᠋ᠢᠭ᠎ᠠ ᠭᠠᠵᠠᠷ᠎ᠤᠨ ᠳᠡᠭᠡᠷ᠎ᠡ ᠣᠨ᠎ᠤ ᠠᠵᠢᠯᠲᠠᠨ ᠠᠵᠢᠯᠴᠢᠨ᠎ᠤ ᠡᠳᠦᠷ᠎ᠤᠨ ᠳᠤᠮᠳᠠᠴᠢ ᠴᠠᠯᠢᠩ᠎ᠢ ᠠᠵᠢᠯ ᠰᠠᠭ᠋ᠠᠲᠠᠭᠰᠠᠨ ᠴᠠᠭ ᠵᠶ᠋ᠠᠷ ᠦᠷᠡᠵᠢᠭᠦᠯᠵᠦ ᠪᠣᠳᠣᠨ᠂ ᠠᠵᠢᠯ ᠰᠠᠭ᠋ᠠᠲᠠᠭᠰᠠᠨ ᠴᠠᠭ᠎ᠢ ᠬᠤᠬᠢᠷᠠᠯ ᠠᠮᠰᠠᠭᠴᠢ ᠵᠢᠨ ᠡᠮᠨᠡᠭᠦᠯᠦᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠷᠭ᠋ᠠᠭᠰᠠᠨ ᠬᠦᠴᠦᠨ ᠪᠦᠬᠦᠢ ᠭᠡᠷᠡᠴᠢ ᠵᠢ ᠦᠨᠳᠦᠰᠦᠯᠡᠨ ᠲᠣᠭᠲᠠᠭ᠋ᠠᠨ᠎ᠠ᠃ ᠨᠥᠬᠦᠪᠦᠷᠢᠯᠡᠬᠦ ᠵᠣᠭᠤᠰᠤᠨ᠎ᠤ ᠬᠠᠮᠤᠭ᠎ᠤᠨ ᠶᠡᠭᠡ ᠲᠤᠭ᠎ᠠ ᠵᠢ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠦᠭᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 3 ᠳᠠᠬᠢᠨ᠎ᠠᠴᠠ ᠳᠠᠪᠠᠭᠤᠯᠬᠤ ᠦᠭᠡᠢ;
(ᠬᠤᠶᠠᠷ) ᠬᠥᠮᠥᠨ᠎ᠤ ᠬᠥᠳᠡᠯᠮᠦᠷᠢᠯᠡᠬᠦ ᠴᠢᠳᠠᠪᠤᠷᠢ ᠵᠢ᠎ᠨᠢ ᠬᠡᠰᠡᠭ ᠪᠤᠶᠤ ᠪᠦᠬᠦᠠ ᠵᠶ᠋ᠠᠷ ᠠᠯᠳᠠᠭᠤᠯᠤᠭᠰᠠᠨ ᠪᠠᠶ᠋ᠢᠪᠠᠯ᠂ ᠬᠤᠬᠢᠷᠠᠯ ᠠᠮᠰᠠᠭᠴᠢ ᠵᠢᠨ ᠵᠠᠷᠤᠴᠠᠭᠤᠯᠤᠭᠰᠠᠨ ᠡᠮᠴᠢᠯᠡᠭᠡᠨ᠎ᠤ ᠵᠠᠷᠤᠳᠠᠯ᠂ ᠠᠵᠢᠯ ᠰᠠᠭ᠋ᠠᠲᠠᠭᠰᠠᠨ ᠵᠠᠷᠤᠳᠠᠯ ᠵᠡᠷᠭᠡ ᠵᠢ ᠨᠢᠭᠡ ᠯᠡ ᠤᠳᠠᠭ᠎ᠠ᠎ᠪᠠᠷ ᠨᠥᠬᠦᠪᠦᠷᠢᠯᠡᠨ᠎ᠡ᠃ ᠨᠢᠭᠡ ᠯᠡ ᠤᠳᠠᠭ᠎ᠠ᠎ᠪᠠᠷ ᠨᠥᠬᠦᠪᠦᠷᠢᠯᠡᠬᠦ ᠵᠣᠭᠤᠰ᠎ᠢ᠎ᠨᠢ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠬᠡᠮᠵᠢᠶ᠎ᠡ ᠵᠢ᠎ᠨᠢ ᠦᠨᠳᠦᠰᠦᠯᠡᠵᠦ ᠲᠣᠭᠲᠠᠭ᠋ᠠᠨ᠎ᠠ᠃ ᠬᠥᠳᠡᠯᠮᠦᠷᠢᠯᠡᠬᠦ ᠴᠢᠳᠠᠪᠤᠷᠢ᠎ᠪᠠᠨ ᠬᠡᠰᠡᠭ ᠠᠯᠳᠠᠭᠰᠠᠨ ᠪᠠᠶ᠋ᠢᠪᠠᠯ᠂ ᠨᠢᠭᠡ ᠯᠡ ᠤᠳᠠᠭ᠎ᠠ᠎ᠪᠠᠷ ᠨᠥᠬᠦᠪᠦᠷᠢᠯᠡᠬᠦ ᠵᠣᠭᠤᠰᠤᠨ᠎ᠤ ᠬᠠᠮᠤᠭ᠎ᠤᠨ ᠶᠡᠭᠡ ᠲᠤᠭ᠎ᠠ᠎ᠨᠢ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 5᠎ᠠᠴᠠ 10 ᠳᠠᠬᠢᠨ ᠪᠣᠯᠣᠨ᠎ᠠ; ᠬᠥᠳᠡᠯᠮᠦᠷᠢᠯᠡᠬᠦ ᠴᠢᠳᠠᠪᠤᠷᠢ᠎ᠪᠠᠨ ᠪᠥᠬᠦᠨ ᠵᠶ᠋ᠠᠷ ᠠᠯᠳᠠᠭᠰᠠᠨ ᠪᠠᠶ᠋ᠢᠪᠠᠯ᠂ ᠨᠢᠭᠡ ᠯᠡ ᠤᠳᠠᠭ᠎ᠠ᠎ᠪᠠᠷ ᠨᠥᠬᠦᠪᠦᠷᠢᠯᠡᠬᠦ ᠵᠣᠭᠤᠰᠤᠨ᠎ᠤ ᠬᠠᠮᠤᠭ᠎ᠤᠨ ᠶᠡᠭᠡ ᠲᠤᠭ᠎ᠠ᠎ᠨᠢ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 10᠎ᠠᠴᠠ 15 ᠳᠠᠬᠢᠨ ᠪᠣᠯᠣᠨ᠎ᠠ;
