ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-10-30

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
                     ᠥᠪᠥᠷ ᠵᠠᠰᠠᠭ ᠠᠯᠪᠠᠨ ᠲᠠᠷᠬᠠᠭ᠋ᠠᠭᠰᠠᠨ [2023] 11 ᠳ᠋ᠦ᠍ᠭᠡᠷ ᠲᠣᠭ᠋ᠠᠲᠤ
   
         《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ
          ᠰᠢᠢ᠍ᠳᠪᠦᠷᠢᠯᠡᠬᠦ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ
          ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
                         2023 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
   

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ
      ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ

   

      ᠨᠢᠭᠡᠳᠦᠭᠡᠷ ᠪᠦᠯᠦᠭ ᠶᠡᠷᠦᠩᠬᠡᠢ ᠳᠦᠷᠢᠮ
       ᠨᠢᠭᠡᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠵᠦ᠂ ᠨᠡᠶ᠋ᠢᠭᠡᠮ ᠨᠡᠶ᠋ᠢᠲᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠰᠡᠷᠡᠮᠵᠢᠯᠡᠨ ᠠᠷᠢᠯᠭ᠋ᠠᠵᠤ᠂ ᠠᠵᠤ ᠠᠬᠤᠢ ᠵᠢᠨ ᠡᠮᠬᠢ ᠳᠢᠭᠯᠢᠮ ᠪᠠ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》 《ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠳᠦᠷᠢᠮ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠨᠠᠷᠢᠨ ᠳᠦᠷᠢᠮ᠎ᠢ ᠲᠣᠭᠲᠠᠭ᠋ᠠᠪᠠ᠃
      ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠵᠢᠴᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ᠎ᠳᠤ ᠲᠣᠰ ᠨᠠᠷᠢᠨ ᠳᠦᠷᠢᠮ᠎ᠢ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠪᠠᠩᠬᠢ᠂ ᠦᠨᠡᠲᠦ ᠲᠡᠮᠳᠡᠭᠲᠦ᠂ ᠳᠠᠭ᠋ᠠᠳᠬᠠᠯ᠂ ᠭᠠᠳᠠᠭ᠋ᠠᠳᠤ ᠭᠤᠪᠢᠭᠤᠯᠭ᠎ᠠ ᠵᠡᠷᠭᠡ ᠮᠥᠩᠭᠦᠨ ᠭᠦᠢ᠍ᠯᠭᠡᠭᠡᠨ᠎ᠤ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠬᠠᠤᠯᠢ ᠪᠤᠰᠤ᠎ᠪᠠᠷ ᠡᠷᠬᠢᠯᠡᠬᠦ ᠲᠤᠬᠠᠢ ᠪᠤᠰᠤᠳ ᠲᠣᠭᠲᠠᠭ᠋ᠠᠯ ᠪᠠᠶ᠋ᠢᠪᠠᠯ᠂ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ᠃
       ᠭᠤᠷᠪᠠᠳᠤᠭ᠋ᠠᠷ ᠵᠦᠢ᠍ᠯ ᠶᠠᠮᠠᠷᠪᠠ ᠬᠡᠯᠪᠡᠷᠢ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠦᠢ᠍ᠯᠡ ᠠᠵᠢᠯᠯᠠᠭ᠎ᠠ ᠵᠢ ᠴᠠᠭ᠋ᠠᠵᠠᠯᠠᠨ᠎ᠠ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠰᠡᠷᠡᠮᠵᠢᠯᠡᠬᠦ᠎ᠪᠠᠷ ᠭᠤᠣᠯᠯᠠᠬᠤ᠂ ᠡᠷᠲᠡ᠎ᠠᠴᠠ ᠭᠠᠷᠳᠠᠵᠣ ᠪᠠᠭ᠎ᠠ ᠪᠠᠶ᠋ᠢᠬᠤ᠎ᠳᠤ᠎ᠨᠢ ᠴᠣᠬᠢᠯᠲᠠ ᠥᠭᠬᠦ᠂ ᠶᠡᠷᠦᠩᠬᠡᠶ᠋ᠢᠯᠡᠨ ᠵᠠᠰᠠᠬᠤ᠂ ᠯᠠᠪᠳᠠᠭᠤᠨ ᠵᠶ᠋ᠠᠷ ᠰᠢᠢ᠍ᠳᠪᠦᠷᠢᠯᠡᠬᠦ ᠵᠠᠷᠴᠢᠮ᠎ᠢ ᠪᠠᠷᠢᠮᠲᠠᠯᠠᠨ᠎ᠠ᠃
       ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠥᠬᠦ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠨ᠎ᠡ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠠᠴᠠ ᠨᠢᠭᠡᠳᠦᠯᠲᠡᠢ ᠤᠳᠤᠷᠢᠳᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ ᠵᠢᠨ᠎ᠬᠢᠨ ᠣᠷᠣᠯᠴᠠᠭᠰᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
       ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠲᠣᠭᠲᠠᠴᠠ᠎ᠨᠢ ᠪᠥᠬᠦ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ᠂ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠬᠠᠷᠢᠭᠤᠴᠠᠬᠤ ᠬᠡᠷᠡᠭᠲᠡᠢ᠃
       ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠲᠣᠭᠲᠠᠴᠠ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠰᠡᠭᠦᠯ ᠬᠤᠷᠢᠶᠠᠵᠤ ᠰᠢᠢ᠍ᠳᠪᠦᠷᠢᠯᠡᠬᠦ᠂ ᠤᠬᠠᠭᠤᠯᠤᠨ ᠬᠥᠮᠥᠵᠢᠭᠦᠯᠬᠦ ᠪᠠ ᠲᠣᠭᠲᠠᠭᠤᠨ᠎ᠢ ᠬᠠᠮᠠᠭ᠋ᠠᠯᠠᠬᠤ ᠵᠡᠷᠭᠡ ᠠᠵᠢᠯ᠎ᠢ ᠰᠠᠶ᠋ᠢᠲᠤᠷ ᠬᠢᠬᠦ ᠵᠢ ᠬᠠᠷᠢᠭᠤᠴᠠᠬᠤ ᠬᠡᠷᠡᠭᠲᠡᠢ᠃
       ᠳᠡᠭᠡᠳᠦ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠳᠤ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
      ᠰᠤᠷᠭ᠋ᠠᠨ ᠬᠥᠮᠦᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭ᠋ᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠣᠶ ᠰᠢᠭᠤᠢ ᠪᠠ ᠨᠤᠲᠤᠭ ᠪᠡᠯᠴᠢᠭᠡᠷ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ ᠵᠡᠷᠭᠡ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠣᠰ ᠠᠵᠢᠯ ᠲᠥᠷᠥᠯ᠂ ᠲᠣᠰ ᠬᠦᠷᠢᠶᠡᠨ᠎ᠳᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠪᠠ ᠬᠠᠮᠵᠢᠯᠴᠠᠨ ᠰᠢᠢ᠍ᠳᠪᠦᠷᠢᠯᠡᠬᠦ ᠠᠵᠢᠯ ᠵᠶ᠋ᠠᠨ ᠬᠠᠷᠢᠭᠤᠴᠠᠬᠤ ᠬᠡᠷᠡᠭᠲᠡᠢ; ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠨᠢ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠴᠢ ᠲᠤᠰᠢᠶᠠᠯ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠠᠮᠢᠶ᠎ᠠ ᠪᠦᠬᠦᠢ ᠡᠭᠦᠷᠭᠡ ᠵᠢ ᠡᠭᠦᠷᠭᠡᠯᠡᠬᠦ ᠬᠡᠷᠡᠭᠲᠡᠢ᠃
      ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ (ᠳᠣᠷᠣᠭᠰᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠭᠡᠵᠦ ᠲᠣᠪᠴᠢᠯᠠᠨ᠎ᠠ)᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠣᠨ᠎ᠠ᠃ ᠠᠶ᠋ᠢᠮᠠᠭ ᠬᠤᠲᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠠᠶ᠋ᠢᠮᠠᠭ ᠬᠤᠲᠠ ᠵᠢᠨ ᠮᠥᠩᠭᠦᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ ᠪᠣᠯᠣᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠡᠶ᠎ᠡ᠎ᠪᠠᠨ ᠳᠠᠭ᠋ᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯᠲᠤ ᠬᠠᠮᠢᠶ᠎ᠠ ᠪᠦᠬᠦᠢ ᠪᠠᠶ᠋ᠢᠭᠤᠯᠤᠮᠵᠢ ᠵᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠬᠡᠮᠡᠨ ᠲᠣᠳᠣᠷᠬᠠᠢ ᠲᠣᠭᠲᠠᠭ᠋ᠠᠬᠤ ᠬᠡᠷᠡᠭᠲᠡᠢ᠃
      ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠲᠦᠷᠦᠭᠦᠯᠡᠨ ᠬᠠᠷᠢᠭᠤᠴᠠᠬᠤ ᠠᠵᠢᠯᠲᠠᠨ᠎ᠢ ᠠᠳᠠᠭ᠎ᠲᠤ᠎ᠪᠠᠨ 1 ᠵᠢ ᠲᠣᠳᠣᠷᠬᠠᠢ ᠲᠣᠭᠲᠠᠭ᠋ᠠᠵᠤ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠭᠤᠯᠭ᠎ᠠ ᠬᠢᠬᠦ ᠪᠠ ᠰᠦᠪᠡᠭᠴᠢ ᠵᠢ ᠮᠡᠳᠡᠭᠦᠯᠬᠦ ᠵᠡᠷᠭᠡ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
      ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ ᠠᠵᠢᠯ ᠵᠶ᠋ᠠᠨ ᠥᠷᠨᠢᠭᠦᠯᠬᠦ ᠵᠢᠨ ᠬᠠᠮᠲᠤ᠂ ᠳᠡᠭᠡᠳᠦ ᠱᠠᠲᠤᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠤᠯᠭ᠎ᠠ ᠪᠠ ᠬᠢᠨᠠᠯᠲᠠ ᠵᠢ ᠬᠦᠯᠢᠶᠡᠬᠦ ᠬᠡᠷᠡᠭᠲᠡᠢ᠃
       ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠠᠮᠢᠶ᠎ᠠ ᠪᠦᠬᠦᠢ ᠵᠠᠷᠤᠳᠠᠯ᠎ᠢ ᠵᠣᠬᠢᠰᠲᠠᠢ ᠪᠠᠲᠤᠯᠠᠬᠤ ᠵᠢᠨ ᠬᠠᠮᠲᠤ᠂ ᠲᠤᠰ ᠱᠠᠲᠤᠨ᠎ᠤ ᠲᠥᠰᠥᠪ᠎ᠲᠤ᠎ᠪᠠᠨ ᠣᠷᠣᠭᠤᠯᠬᠤ ᠬᠡᠷᠡᠭᠲᠡᠢ᠃
       ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠬᠦᠴᠦᠨ ᠵᠶ᠋ᠠᠨ ᠴᠢᠩᠭ᠎ᠠ᠎ᠪᠠᠷ ᠲᠣᠬᠢᠷᠠᠭᠤᠯᠤᠨ᠂ ᠬᠠᠤᠯᠢ ᠬᠡᠷᠡᠭᠵᠢᠭᠦᠯᠬᠦ ᠲᠥᠬᠦᠭᠡᠷᠦᠮᠵᠢ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠵᠡᠷᠭᠡ ᠵᠢᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠬᠠᠤᠯᠢ ᠬᠡᠷᠡᠭᠵᠢᠭᠦᠯᠬᠦ ᠪᠣᠯᠪᠠᠰᠤᠷᠠᠯ᠎ᠢ ᠥᠷᠨᠢᠭᠦᠯᠦᠨ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠬᠠᠤᠯᠢ ᠬᠡᠷᠡᠭᠵᠢᠭᠦᠯᠦᠯᠲᠡ ᠵᠢᠨ ᠵᠢᠷᠣᠮᠵᠢᠭ᠌ᠰᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠬᠤᠯᠪᠤᠭ᠋ᠠᠯᠠᠨ ᠬᠠᠤᠯᠢ ᠬᠡᠷᠡᠭᠵᠢᠭᠦᠯᠬᠦ᠂ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠤᠨ᠎ᠠ᠃
       ᠳᠣᠯᠣᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠠᠷᠠᠯᠲᠠ ᠵᠢᠨ ᠰᠢᠯᠭ᠋ᠠᠨ ᠬᠢᠨᠠᠬᠤ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠵᠤ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠬᠠᠷᠢᠶ᠎ᠠ ᠰᠠᠯᠠᠭ᠎ᠠ ᠮᠥᠴᠢᠷ᠂ ᠨᠢᠭᠡᠴᠢ ᠪᠣᠯᠣᠨ ᠳᠣᠣᠷ᠎ᠠ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠠᠵᠢᠯ᠎ᠤᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠤᠨ ᠰᠢᠯᠭ᠋ᠠᠨ ᠬᠢᠨᠠᠯᠲᠠ ᠵᠢᠨ ᠲᠣᠭᠲᠠᠯᠴᠠᠭ᠎ᠠ᠎ᠳᠤ᠎ᠪᠠᠨ ᠣᠷᠣᠭᠤᠯᠬᠤ ᠬᠡᠷᠡᠭᠲᠡᠢ᠃
       ᠬᠤᠶᠠᠳᠤᠭ᠋ᠠᠷ ᠪᠦᠯᠦᠭ ᠰᠡᠷᠡᠮᠵᠢᠯᠡᠬᠦ
      ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠲᠣᠭᠲᠠᠯᠴᠠᠭ᠎ᠠ᠎ᠳᠤ᠎ᠪᠠᠨ ᠣᠷᠣᠭᠤᠯᠤᠨ᠂ ᠲᠣᠣᠷᠵᠢᠭᠤᠯᠤᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠣᠮᠣ ᠳ᠋ᠠᠶ᠋ᠢᠲ᠋ᠠ ᠵᠢᠨ ᠵᠠᠳᠠᠯᠤᠯᠲᠠ ᠵᠡᠷᠭᠡ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠪᠦᠲᠦᠮᠵᠢᠲᠡᠶ ᠬᠡᠷᠡᠭᠯᠡᠨ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠬᠤ ᠬᠡᠷᠡᠭᠲᠡᠢ᠃
      ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠯᠦᠭᠡ ᠬᠠᠮᠲᠤᠷᠠᠯᠴᠠᠨ ᠵᠠᠰᠠᠭ᠎ᠤᠨ ᠶᠠᠪᠤᠳᠠᠯ᠎ᠤᠨ ᠲᠤᠭ᠎ᠠ ᠪᠠᠷᠢᠮᠲᠠ᠂ ᠬᠢᠨᠠᠯᠲᠠ ᠬᠠᠮᠢᠶᠠᠷᠤᠯᠲᠠ ᠵᠢᠨ ᠲᠤᠭ᠎ᠠ ᠪᠠᠷᠢᠮᠲᠠ᠂ ᠢᠨᠲ᠋ᠧᠷ ᠰᠦᠯᠵᠢᠶ᠎ᠡ᠎ᠳᠤ ᠢᠯᠡ ᠪᠣᠯᠭ᠋ᠠᠭᠰᠠᠨ ᠲᠤᠭ᠎ᠠ ᠪᠠᠷᠢᠮᠲᠠ ᠵᠢᠴᠢ ᠭᠤᠷᠪᠠᠳᠠᠭᠴᠢ ᠡᠲᠡᠭᠡᠳ᠎ᠤᠨ ᠪᠠᠶ᠋ᠢᠭᠤᠯᠤᠮᠵᠢ ᠵᠢᠨ ᠲᠤᠭ᠎ᠠ ᠪᠠᠷᠢᠮᠲᠠ ᠵᠡᠷᠭᠡ ᠵᠢ ᠪᠦᠲᠦᠮᠵᠢᠲᠡᠶ ᠡᠮᠬᠢᠯᠡᠨ ᠨᠡᠶ᠋ᠢᠯᠡᠭᠦᠯᠵᠦ᠂ ᠰᠠᠯᠠᠭ᠎ᠠ ᠮᠥᠴᠢᠷ᠎ᠤᠨ ᠬᠤᠭᠤᠷᠣᠨᠳᠤ᠂ ᠣᠷᠣᠨ ᠪᠦᠰᠡ ᠵᠢᠨ ᠬᠤᠭᠤᠷᠣᠨᠳᠤ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠮᠡᠳᠡᠭᠡ ᠵᠠᠩᠭᠢ ᠵᠢ ᠪᠦᠷᠢᠳᠬᠡᠬᠦ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠴᠠᠭ ᠲᠤᠬᠠᠢ᠎ᠳᠤ᠎ᠨᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠬᠡᠷᠡᠭᠲᠡᠢ᠃
      ᠠᠶ᠋ᠢᠮᠠᠭ ᠬᠤᠲᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠵᠣᠯᠭ᠋ᠠᠭᠤᠯᠤᠨ ᠬᠡᠷᠡᠭᠯᠡᠵᠦ᠂ ᠨᠥᠬᠦᠴᠡᠯ᠎ᠲᠠᠢ᠎ᠨᠢ ᠲᠣᠰ ᠱᠠᠲᠤᠨ᠎ᠤ᠎ᠪᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠢ ᠪᠠᠶ᠋ᠢᠭᠤᠯᠬᠤ ᠵᠢᠨ ᠬᠠᠮᠲᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠪᠠ ᠰᠤᠳᠤᠯᠤᠨ ᠮᠠᠭ᠋ᠠᠳᠯᠠᠬᠤ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
      ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠡᠳᠦᠷ ᠲᠤᠲᠤᠮ᠎ᠤᠨ ᠬᠢᠨᠠᠨ ᠬᠠᠮᠢᠶᠠᠷᠬᠤ᠂ ᠮᠡᠷᠭᠡᠵᠢᠯ᠎ᠤᠨ ᠬᠢᠨᠠᠨ ᠰᠢᠨᠵᠢᠬᠦ᠂ ᠲᠤᠰᠬᠠᠢ ᠵᠦᠢ᠍ᠯ ᠵᠶ᠋ᠠᠷ ᠵᠢᠭᠰᠠᠭ᠋ᠠᠨ ᠪᠠᠶ᠋ᠢᠴᠠᠭ᠋ᠠᠬᠤ᠂ ᠰᠦᠪᠡᠭᠴᠢ ᠵᠢ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶᠢᠭ ᠵᠶ᠋ᠠᠷ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠬᠤ ᠬᠡᠷᠡᠭᠲᠡᠢ᠃
    ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ ᠵᠡᠷᠭᠡ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠲᠣᠣᠷᠠᠯᠵᠢ᠎ᠪᠠᠷ ᠴᠠᠭᠳᠠᠨ ᠪᠠᠶ᠋ᠢᠴᠠᠭ᠋ᠠᠬᠤ᠂ ᠠᠰᠠᠷ ᠲᠠᠭᠲᠤ ᠵᠢ ᠵᠢᠭᠰᠠᠭ᠋ᠠᠨ ᠪᠠᠶ᠋ᠢᠴᠠᠭ᠋ᠠᠬᠤ ᠵᠡᠷᠭᠡ ᠠᠵᠢᠯ ᠥᠷᠨᠢᠭᠦᠯᠬᠦ ᠵᠢ ᠬᠠᠷᠢᠭᠤᠴᠠᠵᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠵᠶ᠋ᠠᠷ ᠰᠡᠵᠢᠭᠯᠡᠭᠳᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠮᠡᠳᠡᠭᠦᠯᠦᠨ ᠬᠦᠷᠭᠡᠬᠦ ᠬᠡᠷᠡᠭᠲᠡᠢ᠃
      ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠲᠣᠣᠷᠠᠯᠵᠢ ᠵᠢᠨ ᠠᠵᠢᠯᠲᠠᠨ᠎ᠢ ᠤᠬᠠᠭᠤᠯᠵᠤ ᠪᠣᠯᠪᠠᠰᠤᠷᠠᠯ ᠬᠦᠷᠲᠡᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠷᠮᠠᠰᠢᠭᠤᠯᠬᠤ ᠪᠠᠲᠤᠯᠠᠬᠤ ᠲᠣᠭᠲᠠᠴᠠ᠎ᠪᠠᠨ ᠲᠡᠭᠦᠯᠳᠡᠷᠵᠢᠭᠦᠯᠦᠨ᠂ ᠲᠣᠣᠷᠠᠯᠵᠢ ᠵᠢᠨ ᠠᠵᠢᠯᠲᠠᠨ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠭᠤᠯᠭ᠎ᠠ ᠬᠢᠬᠦ᠂ ᠰᠦᠪᠡᠭᠴᠢ ᠵᠢ ᠴᠠᠭᠳᠠᠨ ᠪᠠᠶ᠋ᠢᠴᠠᠭ᠋ᠠᠬᠤ ᠪᠠ ᠮᠡᠳᠡᠭᠡ ᠵᠠᠩᠭᠢ᠎ᠪᠠᠨ ᠳᠡᠭᠡᠭᠰᠢ ᠮᠡᠳᠡᠭᠦᠯᠬᠦ ᠵᠡᠷᠭᠡ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
       ᠶᠢᠰᠦᠳᠦᠭᠡᠷ ᠵᠦᠢ᠍ᠯ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ 《ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ》 ᠪᠠ 《ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ》 ᠵᠠᠷᠴᠢᠮ ᠶᠣᠰᠣᠭ᠋ᠠᠷ᠂ ᠬᠢᠨᠠᠨ ᠬᠠᠮᠢᠶᠠᠷᠬᠤ ᠠᠵᠢᠯ ᠲᠥᠷᠥᠯ᠎ᠳᠠᠬᠢ ᠲᠦᠭᠰᠢᠭᠦᠷᠢ ᠵᠢ ᠵᠠᠪᠠᠯ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠰ ᠠᠵᠢᠯ ᠲᠥᠷᠥᠯ᠂ ᠲᠣᠰ ᠬᠦᠷᠢᠶᠡᠨ᠎ᠳᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠵᠦ᠂ ᠲᠣᠰ ᠠᠵᠢᠯ ᠲᠥᠷᠥᠯ᠂ ᠲᠣᠰ ᠬᠦᠷᠢᠶᠡᠨ᠎ᠤ᠎ᠪᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠲᠦᠭᠰᠢᠭᠦᠷᠢ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠴᠤᠭᠯᠠᠭᠤᠯᠤᠨ ᠬᠤᠷᠢᠶᠠᠩᠭᠤᠶ᠋ᠢᠯᠠᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠲᠦᠭᠰᠢᠭᠦᠷᠢ ᠵᠢᠨ ᠰᠦᠪᠡᠭᠴᠢ ᠵᠢᠨ ᠡᠬᠡ ᠲᠠᠩᠰᠠ ᠵᠢ ᠪᠠᠶ᠋ᠢᠭᠤᠯᠬᠤ ᠬᠡᠷᠡᠭᠲᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢᠨ ᠰᠦᠪᠡᠭᠴᠢ ᠵᠢ ᠣᠯᠵᠤ ᠮᠡᠳᠡᠪᠡᠯ᠂ ᠠᠵᠢᠯ᠎ᠤᠨ ᠲᠡᠮᠳᠡᠭᠯᠡᠯ᠎ᠢ ᠰᠠᠶ᠋ᠢᠲᠤᠷ ᠬᠢᠵᠦ᠂ ᠬᠠᠮᠢᠶ᠎ᠠ ᠪᠦᠬᠦᠢ ᠭᠡᠷᠡᠴᠢ ᠪᠠᠷᠢᠮᠲᠠ ᠵᠢ ᠴᠤᠭᠯᠠᠭᠤᠯᠬᠤ ᠪᠠ ᠪᠦᠷᠢᠨ ᠪᠦᠲᠦᠨ ᠪᠠᠶ᠋ᠢᠬᠤ ᠵᠢ᠎ᠨᠢ ᠪᠠᠲᠤᠯᠠᠵᠤ᠂ ᠠᠩᠬ᠎ᠠ ᠠᠯᠬᠤᠮ ᠬᠠᠷᠭᠤᠭᠤᠯᠤᠨ ᠪᠠᠶ᠋ᠢᠴᠠᠭ᠋ᠠᠭᠰᠠᠨ ᠪᠠ ᠰᠤᠳᠤᠯᠤᠨ ᠮᠠᠭ᠋ᠠᠳᠯᠠᠭᠰᠠᠨ ᠰᠠᠭᠤᠷᠢᠨ ᠳᠡᠭᠡᠷ᠎ᠡ ᠠᠳᠠᠯᠢ ᠱᠠᠲᠤᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
       ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠣᠷᠬᠠᠢ ᠲᠣᠭᠲᠠᠭ᠋ᠠᠭᠰᠠᠨ ᠦᠭᠡᠢ ᠠᠵᠢᠯ ᠲᠥᠷᠥᠯ᠎ᠤᠨ ᠬᠦᠷᠢᠶᠡᠨ᠎ᠳᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠪᠠᠶ᠋ᠢᠭ᠋ᠠᠳ ᠣᠲᠣ ᠵᠢᠨ ᠪᠠᠶ᠋ᠢᠭ᠎ᠠ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