(ᠭᠤᠷᠪᠠ) ᠬᠥᠳᠡᠯᠮᠦᠷᠢᠯᠡᠬᠦ ᠴᠢᠳᠠᠪᠤᠷᠢ ᠵᠢᠨ ᠰᠢᠯᠭ᠋ᠠᠨ ᠲᠣᠭᠲᠠᠭ᠋ᠠᠯᠲᠠ ᠬᠢᠬᠦ ᠴᠢᠬᠤᠯᠠᠲᠠᠢ ᠪᠣᠯ᠂ ᠬᠤᠬᠢᠷᠠᠯ ᠠᠮᠰᠠᠭᠴᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠠᠶ᠋ᠢᠳᠠᠭᠰᠠᠨ ᠬᠥᠳᠡᠯᠮᠦᠷᠢᠯᠡᠬᠦ ᠴᠢᠳᠠᠪᠤᠷᠢ ᠵᠢ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ᠎ᠳᠤ ᠬᠥᠳᠡᠯᠮᠦᠷᠢᠯᠡᠬᠦ ᠴᠢᠳᠠᠪᠤᠷᠢ᠎ᠪᠠᠨ ᠰᠢᠯᠭ᠋ᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠵᠤ᠂ ᠬᠥᠳᠡᠯᠮᠦᠷᠢᠯᠡᠬᠦ ᠴᠢᠳᠠᠪᠤᠷᠢ ᠵᠢ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ᠎ᠨᠢ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠳᠦᠷᠢᠮ》᠎ᠤᠨ ᠬᠤᠯᠪᠣᠭᠳᠠᠯ ᠪᠦᠬᠦᠢ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠬᠡᠮᠵᠢᠶ᠎ᠡ ᠵᠢ᠎ᠨᠢ ᠲᠣᠭᠲᠠᠭ᠋ᠠᠨ᠎ᠠ᠂ ᠰᠢᠯᠭ᠋ᠠᠨ ᠲᠣᠭᠲᠠᠭ᠋ᠠᠬᠤ ᠵᠠᠷᠤᠳᠠᠯ᠎ᠢ ᠬᠤᠬᠢᠷᠠᠯ ᠠᠮᠰᠠᠭᠴᠢ ᠤᠷᠢᠳᠴᠢᠯᠠᠵᠤ ᠥᠭᠭᠦᠨ᠎ᠡ;
(ᠳᠥᠷᠪᠡ) ᠬᠥᠮᠥᠨ ᠬᠠᠷ᠎ᠠ ᠠᠳᠡᠭᠰᠡᠨ ᠪᠠᠶ᠋ᠢᠪᠠᠯ᠂ ᠬᠤᠬᠢᠷᠠᠯ ᠠᠮᠰᠠᠭᠴᠢ ᠵᠢᠨ ᠵᠠᠷᠤᠴᠠᠭᠤᠯᠤᠭᠰᠠᠨ ᠡᠮᠴᠢᠯᠡᠭᠡᠨ᠎ᠤ ᠵᠠᠷᠤᠳᠠᠯ᠂ ᠠᠵᠢᠯ ᠰᠠᠭ᠋ᠠᠲᠠᠭᠰᠠᠨ ᠵᠠᠷᠤᠳᠠᠯ᠂ ᠣᠷᠣᠰᠢᠭᠤᠯᠭ᠎ᠠ ᠵᠢᠨ ᠵᠠᠷᠤᠳᠠᠯ ᠵᠡᠷᠭᠡ ᠵᠢ ᠨᠢᠭᠡ ᠯᠠ ᠤᠳᠠᠭ᠎ᠠ᠎ᠪᠠᠷ ᠨᠥᠬᠦᠪᠦᠷᠢᠯᠡᠨ᠎ᠡ᠃ ᠶᠡᠷᠦᠩᠬᠡᠢ ᠲᠤᠭ᠎ᠠ᠎ᠨᠢ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠦᠬᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 15 ᠳᠠᠬᠢᠨ ᠪᠣᠯᠣᠨ᠎ᠠ;