       ᠠᠷᠪᠠᠳᠤᠭ᠋ᠠᠷ ᠵᠦᠢ᠍ᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠶ᠋ᠢᠳᠦᠯ ᠪᠠ ᠡᠵᠡᠩᠨᠡᠯᠲᠡ ᠵᠢᠨ ᠬᠡᠪᠴᠢᠶ᠎ᠡ ᠵᠡᠷᠭᠡ ᠵᠢ ᠳᠠᠩᠰᠠᠯᠠᠨ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠤᠯᠤᠰ᠎ᠠᠴᠠ ᠪᠤᠰᠤᠳ ᠲᠣᠭᠲᠠᠭ᠋ᠠᠯ᠎ᠲᠠᠢ ᠪᠠᠶ᠋ᠢᠬᠤ᠎ᠠᠴᠠ ᠭᠠᠳᠠᠨ᠎ᠠ᠂ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠶ᠋ᠢᠳᠦᠯ ᠪᠠ ᠡᠵᠡᠩᠨᠡᠯᠲᠡ ᠵᠢᠨ ᠬᠡᠪᠴᠢᠶᠡᠨ᠎ᠳᠤ 《ᠮᠥᠩᠭᠦᠨ ᠭᠦᠢ᠍ᠯᠭᠡᠭᠡ》 《ᠠᠷᠠᠯᠵᠢᠶᠠᠨ᠎ᠤ ᠭᠠᠵᠠᠷ》 《ᠠᠷᠠᠯᠵᠢᠶᠠᠨ᠎ᠤ ᠲᠥᠪ》 《ᠡᠳ᠋ ᠡᠷᠬᠢᠯᠡᠬᠦ ᠮᠥᠩᠭᠦ ᠦᠷᠡᠵᠢᠭᠦᠯᠬᠦ》 《ᠡᠳ᠋ ᠪᠠᠶᠠᠯᠢᠭ᠎ᠤᠨ ᠬᠠᠮᠢᠶᠠᠷᠤᠯᠲᠠ》 《ᠰᠲ᠋ᠣᠺ᠎ᠤᠨ ᠡᠷᠬᠡ ᠵᠢᠨ ᠤᠯᠠᠨ᠎ᠤ ᠬᠤᠷᠠᠮᠳᠤᠯᠭ᠎ᠠ》 ᠵᠡᠷᠭᠡ ᠦᠰᠦᠭ ᠪᠤᠶᠤ ᠠᠭᠤᠯᠭ᠎ᠠ ᠠᠭᠤᠯᠵᠣ ᠪᠣᠯᠬᠤ ᠦᠭᠡᠢ᠃
       ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠨᠢ ᠵᠥᠪᠳᠡᠯᠴᠡᠬᠦ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠶ᠋ᠢᠳᠦᠯ ᠪᠤᠶᠤ ᠡᠵᠡᠩᠨᠡᠯᠲᠡ ᠵᠢᠨ ᠬᠡᠪᠴᠢᠶᠡᠨ᠎ᠳᠤ ᠡᠮᠦᠨᠡᠬᠢ ᠪᠠᠳᠠᠭ᠎ᠲᠤ ᠲᠣᠭᠲᠠᠭ᠋ᠠᠭᠰᠠᠨ ᠥᠰᠥᠭ ᠪᠤᠶᠤ ᠠᠭᠤᠯᠭ᠎ᠠ ᠵᠢᠴᠢ ᠪᠡᠯᠡ ᠴᠤᠭᠯᠠᠭᠤᠯᠬᠤ᠎ᠳᠤ ᠬᠤᠯᠪᠣᠭᠳᠠᠬᠤ ᠪᠤᠰᠤᠳ ᠥᠰᠥᠭ ᠪᠤᠶᠤ ᠠᠭᠤᠯᠭ᠎ᠠ ᠠᠭᠤᠯᠵᠣ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠢ᠎ᠳᠤ᠎ᠨᠢ ᠭᠤᠣᠯᠳᠠᠯᠭ᠎ᠠ᠎ᠲᠠᠢ ᠠᠩᠬᠠᠷᠤᠨ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶᠠᠷᠴᠤ᠂ ᠨᠡᠮᠡᠭᠳᠡᠯ᠎ᠤᠨ ᠬᠡᠮᠵᠢᠶ᠎ᠡ ᠵᠢ ᠴᠢᠩᠭ᠎ᠠ ᠬᠢᠵᠠᠭ᠋ᠠᠷᠯᠠᠨ᠂ ᠣᠳᠣ ᠪᠠᠶ᠋ᠢᠭ᠎ᠠ ᠵᠢ᠎ᠨᠢ ᠲᠥᠷᠥᠯ ᠬᠤᠪᠢᠶᠠᠨ ᠯᠠᠪᠳᠠᠭᠤᠨ ᠪᠠᠲᠤᠲᠠᠢ ᠰᠢᠢ᠍ᠳᠪᠦᠷᠢᠯᠡᠵᠦ᠂ ᠲᠦᠭᠰᠢᠭᠦᠷᠢ ᠵᠢᠨ ᠬᠡᠮ᠎ᠢ ᠪᠦᠲᠦᠮᠵᠢᠲᠡᠶ ᠠᠷᠢᠯᠭ᠋ᠠᠬᠤ ᠬᠡᠷᠡᠭᠲᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶ᠋ᠢᠪᠠᠯ᠂ ᠴᠠᠭ ᠲᠤᠬᠠᠢ᠎ᠳᠤ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
       ᠠᠷᠪᠠᠨ ᠨᠢᠭᠡᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠭᠤᠯᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠴᠠᠬᠢᠯᠭ᠋ᠠᠨ ᠬᠤᠯᠪᠣᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠲᠤᠷᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠪᠠᠷ ᠰᠡᠵᠢᠭᠯᠡᠭᠳᠡᠭᠰᠡᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠪᠠ ᠰᠦᠯᠵᠢᠶᠡᠨ ᠦᠷᠲᠡᠭᠡ᠂ ᠰᠢᠯᠵᠢᠮᠡᠯ ᠬᠡᠷᠡᠭᠯᠡᠯᠲᠡ ᠵᠢᠨ ᠫᠷᠣᠭ᠌ᠷᠠᠮ ᠵᠡᠷᠭᠡ ᠢᠨᠲ᠋ᠧᠷ ᠰᠦᠯᠵᠢᠶᠡᠨ᠎ᠤ ᠬᠡᠷᠡᠭᠯᠡᠯᠲᠡ ᠵᠢ ᠬᠢᠨᠠᠨ ᠰᠢᠨᠵᠢᠬᠦ᠎ᠪᠠᠨ ᠴᠢᠩᠭ᠋ᠠᠳᠬᠠᠬᠤ ᠬᠡᠷᠡᠭᠲᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠡᠷᠡᠭᠯᠡᠭᠰᠡᠨ ᠵᠶ᠋ᠠᠷ ᠮᠠᠭ᠋ᠠᠳᠯᠠᠨ ᠲᠣᠭᠲᠠᠭ᠋ᠠᠭᠰᠠᠨ᠎ᠢ᠎ᠨᠢ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠭᠤᠯᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠴᠠᠬᠢᠯᠭ᠋ᠠᠨ ᠬᠤᠯᠪᠣᠭ᠎ᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠴᠠᠭ ᠲᠤᠬᠠᠢ᠎ᠳᠤ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
      ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠭᠤᠯᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠴᠠᠬᠢᠯᠭ᠋ᠠᠨ ᠬᠤᠯᠪᠣᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠭᠴᠢ ᠪᠠ ᠰᠢᠯᠵᠢᠮᠡᠯ ᠬᠡᠷᠡᠭᠯᠡᠯᠲᠡ ᠵᠢᠨ ᠦᠢ᠍ᠯᠡᠴᠢᠯᠡᠭᠡ ᠬᠠᠩᠭ᠋ᠠᠭᠴᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠡᠷᠡᠭᠯᠡᠭᠴᠢ ᠵᠢᠨ ᠨᠡᠶ᠋ᠢᠲᠡᠯᠡᠭᠰᠡᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠰᠡᠵᠢᠭᠯᠡᠯᠲᠡᠢ ᠮᠡᠳᠡᠭᠡ ᠵᠠᠩᠭᠢ ᠵᠢ ᠦᠢ᠍ᠯᠡᠳᠴᠦ᠂ ᠬᠠᠭᠤᠯᠪᠤᠷᠢᠯᠠᠵᠤ᠂ ᠨᠡᠶ᠋ᠢᠲᠡᠯᠡᠵᠦ᠂ ᠲᠠᠷᠬᠠᠭ᠋ᠠᠵᠤ ᠪᠣᠯᠬᠤ ᠦᠭᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠰᠡᠵᠢᠭᠯᠡᠯᠲᠡᠢ ᠮᠡᠳᠡᠭᠡ ᠵᠠᠩᠭᠢ ᠵᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠡᠮᠳᠡᠭᠯᠡᠯ᠎ᠢ ᠬᠠᠳᠠᠭ᠋ᠠᠯᠠᠬᠤ ᠵᠢᠨ ᠬᠠᠮᠲᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃
      ᠠᠷᠪᠠᠨ ᠬᠤᠶᠠᠳᠤᠭ᠋ᠠᠷ ᠵᠦᠢ᠍ᠯ ᠤᠯᠤᠰ᠎ᠠᠴᠠ ᠪᠤᠰᠤᠳ ᠲᠣᠭᠲᠠᠭ᠋ᠠᠯ᠎ᠲᠠᠢ ᠪᠠᠶ᠋ᠢᠬᠤ᠎ᠠᠴᠠ ᠭᠠᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠨᠡᠶ᠋ᠢᠲᠡᠯᠡᠬᠦ ᠪᠤᠶᠤ ᠪᠤᠰᠤᠳ ᠠᠷᠭ᠎ᠠ᠎ᠪᠠᠷ ᠨᠡᠶ᠋ᠢᠭᠡᠮ ᠨᠡᠶ᠋ᠢᠲᠡ᠎ᠳᠤ ᠪᠡᠯᠡ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠢ᠃
       ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠯᠦᠭᠡ ᠬᠠᠮᠲᠤᠷᠠᠨ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠵᠶ᠋ᠠᠷ ᠰᠡᠵᠢᠭᠯᠡᠭᠳᠡᠭᠰᠡᠨ ᠵᠠᠷ ᠮᠡᠳᠡᠭᠡ ᠵᠢ ᠬᠢᠨᠠᠨ ᠰᠢᠨᠵᠢᠬᠦ᠎ᠪᠠᠨ ᠴᠢᠩᠭ᠋ᠠᠳᠬᠠᠬᠤ ᠬᠡᠷᠡᠭᠲᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠵᠶ᠋ᠠᠷ ᠮᠠᠭ᠋ᠠᠳᠯᠠᠨ ᠲᠣᠭᠲᠠᠭ᠋ᠠᠭᠰᠠᠨ ᠪᠣᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠬᠠᠮᠢᠶ᠎ᠠ ᠪᠦᠬᠦᠢ ᠵᠠᠷ ᠮᠡᠳᠡᠭᠡ ᠵᠢ ᠴᠠᠭ ᠲᠤᠬᠠᠢ᠎ᠳᠤ᠎ᠨᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠵᠠᠷ ᠮᠡᠳᠡᠭᠡ ᠡᠵᠡᠩᠨᠡᠭᠴᠢ᠂ ᠵᠠᠷ ᠮᠡᠳᠡᠭᠡ ᠨᠡᠶ᠋ᠢᠲᠡᠯᠡᠭᠴᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠎ᠢ᠎ᠨᠢ ᠪᠠᠶ᠋ᠢᠴᠠᠭ᠋ᠠᠨ ᠰᠢᠯᠭ᠋ᠠᠵᠤ᠂ ᠵᠠᠷ ᠮᠡᠳᠡᠭᠡ ᠵᠢᠨ ᠠᠭᠤᠯᠭ᠎ᠠ ᠵᠢ᠎ᠨᠢ ᠬᠠᠷᠭᠤᠭᠤᠯᠬᠤ ᠬᠡᠷᠡᠭᠲᠡᠢ᠃ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠪᠠᠶ᠋ᠢᠬᠤ ᠦᠭᠡᠢ ᠮᠥᠷᠲᠡᠭᠡᠨ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠵᠢ ᠪᠣᠯ᠂ ᠵᠠᠷ ᠮᠡᠳᠡᠭᠡ ᠡᠵᠡᠩᠨᠡᠭᠴᠢ ᠵᠢᠷᠤᠵᠤ ᠲᠥᠯᠥᠪᠯᠡᠬᠦ᠂ ᠦᠢ᠍ᠯᠡᠳᠬᠦ᠂ ᠣᠷᠣᠯᠠᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠵᠤ ᠪᠣᠯᠬᠤ ᠦᠭᠡᠢ᠂ ᠵᠠᠷ ᠮᠡᠳᠡᠭᠡ ᠨᠡᠶ᠋ᠢᠲᠡᠯᠡᠭᠴᠢ ᠨᠡᠶ᠋ᠢᠲᠡᠯᠡᠵᠦ ᠪᠣᠯᠬᠤ ᠦᠭᠡᠢ᠃
      ᠠᠷᠪᠠᠨ ᠭᠤᠷᠪᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠪᠠᠶ᠋ᠢᠭ᠎ᠠ ᠭᠠᠵᠠᠷ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ᠎ᠯᠤᠭ᠎ᠠ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠵᠢ ᠬᠢᠨᠠᠨ ᠰᠢᠨᠵᠢᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
       ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠠᠩᠬᠢ ᠵᠢᠨ ᠪᠤᠰᠤ ᠲᠥᠯᠥᠪᠦᠷᠢ ᠵᠢᠨ ᠪᠠᠶ᠋ᠢᠭᠤᠯᠤᠮᠵᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠪᠡᠯᠡ ᠮᠥᠩᠭᠦ ᠵᠢᠨ ᠬᠡᠪ᠎ᠤᠨ ᠪᠤᠰᠤ ᠡᠷᠭᠢᠯᠲᠡ ᠵᠢᠨ ᠪᠠᠶ᠋ᠢᠳᠠᠯ ᠵᠢᠴᠢ ᠪᠤᠰᠤᠳ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠵᠢ ᠬᠢᠨᠠᠨ ᠰᠢᠨᠵᠢᠬᠦ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃
      ᠠᠷᠪᠠᠨ ᠳᠥᠷᠪᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ᠎ᠨᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠠᠩᠬᠢ ᠵᠢᠨ ᠪᠤᠰᠤ ᠲᠥᠯᠥᠪᠦᠷᠢ ᠵᠢᠨ ᠪᠠᠶ᠋ᠢᠭᠤᠯᠤᠮᠵᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠳᠣᠣᠷ᠎ᠠ ᠵᠢᠭᠰᠠᠭ᠋ᠠᠭᠰᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠡᠭᠦᠷᠭᠡ ᠵᠢ ᠭᠦᠢ᠍ᠴᠡᠳᠬᠡᠭᠦᠯᠬᠦ ᠬᠡᠷᠡᠭᠲᠡᠢ᠄
      (ᠨᠢᠭᠡ) ᠳᠣᠲᠣᠭ᠋ᠠᠳᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠬᠤᠪᠢᠶᠠᠷᠢ ᠪᠠᠶ᠋ᠢᠭᠤᠯᠤᠮᠵᠢ ᠪᠠ ᠠᠵᠢᠯᠲᠠᠨ ᠠᠵᠢᠯᠴᠢᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠣᠷᠣᠯᠴᠠᠬᠤ ᠵᠢ ᠴᠠᠭ᠋ᠠᠵᠠᠯᠠᠵᠤ᠂ ᠪᠤᠰᠤᠳ ᠬᠥᠮᠥᠨ ᠡᠵᠡᠩᠨᠡᠯᠲᠡ ᠵᠢᠨ ᠲᠠᠯᠠᠪᠤᠷ ᠭᠠᠵᠠᠷ᠂ ᠪᠣᠷᠤᠯᠠᠭᠤᠯᠭ᠎ᠠ ᠵᠢᠨ ᠠᠷᠭ᠎ᠠ ᠵᠠᠮ᠎ᠢ᠎ᠨᠢ ᠠᠰᠢᠭᠯᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠭᠡᠶ᠋ᠢᠯᠡᠬᠦ ᠬᠡᠷᠡᠭᠲᠡᠢ;
      (ᠬᠤᠶᠠᠷ) ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠲᠠᠯ᠎ᠠ᠎ᠪᠠᠷ ᠨᠡᠶ᠋ᠢᠭᠡᠮ ᠨᠡᠶ᠋ᠢᠲᠡ᠎ᠳᠤ ᠤᠬᠠᠭᠤᠯᠭ᠎ᠠ ᠬᠥᠮᠦᠵᠢᠯ ᠬᠢᠬᠦ᠎ᠪᠠᠨ ᠴᠢᠩᠭ᠋ᠠᠳᠬᠠᠵᠤ᠂ ᠡᠵᠡᠩᠨᠡᠯᠲᠡ ᠵᠢᠨ ᠲᠠᠯᠠᠪᠤᠷ ᠭᠠᠵᠠᠷ᠎ᠤᠨ ᠢᠯᠡ ᠭᠠᠵᠠᠷ᠎ᠲᠤ ᠰᠡᠷᠡᠮᠵᠢᠯᠡᠭᠦᠯᠬᠦ ᠲᠡᠮᠳᠡᠭ ᠪᠠᠶ᠋ᠢᠷᠢᠯᠠᠭᠤᠯᠬᠤ ᠵᠢᠨ ᠬᠠᠮᠲᠤ ᠤᠬᠠᠭᠤᠯᠭ᠎ᠠ ᠵᠢᠨ ᠮᠠᠲ᠋ᠧᠷᠢᠶᠠᠯ ᠲᠦᠭᠡᠭᠡᠨ ᠲᠠᠷᠬᠠᠭ᠋ᠠᠬᠤ ᠬᠡᠷᠡᠭᠲᠡᠢ;
      (ᠭᠤᠷᠪᠠ) ᠶᠡᠭᠡ ᠲᠣᠭ᠋ᠠᠨ᠎ᠤ ᠠᠷᠠᠯᠵᠢᠶ᠎ᠠ ᠪᠠ ᠰᠡᠵᠢᠭᠯᠡᠯᠲᠡᠢ ᠠᠷᠠᠯᠵᠢᠶ᠎ᠠ ᠵᠢ ᠮᠡᠳᠡᠭᠦᠯᠬᠦ ᠳᠦᠷᠢᠮ᠎ᠢ ᠬᠠᠤᠯᠢ ᠶᠣᠰᠣᠭ᠋ᠠᠷ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠵᠢᠨ ᠬᠡᠪ᠎ᠤᠨ ᠪᠤᠰᠤ ᠡᠷᠭᠢᠯᠲᠡ᠎ᠲᠠᠢ ᠬᠠᠮᠢᠶ᠎ᠠ ᠪᠦᠬᠦᠢ ᠲᠠᠩᠰᠠᠨ ᠡᠷᠦᠬᠡ᠎ᠳᠤ ᠵᠠᠳᠠᠯᠤᠯᠲᠠ ᠬᠢᠵᠦ ᠢᠯᠭ᠋ᠠᠨ ᠲᠠᠨᠢᠬᠤ ᠵᠢᠨ ᠬᠠᠮᠲᠤ᠂ ᠬᠤᠯᠪᠣᠭᠳᠠᠯ ᠪᠦᠬᠦᠢ ᠪᠠᠶ᠋ᠢᠳᠠᠯ᠎ᠢ ᠪᠠᠶ᠋ᠢᠭ᠎ᠠ ᠭᠠᠵᠠᠷ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ ᠪᠠ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃
      ᠠᠷᠪᠠᠨ ᠲᠠᠪᠤᠳᠤᠭ᠋ᠠᠷ ᠵᠦᠢ᠍ᠯ ᠠᠵᠢᠯ ᠲᠦᠷᠦᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ ᠠᠵᠢᠯ ᠲᠦᠷᠦᠯ᠎ᠤᠨ ᠨᠡᠶ᠋ᠢᠭᠡᠮᠯᠢᠭ᠂ ᠬᠤᠳᠠᠯᠳᠤᠭ᠋ᠠᠴᠢᠳ᠎ᠤᠨ ᠡᠪᠯᠡᠯ᠎ᠢ ᠵᠢᠯᠣᠭᠤᠳᠤᠨ ᠠᠵᠢᠯ ᠲᠦᠷᠦᠯ᠎ᠤᠨ ᠪᠠᠷᠢᠮᠵᠢᠶ᠎ᠠ ᠪᠠ ᠥᠪᠡᠷ᠎ᠢ᠎ᠪᠠᠨ ᠱᠠᠭ᠋ᠠᠷᠳᠠᠬᠤ ᠳᠦᠷᠢᠮ᠎ᠳᠤ᠎ᠪᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠠᠭᠤᠯᠭ᠎ᠠ ᠵᠢ᠎ᠨᠢ ᠲᠣᠳᠣᠷᠬᠠᠢ ᠲᠣᠭᠲᠠᠭ᠋ᠠᠯᠭ᠋ᠠᠵᠤ᠂ ᠲᠦᠭᠰᠢᠭᠦᠷᠢ ᠵᠢ ᠰᠡᠷᠡᠮᠵᠢᠯᠡᠬᠦ ᠬᠥᠮᠦᠵᠢᠯ ᠥᠷᠨᠢᠭᠦᠯᠵᠦ᠂ ᠭᠡᠰᠢᠭᠦᠳ ᠵᠶ᠋ᠠᠨ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠢᠳᠡᠪᠬᠢᠲᠡᠢ ᠰᠡᠷᠡᠮᠵᠢᠯᠡᠵᠦ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠵᠣᠬᠢᠶᠠᠨ ᠪᠠᠶ᠋ᠢᠭᠤᠯᠬᠤ ᠦᠭᠡᠢ ᠮᠥᠷᠲᠡᠭᠡᠨ ᠡᠨᠡ ᠬᠦ᠌ ᠦᠢ᠍ᠯᠡ᠎ᠳᠤ ᠬᠠᠮᠵᠢᠯᠴᠠᠬᠤ ᠦᠭᠡᠢ᠂ ᠣᠷᠣᠯᠴᠠᠬᠤ ᠦᠭᠡᠢ ᠪᠠᠶ᠋ᠢᠬᠤ ᠬᠡᠷᠡᠭᠲᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠮᠡᠳᠡᠭᠡ ᠵᠠᠩᠭᠢ ᠵᠢ ᠣᠯᠵᠤ ᠮᠡᠳᠡᠪᠡᠯ᠂ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃
       ᠠᠷᠪᠠᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠳᠣᠣᠷᠠᠳᠤ ᠱᠠᠲᠤ ᠬᠤᠯᠪᠤᠭ᠋ᠠᠯᠠᠨ ᠬᠥᠳᠡᠯᠦᠯᠴᠡᠭᠰᠡᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠭᠤᠯᠭ᠎ᠠ ᠬᠥᠮᠦᠵᠢᠯ᠎ᠤᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ᠂ ᠤᠬᠠᠭᠤᠯᠭ᠎ᠠ ᠵᠢᠨ ᠲᠥᠯᠥᠪᠯᠡᠭᠡ ᠲᠣᠭᠲᠠᠭ᠋ᠠᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠪᠠᠶ᠋ᠢᠩᠭᠤ ᠵᠢᠨ ᠤᠬᠠᠭᠤᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠵᠠᠭᠤᠴᠢᠯᠠᠭᠤᠷ ᠪᠤᠶᠤ ᠠᠴᠢᠶᠠᠯᠠᠪᠤᠷᠢ ᠵᠢ ᠭᠦᠢ᠍ᠴᠡᠳ ᠬᠡᠷᠡᠭᠯᠡᠨ᠂ ᠮᠥᠩᠭᠦᠨ ᠭᠦᠢ᠍ᠯᠭᠡᠭᠡᠨ᠎ᠤ ᠮᠡᠳᠡᠯᠭᠡ ᠵᠢ ᠲᠦᠭᠡᠮᠡᠯᠵᠢᠭᠦᠯᠬᠦ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠪᠡᠯᠡ ᠣᠷᠣᠭᠤᠯᠤᠯᠲᠠ ᠵᠢᠨ ᠲᠦᠭᠰᠢᠭᠦᠷᠢ ᠵᠢᠨ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ᠎ᠪᠠᠷ ᠨᠡᠶ᠋ᠢᠭᠡᠮ ᠨᠡᠶ᠋ᠢᠲᠡ᠎ᠳᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠬᠠᠤᠯᠢ᠎ᠠᠴᠠ ᠵᠥᠷᠢᠴᠡᠬᠦ ᠴᠢᠨᠠᠷ᠂ ᠬᠤᠣᠷ ᠬᠥᠨᠥᠭᠡᠯᠳᠦ ᠴᠢᠨᠠᠷ ᠵᠢᠴᠢ ᠲᠡᠭᠦᠨ᠎ᠤ ᠢᠯᠡᠷᠡᠬᠦ ᠬᠡᠯᠪᠡᠷᠢ ᠵᠡᠷᠭᠡ ᠵᠢ ᠤᠬᠠᠭᠤᠯᠵᠤ᠂ ᠨᠡᠶ᠋ᠢᠭᠡᠮ ᠨᠡᠶ᠋ᠢᠲᠡ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠮᠰᠠᠷ ᠪᠠ ᠢᠯᠭ᠋ᠠᠨ ᠲᠠᠨᠢᠬᠤ ᠴᠢᠳᠠᠪᠤᠷᠢ ᠵᠢ᠎ᠨᠢ ᠨᠡᠮᠡᠭᠳᠡᠭᠦᠯᠬᠦ ᠬᠡᠷᠡᠭᠲᠡᠢ᠃
      ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯ ᠲᠥᠷᠥᠯ᠎ᠤᠨ ᠨᠡᠶ᠋ᠢᠭᠡᠮᠯᠢᠭ᠂ ᠬᠤᠳᠠᠯᠳᠤᠭ᠋ᠠᠴᠢᠳ᠎ᠤᠨ ᠡᠪᠯᠡᠯ᠎ᠨᠢ ᠲᠣᠰ ᠠᠵᠢᠯ ᠲᠥᠷᠥᠯ᠂ ᠲᠣᠰ ᠬᠦᠷᠢᠶᠡᠨ᠎ᠳᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠦᠭᠰᠢᠭᠦᠷᠢ ᠵᠢᠨ ᠣᠨᠴᠠᠯᠢᠭ᠎ᠢ ᠦᠨᠳᠦᠰᠦᠯᠡᠨ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠴᠢᠭᠯᠡᠭᠦᠯᠬᠦ ᠴᠢᠨᠠᠷᠲᠠᠢ᠎ᠪᠠᠷ ᠥᠷᠨᠢᠭᠦᠯᠬᠦ ᠬᠡᠷᠡᠭᠲᠡᠢ᠃
      ᠤᠬᠠᠭᠤᠯᠬᠤ ᠰᠠᠯᠠᠭ᠎ᠠ ᠮᠥᠴᠢᠷ᠎ᠨᠢ ᠰᠣᠨᠢᠨ ᠮᠡᠳᠡᠭᠡᠨ᠎ᠤ ᠵᠠᠭᠤᠴᠢᠯᠠᠭᠤᠷ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠲᠤᠬᠠᠢ ᠵᠢᠨ ᠭᠠᠵᠠᠷ᠎ᠤᠨ ᠭᠤᠣᠯ ᠪᠣᠯᠬᠤ ᠰᠣᠨᠢᠨ ᠰᠡᠳᠬᠦᠯ᠂ ᠷᠠᠳᠢᠣ᠋᠂ ᠲᠧᠯᠸᠢᠰ᠂ ᠭᠤᠣᠯ ᠪᠣᠯᠬᠤ ᠰᠣᠨᠢᠨ ᠮᠡᠳᠡᠭᠡᠨ᠎ᠤ ᠰᠦᠯᠵᠢᠶ᠎ᠡ ᠵᠢᠴᠢ ᠰᠢᠨ᠎ᠡ ᠮᠠᠶᠢᠭ᠎ᠤᠨ ᠰᠦᠯᠵᠢᠶᠡᠨ᠎ᠤ ᠨᠡᠶ᠋ᠢᠭᠡᠮ᠎ᠤᠨ ᠬᠠᠷᠢᠯᠴᠠᠭ᠋ᠠᠨ᠎ᠤ ᠲᠠᠪᠴᠠᠩ ᠵᠡᠷᠭᠡ ᠤᠬᠠᠭᠤᠯᠭ᠎ᠠ ᠵᠢᠨ ᠠᠷᠭ᠎ᠠ ᠵᠠᠮ ᠵᠶ᠋ᠠᠷ ᠳᠠᠮᠵᠢᠭᠤᠯᠤᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠬᠦ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠥᠷᠨᠢᠭᠦᠯᠬᠦ ᠵᠢᠨ ᠬᠠᠮᠲᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠤᠯᠢ ᠶᠣᠰᠣᠭ᠋ᠠᠷ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠬᠡᠷᠡᠭᠲᠡᠢ᠃
      ᠠᠷᠪᠠᠨ ᠳᠣᠯᠣᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢ᠍ᠯᠡ ᠠᠵᠢᠯᠯᠠᠭ᠎ᠠ᠎ᠳᠤ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠃
      ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ ᠵᠡᠷᠭᠡ ᠢᠯᠡᠴᠢᠯᠡᠨ ᠮᠡᠳᠡᠭᠦᠯᠬᠦ ᠠᠷᠭ᠎ᠠ᠎ᠪᠠᠨ ᠢᠯᠡ ᠪᠣᠯᠭ᠋ᠠᠵᠤ᠂ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡ᠎ᠳᠤ ᠢᠯᠡᠴᠢᠯᠡᠨ ᠮᠡᠳᠡᠭᠦᠯᠬᠦ ᠲᠤᠰᠬᠠᠢ ᠪᠤᠯᠤᠩ ᠭᠠᠷᠭ᠋ᠠᠨ᠂ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠴᠠᠭ ᠲᠤᠬᠠᠢ᠎ᠳᠤ᠎ᠨᠢ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠨᠢᠭᠤᠴᠠ ᠵᠢ ᠴᠢᠩᠭ᠎ᠠ ᠬᠠᠮᠠᠭ᠋ᠠᠯᠠᠬᠤ ᠬᠡᠷᠡᠭᠲᠡᠢ᠃ ᠨᠥᠬᠦᠴᠡᠯ᠎ᠳᠤ ᠨᠡᠶ᠋ᠢᠴᠡᠭᠰᠡᠨ ᠢᠯᠡᠴᠢᠯᠡᠨ ᠮᠡᠳᠡᠭᠦᠯᠦᠯᠲᠡ ᠵᠢ ᠱᠠᠩᠨᠠᠨ ᠬᠥᠬᠢᠭᠦᠯᠬᠦ ᠵᠢ ᠵᠣᠷᠢᠭᠵᠢᠭᠤᠯᠤᠨ᠎ᠠ᠃
      ᠠᠷᠪᠠᠨ ᠨᠠᠢ᠍ᠮᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ ᠪᠤᠶᠤ ᠲᠣᠰ ᠠᠵᠢᠯ ᠲᠥᠷᠥᠯ᠂ ᠲᠣᠰ ᠬᠦᠷᠢᠶᠡᠨ᠎ᠳᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠲᠦᠭᠰᠢᠭᠦᠷᠢ ᠣᠷᠣᠰᠢᠬᠤ ᠪᠣᠯᠣᠮᠵᠢ᠎ᠲᠠᠢ ᠵᠢ ᠣᠯᠵᠤ ᠮᠡᠳᠡᠪᠡᠯ᠂ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠥᠨ᠎ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠵᠤ᠂ ᠵᠠᠷᠯᠢᠭᠳᠠᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠡᠷᠬᠡ᠎ᠲᠠᠢ᠃ ᠰᠡᠷᠡᠮᠵᠢᠯᠡᠭᠦᠯᠬᠦ᠎ᠪᠠᠷ ᠪᠣᠯᠵᠣᠨ ᠶᠠᠷᠢᠯᠴᠠᠬᠤ ᠵᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠰᠠᠭ᠋ᠠᠷ ᠵᠶ᠋ᠠᠷ ᠵᠶ᠋ᠠᠨ ᠪᠤᠶᠤ ᠬᠠᠮᠲᠤᠷᠠᠨ ᠥᠷᠨᠢᠭᠦᠯᠵᠦ ᠪᠣᠯᠣᠨ᠎ᠠ᠃
       ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠠᠭ᠋ᠠᠷ ᠵᠶ᠋ᠠᠷ ᠵᠶ᠋ᠠᠨ ᠪᠣᠯᠵᠣᠨ ᠶᠠᠷᠢᠯᠴᠠᠭᠰᠠᠨ ᠪᠠᠶ᠋ᠢᠳᠠᠯ ᠵᠢᠴᠢ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠲᠦᠷᠦᠭᠦᠯᠡᠨ ᠰᠢᠢ᠍ᠳᠪᠦᠷᠢᠯᠡᠬᠦ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
      ᠠᠷᠪᠠ ᠶᠢᠰᠦᠳᠦᠭᠡᠷ ᠵᠦᠢ᠍ᠯ ᠴᠤᠬᠤᠶ᠋ᠢᠯᠲᠠ ᠵᠢᠨ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠲᠦᠭᠰᠢᠭᠦᠷᠢ᠎ᠳᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠢᠯᠡᠷᠡᠬᠦ ᠬᠡᠯᠪᠡᠷᠢ᠂ ᠪᠣᠳᠠᠲᠠᠢ ᠣᠨᠴᠠᠯᠢᠭ ᠪᠠ ᠬᠤᠣᠷ ᠬᠥᠨᠥᠭᠡᠯᠳᠦ ᠴᠢᠨᠠᠷ ᠵᠡᠷᠭᠡ ᠬᠠᠮᠢᠶ᠎ᠠ ᠪᠦᠬᠦᠢ ᠪᠠᠶ᠋ᠢᠳᠠᠯ᠎ᠢ ᠴᠠᠭ ᠲᠤᠬᠠᠢ᠎ᠳᠤ᠎ᠨᠢ ᠨᠡᠶ᠋ᠢᠭᠡᠮ᠎ᠳᠤ ᠨᠡᠪᠲᠡᠷᠡᠭᠦᠯᠦᠨ ᠮᠡᠳᠡᠭᠡᠯᠡᠵᠦ᠂ ᠰᠡᠷᠡᠮᠵᠢᠯᠡᠭᠦᠯᠬᠦ ᠪᠠ ᠲᠦᠭᠰᠢᠭᠦᠷᠢ ᠵᠢᠨ ᠰᠠᠨᠠᠭᠤᠯᠤᠮᠵᠢ ᠥᠭᠬᠦ ᠬᠡᠷᠡᠭᠲᠡᠢ᠃
      ᠬᠤᠷᠢᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠮᠡᠳᠡᠭᠡ ᠵᠠᠩᠭᠢ ᠵᠢ ᠴᠤᠭᠯᠠᠭᠤᠯᠤᠨ ᠳᠠᠩᠰᠠᠯᠠᠬᠤ ᠳᠦᠷᠢᠮ᠎ᠢ ᠪᠠᠶ᠋ᠢᠭᠤᠯᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠵᠶ᠋ᠠᠷ ᠰᠡᠵᠢᠭᠯᠡᠭᠳᠡᠭᠰᠡᠨ ᠡᠯ᠎ᠡ ᠲᠥᠷᠥᠯ᠎ᠤᠨ ᠬᠡᠷᠡᠭ᠂ ᠰᠦᠪᠡᠭᠴᠢ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠡᠮᠬᠢᠳᠬᠡᠵᠦ᠂ ᠠᠵᠢᠯ᠎ᠤᠨ ᠡᠬᠡ ᠲᠠᠩᠰᠠ ᠪᠠᠶ᠋ᠢᠭᠤᠯᠬᠤ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠳᠡᠭᠡᠳᠦ ᠨᠢᠭᠡ ᠱᠠᠲᠤᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
      ᠭᠤᠷᠪᠠᠳᠤᠭ᠋ᠠᠷ ᠪᠦᠯᠦᠭ ᠪᠠᠶ᠋ᠢᠴᠠᠭ᠋ᠠᠬᠤ ᠪᠠ ᠰᠢᠢ᠍ᠳᠪᠦᠷᠢᠯᠡᠬᠦ
      ᠬᠤᠷᠢᠨ ᠨᠢᠭᠡᠳᠦᠭᠡᠷ ᠵᠦᠢ᠍᠊᠊ᠯ ᠳᠣᠣᠷ᠎ᠠ ᠵᠢᠭᠰᠠᠭ᠋ᠠᠭᠰᠠᠨ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢ᠍ᠯᠡ ᠠᠵᠢᠯᠯᠠᠭ᠎ᠠ᠎ᠳᠤ᠂ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠪᠠ ᠰᠢᠢ᠍ᠳᠪᠦᠷᠢᠯᠡᠬᠦ ᠬᠡᠷᠡᠭᠲᠡᠢ᠄
      (ᠨᠢᠭᠡ) ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠂ ᠪᠡᠯᠡ ᠣᠷᠣᠭᠤᠯᠤᠯᠲᠠ ᠵᠢᠴᠢ ᠪᠡᠯᠡ ᠣᠷᠣᠭᠤᠯᠤᠯᠲᠠ ᠵᠢᠨ ᠵᠥᠪᠯᠡᠮᠵᠢ ᠵᠢᠨ ᠲᠦᠷᠦᠯ᠎ᠤᠨ ᠠᠵᠤ ᠠᠬᠤᠶ᠋ᠢᠯᠠᠯ᠂ ᠡᠯ᠎ᠡ ᠲᠦᠷᠦᠯ᠎ᠤᠨ ᠠᠷᠠᠯᠵᠢᠶᠠᠨ᠎ᠤ ᠲᠠᠯᠠᠪᠤᠷ ᠭᠠᠵᠠᠷ ᠪᠤᠶᠤ ᠲᠠᠪᠴᠠᠩ᠂ ᠲᠠᠷᠢᠶᠠᠴᠢᠨ᠎ᠤ ᠲᠤᠰᠬᠠᠢ ᠬᠤᠷᠰᠢᠶᠠᠵᠢᠯ᠂ ᠪᠡᠯᠡ ᠮᠥᠩᠭᠦ ᠵᠢᠨ ᠬᠠᠪᠰᠤᠷᠤᠯᠴᠠᠬᠤ ᠵᠣᠬᠢᠶᠠᠨ ᠪᠠᠶ᠋ᠢᠭᠤᠯᠤᠯᠲᠠ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠵᠤ ᠪᠡᠯᠡ ᠮᠥᠩᠭᠦ ᠰᠢᠩᠭᠡᠬᠡᠨ ᠠᠪᠬᠤ;
      (ᠬᠤᠶᠠᠷ) ᠰᠲ᠋ᠣᠺ᠎ᠤᠨ ᠡᠷᠬᠡ᠂ ᠠᠪᠴᠠᠭ᠋ᠠᠨ᠎ᠤ ᠡᠷᠬᠡ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠪᠠᠷ ᠰᠠᠭᠤᠷᠢ ᠮᠥᠩᠭᠦ ᠴᠤᠭᠯᠠᠭᠤᠯᠬᠤ᠂ ᠳᠠᠭ᠋ᠠᠳᠬᠠᠯ᠎ᠤᠨ ᠦᠢ᠍ᠯᠡᠳᠬᠦᠨ ᠪᠣᠷᠣᠯᠠᠭᠤᠯᠬᠤ᠂ ᠡᠰᠡᠬᠦᠯ᠎ᠡ ᠡᠯ᠎ᠡ ᠲᠦᠷᠦᠯ᠎ᠤᠨ ᠪᠡᠯᠡ ᠬᠥᠷᠥᠩᠭᠡ ᠵᠢᠨ ᠬᠠᠮᠢᠶᠠᠷᠤᠯᠲᠠ᠂ ᠬᠡᠶ᠋ᠢᠰᠪᠦᠷᠢ ᠵᠣᠭᠤᠰ ᠮᠥᠩᠭᠦ᠂ ᠪᠡᠯᠡ ᠲᠣᠬᠢᠷᠠᠭᠤᠯᠭ᠎ᠠ ᠵᠢᠨ ᠲᠦᠷᠢᠶᠡᠰᠦᠯᠡᠯ᠎ᠤᠨ ᠲᠤᠬᠠᠶ᠋ᠢᠯᠠᠭᠰᠠᠨ ᠠᠵᠢᠯ ᠡᠷᠬᠢᠯᠡᠬᠦ ᠵᠡᠷᠭᠡ ᠨᠡᠷ᠎ᠡ᠎ᠪᠠᠷ ᠪᠡᠯᠡ ᠮᠥᠩᠭᠦ ᠰᠢᠩᠭᠡᠬᠡᠨ ᠠᠪᠬᠤ;
      (ᠭᠤᠷᠪᠠ) ᠲᠠᠸᠠᠷ ᠪᠣᠷᠣᠯᠠᠭᠤᠯᠬᠤ᠂ ᠦᠢ᠍ᠯᠡᠴᠢᠯᠡᠭᠡ ᠬᠠᠩᠭ᠋ᠠᠬᠤ᠂ ᠲᠥᠷᠥᠯ ᠵᠦᠢ᠍ᠯ᠎ᠳᠤ ᠪᠡᠯᠡ ᠣᠷᠣᠭᠤᠯᠣᠯᠳᠡ ᠬᠢᠬᠦ ᠵᠡᠷᠭᠡ ᠬᠤᠳᠠᠯᠳᠤᠭ᠋ᠠᠨ᠎ᠤ ᠠᠵᠢᠯᠯᠠᠭ᠎ᠠ ᠳᠤᠮᠳᠠ᠂ ᠵᠣᠭᠤᠰ᠂ ᠰᠲ᠋ᠣᠺ᠎ᠤᠨ ᠡᠷᠬᠡ᠂ ᠪᠣᠳᠠᠲᠤ ᠶᠠᠭᠤᠮ᠎ᠠ ᠵᠡᠷᠭᠡ ᠵᠢᠨ ᠬᠠᠷᠠᠮᠵᠢ ᠥᠭᠭᠦᠨ᠎ᠡ ᠭᠡᠵᠦ ᠠᠮᠠᠯᠠᠬᠤ ᠬᠡᠯᠪᠡᠷᠢ᠎ᠪᠠᠷ ᠪᠡᠯᠡ ᠮᠥᠩᠭᠦ ᠰᠢᠩᠭᠡᠬᠡᠨ ᠠᠪᠬᠤ;
      (ᠳᠥᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠤᠶᠤ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠵᠦ᠂ ᠤᠯᠠᠨ ᠨᠡᠶ᠋ᠢᠲᠡ ᠵᠢᠨ ᠵᠠᠭᠤᠴᠢᠯᠠᠭᠤᠷ᠂ ᠳᠠᠷᠤᠢ ᠲᠦᠷᠭᠡᠨ ᠴᠢᠮᠡᠭᠡ ᠨᠡᠪᠲᠡᠷᠡᠬᠦ ᠪᠠᠭ᠋ᠠᠵᠢ ᠪᠤᠶᠤ ᠪᠤᠰᠤᠳ ᠠᠷᠭ᠎ᠠ᠎ᠪᠠᠷ ᠪᠡᠯᠡ ᠮᠥᠩᠭᠦ ᠰᠢᠩᠭᠡᠬᠡᠨ ᠠᠪᠤᠭᠰᠠᠨ ᠮᠡᠳᠡᠭᠡ ᠵᠠᠩᠭᠢ ᠵᠢ ᠢᠯᠡ᠎ᠪᠠᠷ ᠤᠯᠠᠮᠵᠢᠯᠠᠨ ᠲᠠᠷᠬᠠᠭ᠋ᠠᠬᠤ;
      (ᠲᠠᠪᠤ) ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠤᠰᠤᠳ ᠦᠢ᠍ᠯᠨ ᠠᠵᠢᠯᠯᠠᠭ᠎ᠠ᠃
      ᠬᠤᠷᠢᠨ ᠬᠤᠶᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢ᠍ᠯᠡ ᠠᠵᠢᠯᠯᠠᠭ᠎ᠠ᠎ᠳᠤ᠂ ᠦᠶᠯᠡ ᠠᠵᠢᠯᠯᠠᠭ᠎ᠠ ᠡᠭᠦᠰᠦᠭᠰᠡᠨ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠬᠡᠷᠡᠭᠲᠡᠢ᠃
      ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠶᠯᠡ ᠠᠵᠢᠯᠯᠠᠭ᠎ᠠ᠎ᠳᠤ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠎ᠨᠢ ᠨᠢᠭᠡᠴᠢ ᠪᠠᠶ᠋ᠢᠪᠠᠯ᠂ ᠲᠡᠭᠦᠨ᠎ᠤ ᠳᠠᠩᠰᠠᠯᠠᠭᠤᠯᠤᠭᠰᠠᠨ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ; ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠎ᠨᠢ ᠬᠤᠪᠢ ᠬᠥᠮᠥᠨ ᠪᠠᠶ᠋ᠢᠪᠠᠯ᠂ ᠲᠡᠭᠦᠨ᠎ᠤ ᠰᠠᠭᠤᠭ᠎ᠠ ᠭᠠᠵᠠᠷ ᠪᠤᠶᠤ ᠪᠠᠶ᠋ᠢᠩᠭᠤ ᠰᠠᠭᠤᠭ᠎ᠠ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃
       ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠬᠡᠮᠡᠨ ᠰᠡᠵᠢᠭᠯᠡᠭᠳᠡᠭᠰᠡᠨ ᠬᠦᠨᠳᠦ ᠶᠡᠭᠡ᠂ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ ᠦᠶᠯᠡ ᠠᠵᠢᠯᠯᠠᠭ᠎ᠠ ᠵᠢ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠠᠶ᠋ᠢᠮᠠᠭ ᠬᠤᠲᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠤᠨ ᠲᠦᠷᠦᠭᠦᠯᠡᠬᠦ ᠰᠠᠯᠠᠭ᠎ᠠ ᠮᠥᠴᠢᠷ᠎ᠲᠤ ᠲᠡᠳᠡᠨᠦᠰ ᠵᠶ᠋ᠠᠷ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠭᠤᠯᠬᠤ᠎ᠪᠠᠷ ᠮᠡᠳᠡᠭᠦᠯᠦᠨ ᠳᠡᠪᠰᠢᠭᠦᠯᠵᠦ ᠪᠣᠯᠣᠨ᠎ᠠ᠃ ᠦᠨᠡᠨ ᠬᠦ᠌ ᠴᠢᠬᠤᠯᠠᠲᠠᠢ ᠦᠶ᠎ᠡ᠎ᠳᠤ᠂ ᠠᠶ᠋ᠢᠮᠠᠭ ᠬᠤᠲᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠤᠨ ᠲᠦᠷᠦᠭᠦᠯᠡᠬᠦ ᠰᠠᠯᠠᠭ᠎ᠠ ᠮᠥᠴᠢᠷ᠎ᠲᠤ ᠲᠡᠳᠡᠨᠦᠰ ᠵᠶ᠋ᠠᠷ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠭᠤᠯᠬᠤ᠎ᠪᠠᠷ ᠮᠡᠳᠡᠭᠦᠯᠦᠨ ᠳᠡᠪᠰᠢᠭᠦᠯᠵᠦ ᠪᠣᠯᠣᠨ᠎ᠠ᠃
      ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠬᠤ ᠡᠭᠦᠷᠭᠡ ᠬᠠᠷᠢᠭᠤᠴᠠᠯᠭ᠎ᠠ ᠵᠢᠨ ᠲᠠᠯ᠎ᠠ᠎ᠪᠠᠷ ᠮᠠᠷᠭᠤᠭ᠋ᠠᠨ᠎ᠲᠠᠢ ᠪᠠᠶ᠋ᠢᠪᠠᠯ᠂ ᠲᠡᠳᠡᠨ᠎ᠤ ᠬᠠᠮᠲᠤ ᠵᠢᠨ ᠳᠡᠭᠡᠳᠦ ᠱᠠᠲᠤᠨ᠎ᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
      ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ  ᠦᠢ᠍ᠯᠡ ᠠᠵᠢᠯᠯᠠᠭ᠎ᠠ ᠡᠭᠦᠰᠦᠭᠰᠡᠨ ᠭᠠᠵᠠᠷ᠂ ᠴᠤᠭᠯᠠᠭᠤᠯᠤᠭᠰᠠᠨ ᠪᠡᠯᠡ ᠬᠥᠷᠥᠩᠭᠡ ᠵᠢᠨ ᠪᠠᠶ᠋ᠢᠭ᠎ᠠ ᠭᠠᠵᠠᠷ ᠵᠢᠴᠢ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ᠂ ᠪᠡᠯᠡ ᠴᠤᠭᠯᠠᠭᠤᠯᠬᠤ᠎ᠳᠤ ᠣᠷᠣᠯᠴᠠᠭᠴᠢ ᠵᠢᠨ ᠪᠠᠶ᠋ᠢᠭ᠎ᠠ ᠭᠠᠵᠠᠷ᠎ᠤᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠪᠠᠶ᠋ᠢᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠬᠤ ᠠᠵᠢᠯ᠎ᠳᠤ ᠬᠠᠮᠵᠢᠯᠴᠠᠬᠤ ᠬᠡᠷᠡᠭᠲᠡᠢ᠃
       ᠬᠤᠷᠢᠨ ᠭᠤᠷᠪᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢ᠍ᠯᠡ ᠠᠵᠢᠯᠯᠠᠭ᠎ᠠ ᠵᠢᠨ ᠰᠦᠪᠡᠭᠴᠢ ᠵᠢ ᠴᠠᠭ ᠲᠤᠬᠠᠢ᠎ᠳᠤ᠎ᠨᠢ ᠬᠢᠨᠠᠨ ᠪᠠᠶ᠋ᠢᠴᠠᠭ᠋ᠠᠵᠤ᠂ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ᠎ᠪᠠᠨ ᠲᠣᠭᠲᠠᠭ᠋ᠠᠬᠤ ᠬᠡᠷᠡᠭᠲᠡᠢ᠃ ᠬᠢᠨᠠᠨ ᠪᠠᠶ᠋ᠢᠴᠠᠭ᠋ᠠᠳ ᠬᠠᠮᠢᠶ᠎ᠠ ᠪᠦᠬᠦᠢ ᠦᠢ᠍ᠯᠡ ᠠᠵᠢᠯᠯᠠᠭ᠎ᠠ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶ᠋ᠢᠵᠤ᠂ ᠲᠤᠰ ᠰᠠᠯᠠᠭ᠎ᠠ ᠮᠥᠴᠢᠷ᠎ᠤᠨ ᠬᠠᠷᠢᠶᠠᠯᠠᠯ᠎ᠳᠤ ᠪᠠᠭᠲᠠᠬᠤ᠎ᠪᠠᠷ ᠦᠵᠡᠵᠦ ᠪᠠᠶ᠋ᠢᠪᠠᠯ᠂ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠪᠠᠶ᠋ᠢᠴᠠᠭ᠋ᠠᠯᠲᠠ ᠬᠢᠬᠦ ᠵᠢ ᠵᠣᠬᠢᠶᠠᠨ ᠪᠠᠶ᠋ᠢᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ᠎ᠤᠨ ᠬᠠᠷᠢᠶᠠᠯᠠᠯ᠎ᠳᠤ ᠪᠠᠭᠲᠠᠬᠤ ᠦᠭᠡᠢ ᠪᠣᠯ᠂ ᠬᠠᠷᠢᠶᠠᠯᠠᠬᠤ ᠡᠷᠬᠡ᠎ᠲᠠᠢ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠰᠢᠯᠵᠢᠭᠦᠯᠦᠨ ᠬᠦᠷᠭᠡᠬᠦ ᠬᠡᠷᠡᠭᠲᠡᠢ᠃
      ᠬᠤᠷᠢᠨ ᠳᠥᠷᠪᠡᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢ᠍ᠯᠡ ᠠᠵᠢᠯᠯᠠᠭ᠎ᠠ ᠵᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠠᠴᠠ ᠭᠥᠯᠢᠶᠡᠨ ᠠᠪᠬᠤ᠎ᠪᠠᠷ ᠲᠣᠭᠲᠠᠭᠰᠠᠨ ᠪᠣᠯ᠂ ᠴᠠᠭ ᠲᠤᠬᠠᠢ᠎ᠳᠤ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠬᠡᠷᠡᠭ᠎ᠢ ᠬᠠᠤᠯᠢ ᠶᠣᠰᠣᠭ᠋ᠠᠷ ᠪᠠᠶ᠋ᠢᠴᠠᠭ᠋ᠠᠬᠤ ᠬᠡᠷᠡᠭᠲᠡᠢ᠃
      ᠪᠠᠶ᠋ᠢᠴᠠᠭ᠋ᠠᠬᠤ ᠠᠵᠢᠯᠲᠠᠨ᠎ᠨᠢ 2 ᠬᠥᠮᠥᠨ᠎ᠠᠴᠠ ᠳᠤᠲᠠᠭᠤ ᠪᠠᠶ᠋ᠢᠵᠤ ᠪᠣᠯᠬᠤ ᠦᠭᠡᠢ᠂ ᠪᠠᠶ᠋ᠢᠴᠠᠭ᠋ᠠᠬᠤ᠎ᠳᠤ᠎ᠪᠠᠨ ᠪᠠᠶ᠋ᠢᠴᠠᠭ᠋ᠠᠭᠳᠠᠬᠤ ᠡᠲᠡᠭᠡᠳ᠎ᠲᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠵᠤ ᠦᠵᠡᠭᠦᠯᠬᠦ ᠬᠡᠷᠡᠭᠲᠡᠢ᠃
       ᠪᠠᠶ᠋ᠢᠴᠠᠭ᠋ᠠᠭᠳᠠᠭᠰᠠᠨ ᠬᠡᠷᠡᠭ᠎ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ᠎ᠨᠢ ᠪᠠᠶ᠋ᠢᠴᠠᠭ᠋ᠠᠯᠲᠠ᠎ᠳᠤ ᠬᠠᠮᠵᠢᠯᠴᠠᠬᠤ ᠬᠡᠷᠡᠭᠲᠡᠢ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃
      ᠬᠤᠷᠢᠨ ᠲᠠᠪᠤᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢ᠍ᠯᠡ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠪᠠᠶ᠋ᠢᠴᠠᠭ᠋ᠠᠬᠤ᠎ᠳᠤ᠎ᠪᠠᠨ᠂ ᠳᠣᠣᠷᠠᠬᠢ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠄
      (ᠨᠢᠭᠡ) ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠲᠠᠯᠠᠪᠤᠷ ᠭᠠᠵᠠᠷ᠎ᠲᠤ ᠣᠷᠣᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠨᠢᠭᠡᠴᠢ ᠪᠤᠶᠤ ᠬᠤᠪᠢ ᠬᠥᠮᠥᠨ᠎ᠤ ᠦᠨᠳᠦᠰᠦᠨ ᠪᠠᠶ᠋ᠢᠳᠠᠯ᠂ ᠪᠡᠯᠡ ᠴᠤᠭᠯᠠᠭᠤᠯᠤᠭᠰᠠᠨ ᠠᠷᠭ᠎ᠠ ᠬᠡᠯᠪᠡᠷᠢ᠂ ᠴᠤᠭᠯᠠᠭᠤᠯᠤᠭᠰᠠᠨ ᠵᠣᠭᠤᠰ᠎ᠤᠨ ᠲᠤᠭ᠎ᠠ ᠬᠡᠮᠵᠢᠶ᠎ᠡ᠂ ᠣᠷᠣᠯᠴᠠᠭᠰᠠᠨ ᠬᠥᠮᠥᠨ᠎ᠤ ᠲᠤᠭ᠎ᠠ᠂ ᠪᠡᠯᠡ ᠮᠥᠩᠭᠦᠨ᠎ᠤ ᠠᠵᠢᠯᠯᠠᠭ᠎ᠠ᠂ ᠵᠣᠭᠤᠰ ᠰᠣᠯᠢᠵᠤ ᠲᠥᠯᠥᠭᠰᠡᠨ ᠪᠠᠶ᠋ᠢᠳᠠᠯ᠂ ᠬᠤᠪᠢ ᠣᠷᠣᠭᠤᠯᠤᠭᠴᠢ ᠪᠤᠶᠤ ᠪᠣᠳᠠᠲᠠᠢ ᠡᠵᠡᠮᠳᠡᠭᠴᠢ ᠵᠢᠨ ᠭᠤᠣᠯ ᠪᠠᠶ᠋ᠢᠳᠠᠯ ᠵᠡᠷᠭᠡ᠎ᠳᠤ ᠪᠠᠶ᠋ᠢᠴᠠᠭ᠋ᠠᠯᠲᠠ ᠬᠢᠵᠦ ᠭᠡᠷᠡᠴᠢ ᠴᠤᠭᠯᠠᠭᠤᠯᠬᠤ;
      (ᠬᠤᠶᠠᠷ) ᠪᠠᠶ᠋ᠢᠴᠠᠭ᠋ᠠᠭᠳᠠᠭᠰᠠᠨ ᠬᠡᠷᠡᠭ᠎ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ᠎ᠠᠴᠠ ᠯᠠᠪᠯᠠᠨ ᠠᠰᠠᠭᠤᠵᠤ᠂ ᠲᠡᠭᠦᠨ᠎ᠢ ᠬᠤᠯᠪᠣᠭᠳᠠᠯ ᠪᠦᠬᠦᠢ ᠤᠴᠢᠷ ᠶᠠᠪᠤᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
      (ᠭᠤᠷᠪᠠ) ᠪᠠᠶ᠋ᠢᠴᠠᠭ᠋ᠠᠭᠳᠠᠭᠰᠠᠨ ᠬᠡᠷᠡᠭ᠎ᠲᠤ ᠬᠤᠯᠪᠣᠭᠳᠠᠭᠰᠠᠨ ᠪᠢᠴᠢᠭ ᠬᠠᠷ᠎ᠠ᠂ ᠮᠠᠲ᠋ᠧᠷᠢᠶᠠᠯ᠂ ᠡᠯᠸᠺᠲᠷᠤᠨ ᠲᠤᠭ᠎ᠠ ᠪᠠᠷᠢᠮᠲᠠ ᠵᠡᠷᠭᠡ ᠵᠢ ᠪᠠᠶ᠋ᠢᠴᠠᠭ᠋ᠠᠨ ᠦᠵᠡᠬᠦ ᠪᠠ ᠬᠠᠭᠤᠯᠪᠤᠷᠢᠯᠠᠵᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ ᠰᠦᠢ᠍ᠳᠬᠡᠵᠦ ᠮᠡᠳᠡᠬᠦ ᠪᠢᠴᠢᠭ ᠬᠠᠷ᠎ᠠ᠂ ᠮᠠᠲ᠋ᠧᠷᠢᠶᠠᠯ᠂  ᠡᠯᠸᠺᠲᠷᠤᠨ ᠲᠥᠬᠦᠭᠡᠷᠦᠮᠵᠢ ᠵᠡᠷᠭᠡ ᠵᠢ ᠪᠢᠲᠡᠭᠦᠮᠵᠢᠯᠡᠨ ᠬᠠᠳᠠᠭ᠋ᠠᠯᠠᠬᠤ;
      (ᠳᠥᠷᠪᠡ) ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠬᠤᠯᠪᠣᠭᠳᠠᠯ ᠪᠦᠬᠦᠢ ᠲᠠᠩᠰᠠᠨ ᠡᠷᠦᠬᠡ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠯᠠᠪᠯᠠᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠠᠩᠬᠢ ᠵᠢᠨ ᠪᠤᠰᠤ ᠲᠥᠯᠥᠪᠦᠷᠢ ᠵᠢᠨ ᠪᠠᠶ᠋ᠢᠭᠤᠯᠤᠮᠵᠢ᠎ᠨᠢ ᠬᠠᠮᠵᠢᠯᠴᠠᠬᠤ ᠬᠡᠷᠡᠭᠲᠡᠢ ᠪᠥᠭᠡᠳ ᠪᠠᠶ᠋ᠢᠴᠠᠭ᠋ᠠᠨ ᠯᠠᠪᠯᠠᠭᠰᠠᠨ ᠠᠭᠤᠯᠭ᠎ᠠ ᠪᠠ ᠬᠠᠮᠢᠶ᠎ᠠ ᠪᠦᠬᠦᠢ ᠪᠠᠶ᠋ᠢᠳᠠᠯ᠎ᠤᠨ ᠨᠢᠭᠤᠴᠠ ᠵᠢ ᠬᠠᠮᠠᠭ᠋ᠠᠯᠠᠵᠤ᠂ ᠪᠠᠶ᠋ᠢᠴᠠᠭ᠋ᠠᠨ ᠯᠠᠪᠯᠠᠭᠳᠠᠭᠰᠠᠨ ᠨᠢᠭᠡᠴᠢ ᠪᠠ ᠬᠤᠪᠢ ᠬᠥᠮᠥᠨ᠎ᠳᠤ ᠮᠡᠳᠡᠭᠳᠡᠵᠦ ᠪᠣᠯᠬᠤ ᠦᠭᠡᠢ᠃

      ᠬᠤᠷᠢᠨ ᠵᠢᠷᠭᠤᠳᠤᠭ᠋ᠠᠷ ᠵᠦᠢ᠍ᠯ ᠪᠠᠶ᠋ᠢᠴᠠᠭ᠋ᠠᠵᠤ ᠭᠡᠷᠡᠴᠢ ᠴᠤᠭᠯᠠᠭᠤᠯᠬᠤ ᠬᠤᠭᠤᠴᠠᠭ᠋ᠠᠨ᠎ᠳᠤ᠂ ᠬᠡᠷᠡᠭ᠎ᠲᠤ ᠬᠤᠯᠪᠣᠭᠳᠠᠭᠰᠠᠨ ᠪᠡᠯᠡ ᠮᠥᠩᠭᠦ ᠵᠢ ᠳᠠᠯᠳᠠᠭᠤᠷ ᠰᠢᠯᠵᠢᠭᠦᠯᠬᠦ᠂ ᠰᠢᠯᠵᠢᠭᠦᠯᠬᠦ᠂ ᠨᠢᠭᠤᠨ ᠳᠠᠯᠳᠠᠯᠠᠬᠤ ᠵᠢᠴᠢ ᠭᠤᠣᠯ ᠰᠡᠵᠢᠭᠯᠡᠯᠲᠡᠢ ᠬᠥᠮᠥᠨ᠎ᠤ ᠣᠷᠭᠤᠨ ᠳᠤᠲᠠᠭ᠋ᠠᠬᠤ᠎ᠠᠴᠠ ᠰᠡᠷᠭᠡᠶ᠋ᠢᠯᠡᠬᠦ ᠵᠢᠨ ᠲᠤᠰᠠᠳᠠ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠳᠤ ᠬᠠᠤᠯᠢ ᠶᠣᠰᠣᠭ᠋ᠠᠷ ᠴᠢᠬᠤᠯᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ᠎ᠪᠠᠷ ᠮᠡᠳᠡᠭᠳᠡᠵᠦ ᠪᠣᠯᠣᠨ᠎ᠠ᠃ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢ᠍ᠯᠨ ᠠᠵᠢᠯᠯᠠᠭ᠎ᠠ᠎ᠲᠠᠢ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠥᠨ᠎ᠳᠤ ᠪᠡᠯᠡ ᠴᠤᠭᠯᠠᠭᠤᠯᠬᠤ ᠠᠵᠢᠯᠯᠠᠭ᠎ᠠ᠎ᠪᠠᠨ ᠲᠦᠷ ᠵᠣᠭᠰᠤᠭ᠋ᠠᠬᠤ᠎ᠪᠠᠷ ᠱᠠᠭ᠋ᠠᠷᠳᠠᠬᠤ ᠡᠷᠬᠡ᠎ᠲᠠᠢ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠬᠤᠯᠪᠣᠭᠳᠠᠯ ᠪᠦᠬᠦᠢ ᠨᠢᠭᠡᠴᠢ᠎ᠳᠤ ᠪᠠᠶ᠋ᠢᠭᠤᠯᠬᠤ᠂ ᠬᠤᠪᠢᠷᠠᠭᠤᠯᠬᠤ ᠪᠤᠶᠤ ᠳᠠᠩᠰᠠᠯᠠᠯ᠎ᠢ ᠬᠦᠴᠦᠨ ᠦᠭᠡᠢ ᠪᠣᠯᠭ᠋ᠠᠬᠤ ᠭᠠᠷ ᠭᠦᠢ᠍ᠴᠡᠳᠬᠡᠯ ᠬᠢᠬᠦ ᠵᠢ ᠲᠦᠷ ᠵᠣᠭᠰᠤᠭ᠋ᠠᠬᠤ᠎ᠪᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠳᠤ ᠮᠡᠳᠡᠭᠳᠡᠨ᠎ᠡ᠃
      ᠬᠤᠷᠢᠨ ᠳᠣᠯᠣᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠪᠠᠶ᠋ᠢᠴᠠᠭ᠋ᠠᠬᠤ ᠳᠤᠭᠤᠶ᠋ᠢᠯᠠᠩ᠎ᠤᠨ ᠪᠠᠶ᠋ᠢᠴᠠᠭ᠋ᠠᠭᠰᠠᠨ ᠪᠠᠶ᠋ᠢᠳᠠᠯ ᠪᠠ ᠰᠢᠢ᠍ᠳᠪᠦᠷᠢᠯᠡᠭᠰᠡᠨ ᠰᠠᠨᠠᠯ᠎ᠢ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠲᠦᠷᠦᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶ᠋ᠢᠭ᠎ᠠ ᠭᠠᠵᠠᠷ᠎ᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ ᠵᠡᠷᠭᠡ ᠵᠢ ᠴᠠᠭ ᠲᠤᠬᠠᠢ᠎ᠳᠤ᠎ᠨᠢ ᠵᠣᠬᠢᠶᠠᠨ ᠪᠠᠶ᠋ᠢᠭᠤᠯᠤᠨ ᠰᠤᠳᠤᠯᠤᠨ ᠮᠠᠭ᠋ᠠᠳᠯᠠᠵᠤ᠂ ᠳᠣᠣᠷᠠᠬᠢ ᠮᠡᠲᠦ ᠮᠠᠭ᠋ᠠᠳᠯᠠᠨ ᠲᠣᠭᠲᠠᠭ᠋ᠠᠬᠤ ᠰᠠᠨᠠᠯ ᠭᠠᠷᠭ᠋ᠠᠬᠤ ᠬᠡᠷᠡᠭᠲᠡᠢ᠄