(ᠲᠠᠪᠤ) ᠲᠠᠷᠢᠮᠠᠯ᠂ ᠠᠵᠤ ᠠᠬᠤᠢ ᠵᠢᠨ ᠤᠢ ᠮᠣᠳᠣᠨ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠤᠬᠢᠷᠠᠭᠰᠠᠨ ᠬᠡᠰᠡᠭ᠎ᠢ᠎ᠨᠢ ᠳᠡᠭᠡᠷ᠎ᠡ ᠣᠨ᠎ᠤ ᠲᠤᠬᠠᠢ ᠵᠢᠨ ᠭᠠᠵᠠᠷ᠎ᠤᠨ ᠲᠤᠰ ᠲᠦᠷᠦᠯ᠎ᠤᠨ ᠲᠠᠷᠢᠮᠠᠯ᠂ ᠠᠵᠤ ᠠᠬᠤᠢ ᠵᠢᠨ ᠤᠢ ᠮᠣᠳᠣᠨ᠎ᠤ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠬᠠᠩᠰᠢ᠎ᠪᠠᠷ ᠪᠤᠳᠦᠵᠦ᠂ ᠪᠦᠬᠦ ᠬᠤᠬᠢᠷᠠᠭᠰᠠᠨ ᠬᠡᠮᠵᠢᠶᠡᠨ᠎ᠤ 60 %᠎ᠪᠠᠷ ᠨᠥᠬᠦᠪᠦᠷᠢᠯᠡᠨ᠎ᠡ;
(ᠵᠢᠷᠭᠤᠭ᠎ᠠ) ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠰᠢᠷᠬᠠᠲᠤᠭᠤᠯᠤᠭᠰᠠᠨ ᠪᠠᠶ᠋ᠢᠪᠠᠯ᠂ ᠲᠤᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠬᠠᠩᠰᠢ ᠵᠢᠨ 30%᠎ᠪᠠᠷ ᠨᠥᠬᠦᠪᠦᠷᠢᠯᠡᠨ᠎ᠡ; ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠦᠬᠦᠭᠦᠯᠦᠭᠰᠡᠨ ᠪᠠᠶ᠋ᠢᠪᠠᠯ᠂ ᠲᠣᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠬᠠᠩᠰᠢ ᠵᠢᠨ 60%᠎ᠪᠠᠷ ᠨᠥᠬᠦᠪᠦᠷᠢᠯᠡᠨ᠎ᠡ;
(ᠳᠣᠯᠤᠭ᠎ᠠ) ᠲᠣᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠤᠨ (ᠳᠥᠷᠪᠡ) (ᠲᠠᠪᠤ) ᠳ᠋ᠤᠭ᠋ᠠᠷ ᠵᠤᠷᠪᠤᠰ᠎ᠲᠤ ᠨᠡᠶ᠋ᠢᠴᠡᠵᠦ᠂ ᠪᠤᠰᠤᠳ ᠡᠳ᠋ ᠬᠥᠷᠥᠩᠭᠡ ᠵᠢᠨ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠪᠣᠳᠠᠲᠠᠢ ᠢᠷᠡᠯᠲᠡ ᠵᠢᠨ ᠪᠠᠷᠢᠮᠵᠢᠶ᠎ᠠ ᠵᠢ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠤ᠂ ᠨᠥᠬᠦᠪᠦᠷᠢᠯᠡᠬᠦ ᠲᠤᠭ᠎ᠠ᠎ᠨᠢ ᠬᠤᠬᠢᠷᠠᠭᠰᠠᠨ ᠬᠡᠰᠡᠭ᠎ᠤᠨ ᠵᠠᠬ᠎ᠠ ᠳᠡᠯᠭᠡᠭᠦᠷ᠎ᠤᠨ ᠥᠷᠲᠡᠭ᠎ᠤᠨ 50 %᠎ᠠᠴᠠ ᠶᠡᠭᠡ ᠪᠠᠶ᠋ᠢᠵᠤ ᠪᠣᠯᠬᠤ ᠦᠭᠡᠢ᠃
ᠠᠷᠪᠠᠳᠤᠭ᠋ᠠᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠬᠥᠮᠥᠨ᠎ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠵᠢ ᠬᠤᠬᠢᠷᠠᠭᠤᠯᠵᠤ᠂ ᠲᠤᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠤᠨ ᠨᠢᠭᠡᠳᠤᠨᠢ ᠨᠡᠶ᠋ᠢᠴᠡᠪᠡᠯ᠂ ᠬᠤᠬᠢᠷᠠᠯ ᠠᠮᠰᠠᠭᠴᠢ ᠪᠤᠶᠤ ᠬᠢᠨᠠᠨ ᠬᠠᠮᠠᠭ᠋ᠠᠯᠠᠭᠴᠢ᠂ ᠨᠠᠶ᠋ᠢᠳᠠᠯᠭ᠎ᠠ ᠬᠦᠯᠢᠶᠡᠭᠴᠢ᠎ᠨᠢ ᠴᠠᠭ ᠲᠤᠬᠠᠢᠳᠤᠨᠢ ᠬᠡᠷᠡᠭ᠎ᠤᠨ ᠡᠭᠦᠰᠣᠭ᠌ᠰᠡᠨ ᠭᠠᠵᠠᠷ᠎ᠤᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠮᠡᠳᠡᠭᠦᠯᠬᠦ ᠵᠢᠨ ᠬᠠᠮᠲᠤ᠂ ᠲᠤᠬᠠᠢ ᠵᠢᠨ ᠭᠠᠵᠠᠷ᠎ᠢ᠎ᠨᠢ ᠬᠠᠮᠠᠭ᠋ᠠᠯᠠᠵᠤ᠂ ᠬᠠᠷᠭᠤᠭᠤᠯᠤᠨ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠢ᠃
ᠬᠥᠮᠥᠨ ᠬᠠᠷ᠎ᠠ ᠠᠳᠡᠵᠦ ᠭᠡᠮᠲᠦᠭᠡᠳ ᠨᠥᠬᠦᠪᠦᠷᠢᠯᠡᠭᠦᠯᠬᠦ᠎ᠪᠠᠷ ᠭᠤᠶᠤᠴᠢᠯᠠᠬᠤ᠎ᠳᠤ᠂ ᠲᠦᠷᠭᠡᠨ ᠠᠪᠤᠷᠠᠵᠤ ᠡᠮᠨᠡᠭᠦᠯᠦᠭᠰᠡᠨᠤ ᠳᠠᠷᠠᠭ᠎ᠠ 60 ᠡᠳᠦᠷ᠎ᠤᠨ ᠳᠣᠲᠣᠷ᠎ᠠ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠤᠷᠠᠳᠬᠤ ᠬᠡᠷᠡᠭᠲᠡᠢ; ᠡᠳ᠋ ᠬᠥᠷᠥᠩᠭᠡ ᠵᠢᠨ ᠬᠤᠬᠢᠷᠠᠯ᠎ᠳᠤ ᠤᠴᠠᠷᠠᠵᠤ ᠨᠥᠬᠦᠪᠦᠷᠢᠯᠡᠭᠦᠯᠬᠦ᠎ᠪᠠᠷ ᠭᠤᠶᠤᠴᠢᠯᠠᠬᠤ᠎ᠳᠤ᠂ ᠡᠳ᠋ ᠬᠥᠷᠥᠩᠭᠡ ᠵᠢᠨ ᠬᠤᠬᠢᠷᠠᠯ᠎ᠳᠤ ᠣᠨᠴᠠᠷᠠᠭᠰᠠᠨᠢ ᠮᠡᠳᠡᠭᠰᠡᠨ ᠪᠤᠶᠤ ᠮᠡᠳᠡᠵᠣ ᠪᠣᠯᠬᠤ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠤᠷᠠᠳᠬᠤ ᠬᠡᠷᠡᠭᠲᠡᠢ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭ᠋ᠠᠯᠠᠭᠴᠢ᠂ ᠨᠠᠶ᠋ᠢᠳᠠᠯᠭ᠎ᠠ ᠬᠦᠯᠢᠶᠡᠭᠴᠢ᠎ᠨᠢ ᠲᠣᠭᠲᠠᠭ᠋ᠠᠭᠰᠠᠨ ᠬᠤᠭᠤᠴᠠᠭ᠎ᠠ ᠶᠣᠰᠣᠭ᠋ᠠᠷ ᠭᠤᠶᠤᠴᠢᠯᠠᠯ ᠭᠠᠷᠭ᠋ᠠᠭᠰᠠᠨ ᠦᠭᠡᠢ᠎ᠠᠴᠠ ᠪᠣᠯᠵᠤ ᠬᠤᠬᠢᠷᠠᠯ᠎ᠢ ᠬᠢᠨᠠᠨ ᠬᠠᠷᠭᠤᠭᠤᠯᠵᠤ᠂ ᠮᠠᠭ᠋ᠠᠳᠯᠠᠨ ᠲᠣᠭᠲᠠᠭ᠋ᠠᠬᠤ ᠵᠢᠨ ᠠᠷᠭ᠎ᠠ ᠦᠭᠡᠢ ᠪᠣᠯᠤᠭᠰᠠᠨ ᠪᠣᠯ ᠨᠥᠬᠦᠪᠦᠷᠢᠯᠡᠬᠦ ᠦᠭᠡᠢ᠃
ᠬᠥᠳᠡᠯᠮᠦᠷᠢᠯᠡᠬᠦ ᠴᠢᠳᠠᠪᠤᠷᠢ ᠵᠢᠨ ᠰᠢᠯᠭ᠋ᠠᠨ ᠲᠣᠭᠲᠠᠭ᠋ᠠᠯᠲᠠ ᠬᠢᠬᠦ ᠴᠢᠬᠤᠯᠠᠲᠠᠢ ᠪᠣᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠠᠶ᠋ᠢᠳᠠᠭᠰᠠᠨ ᠬᠠᠮᠢᠶ᠎ᠠ ᠪᠦᠬᠦᠢ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ᠎ᠠᠴᠠ ᠬᠥᠳᠡᠯᠮᠦᠷᠢᠯᠡᠬᠦ ᠴᠢᠳᠠᠪᠤᠷᠢ ᠵᠢ ᠰᠢᠯᠭ᠋ᠠᠨ ᠲᠣᠭᠲᠠᠭ᠋ᠠᠭᠰᠠᠨ ᠰᠢᠢ᠍ᠳᠪᠦᠷᠢ ᠭᠠᠷᠭ᠋ᠠᠵᠤ᠂ ᠰᠢᠯᠭ᠋ᠠᠨ ᠲᠣᠭᠲᠠᠭᠭ᠋ᠠᠬᠤ ᠬᠤᠭᠤᠴᠠᠭ᠎ᠠ ᠵᠢ ᠳᠡᠭᠡᠷ᠎ᠡ ᠳᠤᠷᠠᠳᠤᠭᠰᠠᠨ ᠬᠤᠭᠤᠴᠠᠭ᠎ᠠ᠎ᠳᠤ ᠪᠣᠳᠣᠵᠤ ᠣᠷᠣᠭᠤᠯᠬᠤ ᠦᠭᠡᠢ᠃
ᠠᠷᠪᠠᠨ ᠨᠢᠭᠡᠳᠦᠭᠡᠷ ᠵᠦᠢ᠍ᠯ ᠨᠥᠬᠦᠪᠦᠷᠢᠯᠡᠭᠦᠯᠬᠦ᠎ᠪᠠᠷ ᠭᠤᠶᠤᠴᠢᠯᠠᠬᠤ᠎ᠳᠤ᠎ᠪᠠᠨ ᠪᠢᠴᠢᠭ᠎ᠤᠨ ᠬᠡᠯᠪᠡᠷᠢ᠎ᠪᠠᠷ ᠭᠤᠶᠤᠴᠢᠯᠠᠵᠤ᠂ ᠨᠥᠬᠦᠪᠦᠷᠢᠯᠡᠭᠦᠯᠬᠦ ᠭᠤᠶᠤᠴᠢᠯᠠᠯ᠎ᠤᠨ ᠪᠢᠴᠢᠭ ᠵᠶ᠋ᠠᠨ ᠲᠤᠰᠢᠶᠠᠬᠤ᠎ᠳᠤ ᠦᠨᠡᠨ ᠬᠦ᠌ ᠬᠦᠴᠢᠷᠳᠡᠯ᠎ᠲᠠᠢ ᠪᠠᠶ᠋ᠢᠪᠠᠯ᠂ ᠠᠮᠠ᠎ᠪᠠᠷ ᠵᠶ᠋ᠠᠨ ᠭᠤᠶᠤᠴᠢᠯᠠᠵᠤ᠂ ᠭᠥᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ᠎ᠠᠴᠠ ᠲᠡᠮᠳᠡᠭᠯᠡᠯ᠎ᠳᠤ᠎ᠪᠠᠨ ᠪᠢᠴᠢᠵᠦ ᠣᠷᠣᠭᠤᠯᠤᠨ᠎ᠠ᠃ ᠨᠥᠬᠦᠪᠦᠷᠢᠯᠡᠭᠦᠯᠬᠦ ᠭᠤᠶᠤᠴᠢᠯᠠᠯ᠎ᠤᠨ ᠪᠢᠴᠢᠭ᠎ᠲᠤ ᠳᠣᠣᠷ᠎ᠠ ᠵᠢᠭᠰᠠᠭ᠋ᠠᠭᠰᠠᠨ ᠵᠦᠢ᠍ᠯᠡᠰ᠎ᠢ ᠲᠣᠳᠣᠷᠬᠠᠢ ᠪᠢᠴᠢᠬᠦ ᠬᠡᠷᠡᠭᠲᠡᠢ᠄
(ᠨᠢᠭᠡ) ᠬᠤᠬᠢᠷᠠᠯ ᠠᠮᠰᠠᠭᠴᠢ ᠵᠢᠨ ᠣᠪᠣᠭ ᠨᠡᠷ᠎ᠡ᠂ ᠬᠦᠢ᠍ᠰᠦ ᠵᠢᠨ ᠢᠯᠭ᠋ᠠᠯ᠂ ᠨᠠᠰᠤ ᠵᠢᠯ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶᠢᠭ ᠪᠠ ᠪᠡᠶ᠎ᠡ ᠵᠢᠨ ᠦᠨᠡᠮᠯᠡᠯ᠎ᠤᠨ ᠨᠣᠮᠧᠷ ᠪᠠᠭᠲᠠᠨ᠎ᠠ᠃ ᠬᠤᠬᠢᠷᠠᠯ ᠠᠮᠰᠠᠭᠴᠢ᠎ᠨᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠪᠣᠯᠬᠤ᠎ᠳᠤ ᠬᠦᠷᠪᠡᠯ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠷᠡᠶ᠋ᠢᠳᠦᠯ᠂ ᠬᠠᠶᠢᠭ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠣᠷᠣᠯᠠᠬᠤ ᠨᠣᠮᠧᠷ ᠪᠣᠯᠣᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭ᠋ᠠᠲᠠᠨ᠎ᠤ ᠣᠪᠣᠭ ᠨᠡᠷ᠎ᠡ᠂ ᠲᠤᠰᠢᠶᠠᠯ᠎ᠢ ᠪᠠᠰᠠ ᠲᠣᠳᠣᠷᠬᠠᠢ ᠲᠡᠮᠳᠡᠭᠯᠡᠬᠦ ᠬᠡᠷᠡᠭᠲᠡᠢ;
(ᠬᠤᠶᠠᠷ) ᠪᠣᠳᠠᠲᠠᠢ ᠭᠡᠮᠲᠦᠭᠡᠵᠦ ᠬᠤᠬᠢᠷᠠᠭᠤᠯᠤᠭᠰᠠᠨ ᠪᠣᠳᠠᠲᠤ ᠬᠡᠷᠡᠭ᠂ ᠭᠡᠷᠡᠴᠢᠯᠡᠬᠦ ᠮᠠᠲ᠋ᠧᠷᠢᠶᠠᠯ ᠪᠠ ᠨᠥᠬᠦᠪᠦᠷᠢᠯᠡᠭᠦᠯᠬᠦ ᠱᠠᠭ᠋ᠠᠷᠳᠠᠯᠭ᠎ᠠ᠃
ᠠᠷᠪᠠᠨ ᠬᠤᠶᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠨᠥᠬᠦᠪᠦᠷᠢᠯᠡᠭᠦᠯᠬᠦ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ ᠪᠠᠶ᠋ᠢᠴᠠᠭ᠋ᠠᠬᠤ ᠠᠵᠢᠯᠲᠠᠨ ᠲᠣᠬᠢᠷᠠᠭᠤᠯᠤᠨ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠬᠤ ᠪᠠ ᠬᠢᠨᠠᠨ ᠬᠠᠷᠭᠤᠭᠤᠯᠵᠤ᠂ 10 ᠠᠵᠢᠯᠯᠠᠬᠤ ᠡᠳᠦᠷ᠎ᠤᠨ ᠳᠣᠲᠣᠷ᠎ᠠ ᠪᠠᠶ᠋ᠢᠴᠠᠭ᠋ᠠᠨ ᠬᠠᠷᠭᠤᠭᠤᠯᠬᠤ ᠠᠵᠢᠯ ᠵᠶ᠋ᠠᠨ ᠪᠡᠶᠡᠯᠡᠭᠦᠯᠬᠦ ᠵᠢᠨ ᠬᠠᠮᠲᠤ᠂ ᠨᠥᠬᠦᠪᠦᠷᠢᠯᠡᠬᠦ ᠵᠢ ᠵᠥᠪᠰᠢᠶᠡᠷᠡᠬᠦ ᠪᠤᠶᠤ ᠨᠥᠬᠦᠪᠦᠷᠢᠯᠡᠬᠦ ᠵᠢ ᠥᠯᠥ ᠵᠥᠪᠰᠢᠶᠡᠷᠡᠬᠦ᠎ᠪᠠᠷ ᠠᠩᠬ᠎ᠠ ᠠᠯᠬᠤᠮ᠎ᠤᠨ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠬᠤ ᠬᠡᠷᠡᠭᠲᠡᠢ᠃ ᠪᠠᠶ᠋ᠢᠴᠠᠭ᠋ᠠᠨ ᠬᠠᠷᠭᠤᠭᠤᠯᠬᠤ ᠠᠵᠢᠯ᠎ᠨᠢ ᠡᠷᠬᠡᠪᠰᠢ ᠪᠤᠰᠤᠳᠴᠢ᠂ ᠲᠥᠪ ᠭᠤᠣᠯᠴᠢ᠂ ᠵᠥᠪ ᠣᠨᠣᠪᠴᠢᠲᠠᠶ ᠪᠠᠶ᠋ᠢᠬᠤ ᠬᠡᠷᠡᠭᠲᠡᠢ᠃ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠬᠠᠷᠭᠤᠭᠤᠯᠤᠭᠴᠢ 2 ᠬᠥᠮᠥᠨ᠎ᠠᠴᠠ ᠳᠤᠲᠠᠭᠤ ᠪᠠᠶ᠋ᠢᠵᠤ ᠪᠣᠯᠬᠤ ᠦᠭᠡᠢ᠃
ᠠᠷᠪᠠᠨ ᠭᠤᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠭᠤᠶᠤᠴᠢᠯᠠᠭᠰᠠᠨ ᠮᠠᠲ᠋ᠧᠷᠢᠶᠠᠯ ᠪᠠ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨᠢ ᠨᠥᠬᠦᠪᠦᠷᠢᠯᠡᠬᠦ ᠪᠠᠶ᠋ᠢᠴᠠᠭ᠋ᠠᠨ ᠳᠠᠩᠰᠠᠯᠠᠬᠤ ᠬᠦᠰᠦᠨᠦᠭᠲᠦ᠂ ᠪᠠᠶ᠋ᠢᠴᠠᠭ᠋ᠠᠯᠲᠠ ᠵᠢᠨ ᠲᠡᠮᠳᠡᠭᠯᠡᠯ᠂ ᠠᠩᠬ᠎ᠠ ᠠᠯᠬᠤᠮ᠎ᠤᠨ ᠰᠢᠢ᠍ᠳᠪᠦᠷᠢᠯᠡᠬᠦ ᠰᠠᠨᠠᠯ ᠵᠡᠷᠭᠡ ᠮᠠᠲ᠋ᠧᠷᠢᠶᠠᠯ ᠵᠶ᠋ᠠᠨ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰᠢᠶᠠᠬᠤ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠥᠬᠦᠪᠦᠷᠢᠯᠡᠬᠦ ᠪᠤᠶᠤ ᠦᠯᠦ ᠨᠥᠬᠦᠪᠦᠷᠢᠯᠡᠬᠦ ᠰᠢᠢ᠍ᠳᠪᠦᠷᠢ ᠭᠠᠷᠭ᠋ᠠᠬᠤ ᠵᠢᠨ ᠬᠠᠮᠲᠤ᠂ 10 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠡᠳ᠋᠎ᠤᠨ ᠵᠠᠰᠠᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠥᠬᠦᠪᠦᠷᠢᠯᠡᠬᠦ ᠰᠢᠢ᠍ᠳᠪᠦᠷᠢ ᠵᠢ ᠦᠨᠳᠦᠰᠦᠯᠡᠨ᠂ ᠨᠥᠬᠦᠪᠦᠷᠢᠯᠡᠬᠦ ᠵᠣᠭᠤᠰ᠎ᠢ ᠴᠠᠭ ᠲᠤᠬᠠᠢᠳᠤᠨᠢ ᠨᠢᠭᠡ ᠯᠡ ᠤᠳᠠᠭ᠎ᠠ᠎ᠳᠤ᠂ ᠪᠦᠬᠦ ᠲᠤᠭ᠎ᠠ᠎ᠪᠠᠷ᠎ᠨᠢ ᠭᠤᠶᠤᠴᠢᠯᠠᠭᠴᠢ᠎ᠳᠤ ᠰᠠᠯᠭ᠋ᠠᠨ ᠥᠭᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠭᠤᠣᠯᠳᠠᠯᠭ᠎ᠠ᠎ᠲᠠᠢ ᠬᠠᠮᠠᠭ᠋ᠠᠯᠠᠬᠤ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠎ᠠᠴᠠ ᠪᠣᠯᠵᠤ ᠭᠡᠮᠲᠦᠵᠦ ᠬᠤᠬᠢᠷᠠᠨ᠂ ᠲᠡᠭᠦᠨ᠎ᠤ ᠭᠡᠷ ᠪᠦᠯᠢ ᠵᠢᠨ ᠠᠵᠤ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠪᠥᠭᠡᠳ ᠨᠡᠶ᠋ᠢᠭᠡᠮ᠎ᠤᠨ ᠠᠪᠤᠷᠠᠨ ᠲᠤᠰᠠᠯᠠᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠡᠶ᠋ᠢᠭᠡᠮ᠎ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃
ᠠᠷᠪᠠᠨ ᠲᠠᠪᠤᠳᠤᠭ᠋ᠠᠷ ᠵᠦᠢ᠍ᠯ ᠭᠤᠶᠤᠴᠢᠯᠠᠭᠴᠢ᠎ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠨᠥᠬᠦᠪᠦᠷᠢᠯᠡᠬᠦ ᠪᠡᠯᠡ ᠮᠥᠩᠭᠦ ᠵᠢ ᠮᠡᠬᠡᠯᠡᠨ ᠠᠪᠤᠭᠰᠠᠨ ᠪᠠᠶ᠋ᠢᠪᠠᠯ᠂ ᠨᠥᠬᠦᠪᠦᠷᠢᠯᠡᠬᠦ ᠰᠢᠢ᠍ᠳᠪᠦᠷᠢ ᠭᠠᠷᠭ᠋ᠠᠭᠰᠠᠨ ᠤᠢ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠨᠥᠬᠦᠪᠦᠷᠢᠯᠡᠭᠰᠡᠨ ᠵᠣᠭᠤᠰ᠎ᠢ ᠪᠤᠴᠠᠯᠭ᠋ᠠᠨᠠ; ᠶᠠᠯ᠎ᠠ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠵᠢᠷᠭᠤᠳᠤᠭ᠋ᠠᠷ ᠵᠦᠢ᠍ᠯ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨᠢ ᠨᠥᠬᠦᠪᠦᠷᠢᠯᠡᠬᠦ ᠵᠢᠨ ᠭᠤᠶᠤᠴᠢᠯᠠᠯ᠎ᠤᠨ ᠬᠦᠰᠦᠨᠦᠭᠲᠦ᠂ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨᠢ ᠨᠥᠬᠦᠪᠦᠷᠢᠯᠡᠬᠦ ᠪᠠᠶ᠋ᠢᠴᠠᠭ᠋ᠠᠨ ᠳᠠᠩᠰᠠᠯᠠᠬᠤ ᠬᠦᠰᠦᠨᠦᠭᠲᠦ᠂ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ᠎ᠤ ᠬᠥᠮᠥᠨ ᠬᠠᠷ᠎ᠠ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨᠢ ᠨᠥᠬᠦᠪᠦᠷᠢᠯᠡᠬᠦ ᠮᠠᠭ᠋ᠠᠳᠯᠠᠨ ᠲᠣᠭᠲᠠᠭ᠋ᠠᠬᠤ ᠬᠦᠰᠦᠨᠦᠭᠲᠦ ᠵᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠢ ᠲᠣᠭᠲᠠᠭ᠋ᠠᠨ᠎ᠠ᠃
ᠠᠷᠪᠠᠨ ᠳᠣᠯᠣᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 1 ᠳ᠋ᠦ᠍ᠭᠡᠷ ᠰᠠᠷ᠎ᠠ ᠵᠢᠨ 11᠎ᠤ ᠡᠳᠦᠷ ᠳᠠᠷᠤᠮᠠᠯᠯᠠᠨ ᠲᠠᠷᠬᠠᠭ᠋ᠠᠪᠠ