      (ᠨᠢᠭᠡ) ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ᠎ᠳᠤ ᠲᠣᠭ᠋ᠠᠴᠠᠭᠳᠠᠬᠤ᠎ᠪᠠᠷ ᠮᠠᠭ᠋ᠠᠳᠯᠠᠨ ᠲᠣᠭᠲᠠᠭ᠋ᠠᠭᠰᠠᠨ ᠪᠣᠯ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ ᠵᠢ ᠵᠠᠷᠯᠢᠭᠳᠠᠵᠤ ᠪᠠᠶ᠋ᠢᠭ᠋ᠠᠳ ᠬᠤᠯᠪᠣᠭᠳᠠᠯ ᠪᠦᠬᠦᠢ ᠬᠠᠤᠯᠢ ᠪᠤᠰᠤ ᠦᠢ᠍ᠯᠨ ᠠᠵᠢᠯᠯᠠᠭ᠎ᠠ ᠵᠢ᠎ᠨᠢ ᠲᠡᠷᠡ ᠳᠠᠷᠤᠢ᠎ᠳᠤ᠎ᠨᠢ ᠵᠣᠭᠰᠤᠭ᠋ᠠᠬᠤ ᠵᠢᠨ ᠬᠠᠮᠲᠤ᠂ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ; ᠶᠠᠯ᠎ᠠ ᠬᠢᠭᠰᠡᠨ ᠰᠡᠵᠢᠭᠯᠡᠯᠲᠡᠢ ᠪᠠᠶ᠋ᠢᠬᠤ ᠵᠢ ᠣᠯᠵᠤ ᠮᠡᠳᠡᠪᠡᠯ᠂ ᠲᠣᠭᠲᠠᠭ᠋ᠠᠯ ᠶᠣᠰᠣᠭ᠋ᠠᠷ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠢ᠎ᠳᠤ᠎ᠨᠢ ᠰᠢᠯᠵᠢᠭᠦᠯᠦᠨ ᠬᠦᠷᠭᠡᠬᠦ ᠵᠢᠨ ᠬᠠᠮᠲᠤ ᠬᠤᠯᠪᠣᠭᠳᠠᠯ ᠪᠦᠬᠦᠢ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ;
      (ᠬᠤᠶᠠᠷ) ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ᠎ᠳᠤ ᠲᠣᠭ᠋ᠠᠴᠠᠭᠳᠠᠬᠤ ᠦᠭᠡᠢ᠎ᠪᠠᠷ ᠮᠠᠭ᠋ᠠᠳᠯᠠᠨ ᠲᠣᠭᠲᠠᠭ᠋ᠠᠭᠰᠠᠨ ᠪᠣᠯ᠂ ᠪᠠᠶ᠋ᠢᠴᠠᠭ᠋ᠠᠬᠤ᠎ᠪᠠᠨ ᠵᠣᠭᠰᠣᠭ᠋ᠠᠨ᠎ᠠ᠃
       ᠬᠤᠷᠢᠨ ᠨᠠᠢ᠍ᠮᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠬᠡᠷᠡᠭᠴᠡᠭᠡ᠎ᠪᠠᠨ ᠦᠨᠳᠦᠰᠦᠯᠡᠨ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠄
      (ᠨᠢᠭᠡ) ᠬᠤᠯᠪᠣᠭᠳᠠᠯ ᠪᠦᠬᠦᠢ ᠡᠵᠡᠩᠨᠡᠯᠲᠡ ᠵᠢᠨ ᠲᠠᠯᠠᠪᠤᠷ ᠭᠠᠵᠠᠷ᠎ᠢ ᠪᠠᠶ᠋ᠢᠴᠠᠭ᠋ᠠᠨ ᠪᠢᠲᠡᠭᠦᠮᠵᠢᠯᠡᠵᠦ᠂ ᠬᠤᠯᠪᠣᠭᠳᠠᠯ ᠪᠦᠬᠦᠢ ᠪᠡᠯᠡ ᠬᠥᠷᠥᠩᠭᠡ ᠵᠢ ᠪᠠᠶ᠋ᠢᠴᠠᠭ᠋ᠠᠨ ᠪᠢᠲᠡᠭᠦᠮᠵᠢᠯᠡᠵᠦ᠂ ᠪᠡᠷᠢᠴᠠᠭ᠋ᠠᠨ᠎ᠳᠤ ᠦᠯᠡᠳᠡᠭᠡᠬᠦ;
      (ᠬᠤᠶᠠᠷ) ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ ᠵᠢ ᠵᠠᠷᠯᠢᠭᠳᠠᠵᠤ ᠪᠠᠶ᠋ᠢᠭ᠋ᠠᠳ ᠬᠤᠯᠪᠣᠭᠳᠠᠯ ᠪᠦᠬᠦᠢ ᠪᠡᠯᠡ ᠬᠥᠷᠥᠩᠭᠡ᠎ᠪᠠᠨ ᠨᠡᠬᠡᠮᠵᠢᠯᠡᠨ ᠠᠪᠴᠢᠷᠠᠵᠤ᠂ ᠦᠨ᠎ᠡ ᠵᠢ᠎ᠨᠢ ᠬᠤᠪᠢᠷᠠᠭ᠋ᠠᠨ ᠬᠤᠳᠠᠯᠳᠤᠭ᠋ᠠᠯᠠᠵᠤ ᠪᠠᠶ᠋ᠢᠭ᠋ᠠᠳ ᠴᠤᠭᠯᠠᠭᠤᠯᠤᠭᠰᠠᠨ ᠪᠡᠯᠡ ᠮᠥᠩᠭᠦ ᠵᠢ ᠢᠯᠭ᠋ᠠᠷᠠᠭᠤᠯᠤᠨ ᠪᠤᠴᠠᠭ᠋ᠠᠯᠭ᠋ᠠᠬᠤ;
      (ᠭᠤᠷᠪᠠ) ᠥᠪᠡᠷᠲᠡᠭᠡᠨ ᠵᠠᠰᠠᠬᠤ ᠣᠷᠣᠨ ᠪᠤᠶᠤ ᠠᠶ᠋ᠢᠮᠠᠭ ᠬᠤᠲᠠ ᠵᠢᠨ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ ᠵᠶ᠋ᠠᠷ ᠲᠣᠭᠲᠠᠭ᠋ᠠᠯᠭ᠋ᠠᠵᠤ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠯᠢ᠎ᠪᠠᠷ ᠭᠠᠷᠴᠤ ᠣᠷᠣᠬᠤ᠎ᠳᠠᠬᠢ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠮᠡᠳᠡᠭᠳᠡᠵᠦ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠬᠤᠪᠢ ᠬᠥᠮᠥᠨ ᠪᠤᠶᠤ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠨᠢᠭᠡᠴᠢ ᠵᠢᠨ ᠬᠤᠪᠢ ᠡᠵᠡᠮᠳᠡᠭᠰᠡᠨ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠵᠡᠷᠭᠡ ᠵᠢᠨ ᠬᠠᠮᠢᠶᠠᠷᠤᠭᠴᠢ ᠵᠢᠴᠢ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠨ᠎ᠤ ᠬᠢᠯᠢ᠎ᠠᠴᠠ ᠭᠠᠷᠬᠤ ᠵᠢ ᠬᠢᠵᠠᠭ᠋ᠠᠷᠯᠠᠨ᠎ᠠ᠃
      ᠳᠡᠭᠡᠷ᠎ᠡ ᠳᠤᠷᠠᠳᠤᠭᠰᠠᠨ ᠨᠢᠭᠡᠳᠦᠭᠡᠷ ᠵᠤᠷᠪᠤᠰ᠂ ᠬᠤᠶᠠᠳᠤᠭ᠋ᠠᠷ ᠵᠤᠷᠪᠤᠰ᠎ᠤᠨ ᠠᠷᠭ᠎ᠠ ᠬᠡᠮᠵᠢᠶ᠎ᠡ ᠵᠢ ᠠᠪᠬᠤ᠎ᠳᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠬᠦ ᠬᠡᠷᠡᠭᠲᠡᠢ᠃
       ᠬᠤᠷᠢ ᠶᠢᠰᠦᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠬᠡᠷᠡᠭ᠎ᠢ ᠰᠢᠢ᠍ᠳᠪᠦᠷᠢᠯᠡᠭᠰᠡᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠨᠡᠪᠲᠡᠷᠡᠭᠦᠯᠦᠨ ᠮᠡᠳᠡᠭᠡᠯᠡᠵᠦ᠂ ᠬᠠᠮᠵᠢᠯᠴᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡᠨ᠎ᠳᠤ᠎ᠨᠢ ᠨᠡᠶ᠋ᠢᠴᠡᠪᠡᠯ᠂ ᠬᠤᠯᠪᠤᠭ᠋ᠠᠯᠠᠨ ᠬᠠᠤᠯᠢ ᠬᠡᠷᠡᠭᠵᠢᠭᠦᠯᠬᠦ ᠠᠵᠢᠯ᠎ᠢ ᠡᠬᠢᠯᠡᠭᠦᠯᠬᠦ ᠬᠡᠷᠡᠭᠲᠡᠢ᠄
      (ᠨᠢᠭᠡ) ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ᠂ ᠪᠦᠯᠦᠭᠵᠢᠯ᠎ᠤᠨ ᠴᠢᠨᠠᠷᠲᠠᠢ ᠬᠡᠷᠡᠭ ᠡᠭᠦᠰᠬᠦ ᠪᠤᠶᠤ ᠬᠦᠴᠦᠷᠬᠡᠭᠯᠡᠯ ᠵᠶ᠋ᠠᠷ ᠬᠠᠷᠰᠢᠯᠠᠵᠤ ᠮᠡᠳᠡᠬᠦ;
      (ᠬᠤᠶᠠᠷ) ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠠᠤᠯᠢ ᠬᠡᠷᠡᠭᠵᠢᠭᠦᠯᠦᠨ ᠪᠠᠶ᠋ᠢᠴᠠᠭ᠋ᠠᠬᠤ ᠦᠶ᠎ᠡ᠎ᠳᠤ ᠪᠠᠶ᠋ᠢᠴᠠᠭ᠋ᠠᠬᠤ ᠵᠢ ᠬᠠᠷ᠎ᠠ ᠰᠠᠨᠠᠭ᠎ᠠ᠎ᠪᠠᠷ ᠬᠠᠷᠰᠢᠯᠠᠬᠤ᠂ ᠠᠶᠤᠯᠭ᠋ᠠᠨ ᠰᠦᠷᠳᠡᠭᠦᠯᠬᠦ ᠪᠤᠶᠤ ᠬᠦᠴᠦᠷᠬᠡᠭᠯᠡᠯ ᠵᠶ᠋ᠠᠷ ᠬᠠᠤᠯᠢ ᠵᠢ ᠡᠰᠡᠷᠭᠦᠴᠡᠬᠦ ᠵᠡᠷᠭᠡ ᠪᠠᠶ᠋ᠢᠳᠠᠯ ᠲᠤᠯᠭ᠋ᠠᠷᠠᠬᠤ;
      (ᠭᠤᠷᠪᠠ) ᠶᠠᠭ ᠪᠠᠶ᠋ᠢᠴᠠᠭ᠋ᠠᠨ ᠰᠢᠢ᠍ᠳᠪᠦᠷᠢᠯᠡᠵᠦ ᠪᠠᠶ᠋ᠢᠭ᠎ᠠ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠵᠠᠰᠠᠭ ᠵᠠᠬᠢᠷᠭ᠋ᠠᠨ᠎ᠤ ᠬᠡᠷᠡᠭ᠎ᠨᠢ ᠡᠷᠡᠭᠦᠦ ᠵᠢᠨ ᠶᠠᠯᠠᠲᠤ ᠬᠡᠷᠡᠭ᠎ᠲᠤ ᠬᠤᠯᠪᠣᠭᠳᠠᠵᠤ ᠮᠡᠳᠡᠬᠦ;
      (ᠳᠥᠷᠪᠡ) ᠬᠠᠤᠯᠢ ᠪᠤᠰᠤ᠎ᠪᠠᠷ ᠪᠡᠯᠡ ᠴᠤᠭᠯᠠᠭᠤᠯᠬᠤ ᠦᠢ᠍ᠯᠨ ᠠᠵᠢᠯᠯᠠᠭ᠎ᠠ ᠠᠮᠠᠷᠬᠠᠨ ᠡᠭᠦᠰᠬᠦ᠂ ᠣᠯᠠᠨ ᠡᠭᠦᠰᠬᠦ ᠬᠦᠷᠢᠶᠡᠨ᠎ᠳᠤ ᠬᠤᠯᠪᠤᠭ᠋ᠠᠯᠠᠨ ᠴᠡᠭᠴᠡᠯᠡᠨ ᠵᠠᠰᠠᠯᠲᠠ ᠥᠷᠨᠢᠭᠦᠯᠬᠦ;
      (ᠲᠠᠪᠤ) ᠬᠤᠯᠪᠤᠭ᠋ᠠᠯᠠᠨ ᠬᠠᠤᠯᠢ ᠬᠡᠷᠡᠭᠵᠢᠭᠦᠯᠬᠦ ᠴᠢᠬᠤᠯᠠᠲᠠᠢ ᠪᠤᠰᠤᠳ ᠪᠠᠶ᠋ᠢᠳᠠᠯ ᠣᠷᠣᠰᠢᠵᠤ ᠪᠠᠶ᠋ᠢᠬᠤ᠃
      ᠬᠤᠯᠪᠤᠭ᠋ᠠᠯᠠᠨ ᠬᠠᠤᠯᠢ ᠬᠡᠷᠡᠭᠵᠢᠭᠦᠯᠬᠦ ᠶᠠᠪᠤᠴᠠ᠎ᠳᠤ ᠪᠤᠢ ᠪᠣᠯᠤᠭᠰᠠᠨ ᠵᠠᠰᠠᠭ ᠵᠠᠬᠢᠷᠭ᠋ᠠᠨ᠎ᠤ ᠲᠣᠭᠲᠠᠭ᠋ᠠᠯ᠎ᠢ ᠪᠣᠯ ᠬᠤᠯᠪᠤᠭ᠋ᠠᠯᠠᠨ ᠬᠠᠤᠯᠢ ᠬᠡᠷᠡᠭᠵᠢᠭᠦᠯᠬᠦ᠎ᠳᠤ ᠣᠷᠣᠯᠴᠠᠭᠰᠠᠨ ᠰᠠᠯᠠᠭ᠎ᠠ ᠮᠥᠴᠢᠷ᠂ ᠨᠢᠭᠡᠴᠢ᠎ᠨᠢ ᠥᠪᠡᠷ ᠥᠪᠡᠷ᠎ᠤᠨ ᠵᠶ᠋ᠠᠨ ᠡᠷᠬᠡ ᠲᠤᠰᠢᠶᠠᠯ᠎ᠤᠨ ᠬᠡᠪᠴᠢᠶᠡᠨ᠎ᠳᠤ᠎ᠪᠠᠨ ᠬᠠᠤᠯᠢ ᠶᠣᠰᠣᠭ᠋ᠠᠷ ᠭᠠᠷᠭ᠋ᠠᠨ᠎ᠠ᠃
       ᠭᠤᠴᠢᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠡᠷᠡᠭ᠎ᠤᠨ ᠬᠡᠷᠡᠭᠴᠡᠭᠡ᠎ᠪᠠᠨ ᠦᠨᠳᠦᠰᠦᠯᠡᠨ᠂ ᠬᠠᠤᠯᠢ᠎ᠳᠤ ᠲᠣᠭᠲᠠᠭᠰᠠᠨ ᠬᠢᠷᠢ ᠴᠢᠳᠠᠮᠵᠢ᠎ᠲᠠᠢ ᠲᠤᠰᠬᠠᠢ ᠮᠡᠷᠭᠡᠵᠢᠯ᠎ᠤᠨ ᠪᠠᠶ᠋ᠢᠭᠤᠯᠤᠮᠵᠢ ᠪᠤᠶᠤ ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠎ᠳᠤ ᠨᠠᠶ᠋ᠢᠳᠠᠵᠤ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠬᠡᠷᠡᠭ᠎ᠲᠠᠬᠢ ᠲᠤᠰᠬᠠᠢ ᠵᠦᠢ᠍ᠯᠡᠰ᠎ᠲᠤ ᠪᠠᠶ᠋ᠢᠴᠠᠭ᠋ᠠᠨ ᠰᠢᠨᠵᠢᠬᠦ᠂ ᠬᠢᠨᠠᠨ ᠲᠣᠭᠲᠠᠭ᠋ᠠᠯᠲᠠ ᠬᠢᠬᠦ᠂ ᠦᠨᠡᠯᠡᠨ ᠵᠢᠱ᠌ᠢᠬᠦ᠂ ᠬᠢᠨᠠᠨ ᠪᠣᠳᠣᠯᠲᠠ ᠬᠢᠵᠦ ᠪᠣᠯᠣᠨ᠎ᠠ᠃
      ᠭᠤᠴᠢᠨ ᠨᠢᠭᠡᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠯᠤᠭ᠎ᠠ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠵᠶ᠋ᠠᠷ ᠰᠡᠵᠢᠭᠯᠡᠭᠳᠡᠭᠰᠡᠨ ᠶᠠᠯᠠᠲᠤ ᠬᠡᠷᠡᠭ᠎ᠢ ᠰᠢᠯᠵᠢᠭᠦᠯᠦᠨ ᠬᠦᠷᠭᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠬᠡᠷᠡᠭ᠎ᠤᠨ ᠮᠠᠲ᠋ᠧᠷᠢᠶᠠᠯ᠎ᠢ ᠰᠢᠯᠵᠢᠭᠦᠯᠦᠨ ᠲᠤᠰᠢᠶᠠᠬᠤ᠂ ᠵᠣᠯᠭ᠋ᠠᠭᠤᠯᠬᠤ ᠲᠡᠰ ᠳᠠᠷᠠᠭ᠋ᠠᠯᠠᠯ᠎ᠢ ᠵᠢᠷᠤᠮᠵᠢᠭᠤᠯᠬᠤ ᠵᠢᠨ ᠬᠠᠮᠲᠤ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ᠃
      ᠭᠤᠴᠢᠨ ᠬᠤᠶᠠᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠤᠨ ᠬᠢᠨᠠᠯᠲᠠ ᠳᠣᠣᠷ᠎ᠠ ᠪᠡᠯᠡ ᠴᠤᠭᠯᠠᠭᠤᠯᠬᠤ᠎ᠳᠤ ᠣᠷᠣᠯᠴᠠᠭᠴᠢ᠎ᠳᠤ ᠪᠡᠯᠡ ᠮᠥᠩᠭᠦ ᠵᠢ᠎ᠨᠢ ᠢᠯᠭ᠋ᠠᠷᠠᠭᠤᠯᠤᠨ ᠪᠤᠴᠠᠭ᠋ᠠᠬᠤ ᠬᠡᠷᠡᠭᠲᠡᠢ᠃
       ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠎ᠨᠢ ᠢᠯᠭ᠋ᠠᠷᠠᠭᠤᠯᠤᠨ ᠪᠤᠴᠠᠭ᠋ᠠᠵᠤ ᠪᠣᠯᠬᠤᠶ᠋ᠢᠴᠠ ᠪᠡᠯᠡ ᠮᠥᠩᠭᠦ ᠵᠢ ᠡᠮᠬᠢᠯᠡᠵᠦ ᠴᠤᠭᠯᠠᠭᠤᠯᠬᠤ᠎ᠪᠠᠨ ᠴᠢᠩᠭ᠋ᠠᠳᠬᠠᠵᠤ᠂ ᠪᠡᠯᠡ ᠴᠤᠭᠯᠠᠭᠤᠯᠬᠤ᠎ᠳᠤ ᠣᠷᠣᠯᠴᠠᠭᠴᠢ ᠵᠢᠨ ᠲᠤᠭ᠎ᠠ᠂ ᠴᠤᠭᠯᠠᠭᠤᠯᠤᠭᠰᠠᠨ ᠵᠣᠭᠤᠰ᠎ᠤᠨ ᠲᠤᠭ᠎ᠠ᠂ ᠣᠯᠣᠭᠰᠠᠨ ᠠᠵᠤ ᠠᠬᠤᠢ ᠵᠢᠨ ᠠᠰᠢᠭ ᠲᠤᠰᠠ ᠵᠡᠷᠭᠡ ᠪᠠᠶ᠋ᠢᠳᠠᠯ᠎ᠢ ᠡᠵᠡᠮᠰᠢᠵᠦ᠂ ᠠᠮᠠᠷᠬᠠᠨ ᠡᠪᠳᠡᠷᠡᠵᠦ ᠬᠤᠬᠢᠷᠠᠬᠤ᠂ ᠦᠷᠳᠡᠭ ᠪᠠᠭᠤᠷᠠᠬᠤ᠂ ᠤᠰᠠᠳᠴᠤ ᠭᠡᠭᠡᠭᠳᠡᠬᠦ ᠡᠳ᠋ ᠬᠥᠷᠥᠩᠭᠡ ᠪᠣᠳᠠᠰ᠎ᠢ ᠴᠠᠭ ᠲᠤᠬᠠᠢ᠎ᠳᠤ᠎ᠨᠢ ᠬᠤᠳᠠᠯᠳᠤᠵᠤ᠂ ᠪᠡᠯᠡᠨ ᠵᠣᠭᠤᠰ ᠪᠣᠯᠭ᠋ᠠᠬᠤ ᠪᠤᠶᠤ ᠬᠤᠯᠪᠣᠭᠳᠠᠯ ᠪᠦᠬᠦᠢ ᠪᠡᠯᠡ ᠬᠥᠷᠥᠩᠭᠡ ᠵᠢ ᠤᠷᠢᠳ ᠵᠶ᠋ᠠᠷ ᠬᠤᠪᠢᠷᠠᠭᠤᠯᠤᠨ ᠬᠤᠳᠠᠯᠳᠤᠬᠤ᠂ ᠦᠨ᠎ᠡ ᠬᠠᠶᠠᠨ ᠬᠤᠳᠠᠯᠳᠤᠵᠤ᠂ ᠴᠤᠭᠯᠠᠭᠤᠯᠤᠭᠰᠠᠨ ᠪᠡᠯᠡ ᠮᠥᠩᠭᠦ ᠵᠢ ᠢᠯᠭ᠋ᠠᠷᠠᠭᠤᠯᠤᠨ ᠪᠤᠴᠠᠭ᠋ᠠᠬᠤ᠎ᠳᠤ ᠬᠡᠷᠡᠭᠯᠡᠬᠦ ᠬᠡᠷᠡᠭᠲᠡᠢ᠃
      ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠎ᠨᠢ ᠪᠡᠯᠡ ᠴᠤᠭᠯᠠᠭᠤᠯᠬᠤ᠎ᠳᠤ ᠣᠷᠣᠯᠴᠠᠭᠴᠢ᠎ᠲᠠᠢ ᠭᠦᠢ᠍ᠴᠡᠳ ᠨᠡᠪᠲᠡᠷᠡᠯᠴᠡᠨ᠂ ᠵᠥᠪᠳᠡᠯᠴᠡᠵᠦ᠂ ᠪᠡᠯᠡ ᠮᠥᠩᠭᠦ ᠵᠢ ᠢᠯᠭ᠋ᠠᠷᠠᠭᠤᠯᠤᠨ ᠪᠤᠴᠠᠭ᠋ᠠᠬᠤ ᠲᠥᠰᠥᠯ᠎ᠢ ᠲᠣᠭᠲᠠᠭ᠋ᠠᠵᠤ᠂ ᠢᠯᠭ᠋ᠠᠷᠠᠭᠤᠯᠤᠨ ᠪᠤᠴᠠᠭ᠋ᠠᠬᠤ ᠬᠥᠮᠥᠨ᠂ ᠢᠯᠭ᠋ᠠᠷᠠᠭᠤᠯᠤᠨ ᠪᠤᠴᠠᠭ᠋ᠠᠬᠤ ᠵᠣᠭᠤᠰ᠎ᠤᠨ ᠲᠤᠭ᠎ᠠ᠂ ᠢᠯᠭ᠋ᠠᠷᠠᠭᠤᠯᠤᠨ ᠪᠤᠴᠠᠭ᠋ᠠᠬᠤ ᠠᠷᠭ᠎ᠠ ᠬᠡᠯᠪᠡᠷᠢ᠂ ᠢᠯᠭ᠋ᠠᠷᠠᠭᠤᠯᠤᠨ ᠪᠤᠴᠠᠭ᠋ᠠᠬᠤ ᠬᠠᠷᠢᠴᠠᠯ᠂ ᠢᠯᠭ᠋ᠠᠷᠠᠭᠤᠯᠤᠨ ᠪᠤᠴᠠᠭ᠋ᠠᠬᠤ ᠠᠬᠢᠴᠠ ᠵᠡᠷᠭᠡ ᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃
       ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ ᠪᠠ ᠪᠡᠯᠡ ᠴᠤᠭᠯᠠᠭᠤᠯᠬᠤ᠎ᠳᠤ ᠣᠷᠣᠯᠴᠠᠭᠴᠢ ᠢᠯᠭ᠋ᠠᠷᠠᠭᠤᠯᠤᠨ ᠪᠤᠴᠠᠭ᠋ᠠᠬᠤ ᠪᠡᠯᠡ ᠮᠥᠩᠭᠦ ᠵᠢᠨ ᠵᠣᠭᠤᠰ᠎ᠤᠨ ᠲᠤᠭ᠎ᠠ᠎ᠳᠤ ᠣᠨᠳᠣᠣ ᠰᠠᠨᠠᠯ᠎ᠲᠠᠢ ᠪᠤᠶᠤ ᠵᠥᠪᠳᠡᠯᠴᠡᠭᠡᠳ ᠰᠠᠨᠠᠯ ᠨᠢᠭᠡᠳᠬᠦ ᠵᠢᠨ ᠠᠷᠭ᠎ᠠ ᠦᠭᠡᠢ ᠪᠠᠶ᠋ᠢᠪᠠᠯ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ ᠵᠢ ᠪᠡᠯᠡ ᠴᠤᠭᠯᠠᠭᠤᠯᠬᠤ᠎ᠳᠤ ᠣᠷᠣᠯᠴᠠᠭᠴᠢ ᠪᠤᠶᠤ ᠲᠡᠳᠡᠨ᠎ᠤ ᠲᠥᠯᠥᠭᠡᠯᠡᠭᠴᠢᠳ᠎ᠤᠨ ᠬᠤᠷᠠᠯ᠎ᠢ ᠬᠤᠷᠠᠯᠳᠤᠭᠤᠯᠤᠨ᠂ ᠴᠤᠭᠯᠠᠭᠤᠯᠤᠭᠰᠠᠨ ᠪᠡᠯᠡ ᠮᠥᠩᠭᠦ ᠵᠢᠨ ᠢᠷᠡᠯᠲᠡ ᠪᠠ ᠪᠡᠯᠡ ᠬᠥᠷᠥᠩᠭᠡ ᠵᠢᠨ ᠪᠠᠶ᠋ᠢᠳᠠᠯ᠂ ᠢᠯᠭ᠋ᠠᠷᠠᠭᠤᠯᠤᠨ ᠪᠤᠴᠠᠭ᠋ᠠᠬᠤ ᠵᠠᠷᠴᠢᠮ᠎ᠢ ᠲᠣᠳᠣᠷᠬᠠᠶ᠋ᠢᠯᠠᠵᠤ᠂ ᠪᠡᠯᠡ ᠴᠤᠭᠯᠠᠭᠤᠯᠬᠤ᠎ᠳᠤ ᠣᠷᠣᠯᠴᠠᠭᠴᠢ ᠪᠤᠶᠤ ᠲᠡᠳᠡᠨ᠎ᠤ ᠲᠥᠯᠥᠭᠡᠯᠡᠭᠴᠢ ᠵᠢᠨ ᠰᠠᠨᠠᠯ᠎ᠢ ᠭᠦᠢ᠍ᠴᠡᠳ ᠰᠣᠨᠣᠰᠴᠤ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠬᠠᠤᠯᠢ ᠶᠣᠰᠣᠭ᠋ᠠᠷ᠂ ᠲᠣᠭᠲᠠᠭ᠋ᠠᠯ᠎ᠳᠤ ᠨᠡᠶ᠋ᠢᠴᠡᠭᠰᠡᠨ ᠰᠠᠭᠤᠷᠢᠨ ᠳᠡᠭᠡᠷ᠎ᠡ ᠢᠯᠭ᠋ᠠᠷᠠᠭᠤᠯᠤᠨ ᠪᠤᠴᠠᠭ᠋ᠠᠬᠤ ᠲᠥᠰᠥᠯ ᠵᠶ᠋ᠠᠨ ᠲᠡᠭᠦᠯᠳᠡᠷᠵᠢᠭᠦᠯᠵᠦ᠂ ᠴᠠᠭ ᠲᠤᠬᠠᠢ᠎ᠳᠤ᠎ᠨᠢ ᠢᠯᠭ᠋ᠠᠷᠠᠭᠤᠯᠤᠨ ᠪᠤᠴᠠᠭ᠋ᠠᠬᠤ᠎ᠪᠠᠷ ᠱᠠᠭ᠋ᠠᠷᠳᠠᠬᠤ ᠬᠡᠷᠡᠭᠲᠡᠢ᠃
       ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠬᠡᠷᠡᠭ᠎ᠤᠨ ᠬᠡᠷᠡᠭᠴᠡᠭᠡ ᠵᠢ ᠦᠨᠳᠦᠰᠦᠯᠡᠨ᠂ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ ᠪᠤᠶᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠴᠢ ᠡᠲᠡᠭᠡᠳ᠎ᠤᠨ ᠪᠠᠶ᠋ᠢᠭᠤᠯᠤᠮᠵᠢ ᠵᠢ ᠤᠷᠢᠵᠤ ᠢᠯᠭ᠋ᠠᠷᠠᠭᠤᠯᠤᠨ ᠪᠤᠴᠠᠭ᠋ᠠᠬᠤ ᠲᠥᠰᠥᠯ᠎ᠢ ᠲᠣᠭᠲᠠᠭ᠋ᠠᠬᠤ ᠪᠠ ᠢᠯᠭ᠋ᠠᠷᠠᠭᠤᠯᠤᠨ ᠪᠤᠴᠠᠭ᠋ᠠᠬᠤ ᠶᠠᠪᠤᠴᠠ᠎ᠳᠤ ᠬᠢᠨᠠᠯᠲᠠ ᠲᠠᠯᠪᠢᠬᠤ᠎ᠳᠤ ᠣᠷᠣᠯᠴᠠᠭᠤᠯᠵᠤ ᠪᠣᠯᠣᠨ᠎ᠠ᠃
      ᠭᠤᠴᠢᠨ ᠭᠤᠷᠪᠠᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠳᠤᠮᠳᠠ᠎ᠠᠴᠠ ᠠᠵᠤ ᠠᠬᠤᠢ ᠵᠢᠨ ᠠᠰᠢᠭ ᠲᠤᠰᠠ ᠣᠯᠵᠤ ᠪᠣᠯᠬᠤ ᠦᠭᠡᠢ᠃ ᠬᠠᠤᠯᠢ ᠪᠤᠰᠤ᠎ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ᠎ᠳᠤ ᠬᠠᠮᠵᠢᠭᠴᠢ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠪᠡᠯᠡ ᠴᠤᠭᠯᠠᠭᠤᠯᠬᠤ᠎ᠳᠤ ᠣᠷᠣᠯᠴᠠᠭᠴᠢ ᠵᠢᠨ ᠪᠡᠯᠡ ᠮᠥᠩᠭᠦ ᠵᠢ ᠢᠯᠭ᠋ᠠᠷᠠᠭᠤᠯᠤᠨ ᠪᠤᠴᠠᠭ᠋ᠠᠬᠤ ᠬᠡᠷᠡᠭᠲᠡᠢ᠄
      (ᠨᠢᠭᠡ) ᠢᠯᠭ᠋ᠠᠷᠠᠭᠤᠯᠤᠨ ᠪᠤᠴᠠᠭ᠋ᠠᠬᠤ ᠪᠡᠯᠡ ᠮᠥᠩᠭᠦ᠎ᠨᠢ ᠪᠡᠯᠡ ᠴᠤᠭᠯᠠᠭᠤᠯᠬᠤ᠎ᠳᠠᠬᠢ ᠪᠥᠬᠦ ᠣᠷᠣᠯᠴᠠᠭᠴᠢ ᠵᠢᠨ ᠡᠬᠡ ᠮᠥᠩᠭᠦ ᠵᠢ ᠲᠥᠯᠥᠵᠦ ᠳᠡᠶ᠋ᠢᠯᠬᠦ᠎ᠳᠤ ᠭᠦᠷᠪᠡᠯ᠂ ᠨᠢᠭᠡ ᠯᠡ ᠤᠳᠠᠭ᠎ᠠ᠎ᠳᠤ ᠲᠥᠯᠥᠬᠦ ᠬᠡᠷᠡᠭᠲᠡᠢ᠃ ᠪᠡᠯᠡ ᠴᠤᠭᠯᠠᠭᠤᠯᠬᠤ᠎ᠳᠤ ᠣᠷᠣᠯᠴᠠᠭᠴᠢ᠎ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠤᠷᠢᠲᠠᠯ ᠳᠣᠣᠷ᠎ᠠ᠂ ᠬᠠᠤᠯᠢ ᠪᠤᠰᠤ᠎ᠪᠠᠷ ᠴᠤᠭᠯᠠᠭᠤᠯᠤᠭᠰᠠᠨ ᠪᠡᠯᠡ ᠮᠥᠩᠭᠦ ᠵᠢ ᠢᠯᠭ᠋ᠠᠷᠠᠭᠤᠯᠤᠨ ᠪᠤᠴᠠᠭ᠋ᠠᠬᠤ᠎ᠳᠤ ᠬᠤᠭᠤᠴᠠᠭ᠎ᠠ ᠬᠤᠪᠢᠶᠠᠨ ᠬᠠᠷᠢᠴᠠᠯ ᠶᠣᠰᠣᠭ᠋ᠠᠷ ᠡᠬᠡ ᠮᠥᠩᠭᠦ ᠵᠢ᠎ᠨᠢ ᠪᠤᠴᠠᠭ᠋ᠠᠬᠤ᠂ ᠦᠨ᠎ᠡ ᠨᠤᠭᠤᠯᠤᠨ ᠪᠤᠳᠤᠵᠤ ᠬᠤᠪᠢ ᠣᠷᠣᠭᠤᠯᠬᠤ ᠪᠠ ᠪᠣᠳᠠᠲᠤ ᠶᠠᠭᠤᠮ᠎ᠠ᠎ᠪᠠᠷ ᠥᠷᠢ ᠲᠥᠯᠥᠬᠦ ᠵᠡᠷᠭᠡ ᠠᠷᠭ᠎ᠠ᠎ᠪᠠᠷ ᠶᠠᠪᠤᠭᠳᠠᠭᠤᠯᠬᠤ;
      (ᠬᠤᠶᠠᠷ) ᠢᠯᠭ᠋ᠠᠷᠠᠭᠤᠯᠤᠨ ᠪᠤᠴᠠᠭ᠋ᠠᠬᠤ ᠪᠡᠯᠡ ᠮᠥᠩᠭᠦ᠎ᠨᠢ ᠪᠡᠯᠡ ᠴᠤᠭᠯᠠᠭᠤᠯᠬᠤ᠎ᠳᠠᠬᠢ ᠪᠥᠬᠦ ᠣᠷᠣᠯᠴᠠᠭᠴᠢ ᠵᠢᠨ ᠡᠬᠡ ᠮᠥᠩᠭᠦ ᠵᠢ ᠲᠥᠯᠥᠵᠦ ᠭᠦᠢ᠍ᠴᠡᠬᠦ ᠦᠭᠡᠢ ᠪᠣᠯ᠂ ᠪᠡᠯᠡ ᠴᠤᠭᠯᠠᠭᠤᠯᠬᠤ᠎ᠳᠤ ᠣᠷᠣᠯᠴᠠᠭᠴᠢ ᠵᠢᠨ ᠪᠡᠯᠡ ᠭᠠᠷᠭ᠋ᠠᠭᠰᠠᠨ ᠬᠠᠷᠢᠴᠠᠯ ᠵᠶ᠋ᠠᠷ ᠨᠢᠭᠡᠳᠦᠯᠲᠡᠢ ᠲᠥᠯᠥᠵᠦ ᠳᠠᠭᠤᠰᠬᠠᠨ᠎ᠠ;
      (ᠭᠤᠷᠪᠠ) ᠪᠡᠯᠡ ᠴᠤᠭᠯᠠᠭᠤᠯᠬᠤ᠎ᠳᠤ ᠣᠷᠣᠯᠴᠠᠭᠴᠢ ᠵᠢᠨ ᠨᠢᠭᠡᠨᠲᠡ ᠣᠯᠣᠭᠰᠠᠨ ᠠᠰᠢᠭ ᠲᠤᠰᠠ ᠵᠢ ᠲᠡᠭᠦᠨ᠎ᠤ ᠡᠬᠡ ᠮᠥᠩᠭᠦ᠎ᠠᠴᠠ ᠬᠠᠰᠤᠵᠤ ᠭᠠᠷᠭ᠋ᠠᠨ᠎ᠠ᠃
       ᠭᠤᠴᠢᠨ ᠳᠥᠷᠪᠡᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠥᠯᠥᠭᠡ ᠪᠠᠶ᠋ᠢᠭᠤᠯᠤᠭᠰᠠᠨ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠠ ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶᠠᠵᠢᠯ᠎ᠤᠨ ᠡᠵᠡᠩᠨᠡᠯᠲᠡ ᠵᠢᠨ ᠦᠨᠡᠮᠯᠡᠯ᠎ᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢᠨ ᠲᠥᠯᠥᠭᠡ ᠪᠠᠶ᠋ᠢᠭᠤᠯᠤᠭᠰᠠᠨ ᠰᠦᠯᠵᠢᠶ᠎ᠡ᠂ ᠨᠡᠭᠡᠭᠡᠨ ᠬᠥᠭᠵᠢᠭᠦᠯᠦᠭᠰᠡᠨ ᠰᠢᠯᠵᠢᠮᠡᠯ ᠬᠡᠷᠡᠭᠯᠡᠯᠲᠡ ᠵᠢᠨ ᠫᠷᠣᠭ᠌ᠷᠠᠮ ᠵᠡᠷᠭᠡ ᠢᠨᠲ᠋ᠧᠷ ᠰᠦᠯᠵᠢᠶᠡᠨ᠎ᠤ ᠬᠡᠷᠡᠭᠯᠡᠯᠲᠡ ᠵᠢ ᠴᠠᠬᠢᠯᠭ᠋ᠠᠨ ᠬᠤᠯᠪᠣᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠠᠭ᠋ᠠᠵᠤ ᠵᠣᠭᠰᠤᠭ᠋ᠠᠬᠤ ᠬᠡᠷᠡᠭᠲᠡᠢ᠃
       ᠭᠤᠴᠢᠨ ᠲᠠᠪᠤᠳᠤᠭ᠋ᠠᠷ ᠵᠦᠢ᠍ᠯ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠠᠴᠠ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠪᠤᠶᠤ ᠰᠢᠢ᠍ᠳᠬᠡᠯ᠎ᠠᠴᠠ ᠬᠡᠯᠲᠦᠷᠢᠭᠦᠯᠬᠦ᠎ᠳᠤ᠂ ᠬᠤᠯᠪᠣᠭᠳᠠᠯ ᠪᠦᠬᠦᠢ ᠪᠠᠶ᠋ᠢᠳᠠᠯ ᠵᠶ᠋ᠠᠨ ᠴᠠᠭ ᠲᠤᠬᠠᠢ᠎ᠳᠤ᠎ᠨᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
      ᠭᠤᠴᠢᠨ ᠵᠢᠷᠭᠤᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠨᠢᠭᠡᠴᠢ ᠪᠤᠶᠤ ᠬᠤᠪᠢ ᠬᠥᠮᠥᠨ᠎ᠠᠴᠠ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠯ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠤᠯᠢ》 《ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠡᠮᠵᠢᠯᠡᠨ ᠰᠢᠢ᠍ᠳᠪᠦᠷᠢᠯᠡᠬᠦ ᠲᠣᠭᠲᠠᠭ᠋ᠠᠯ》 ᠵᠡᠷᠭᠡ ᠵᠢᠨ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃ ᠶᠠᠯ᠎ᠠ᠎ᠳᠤ ᠬᠦᠷᠣᠭ᠌ᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
      ᠭᠤᠴᠢᠨ ᠳᠣᠯᠣᠳᠤᠭ᠋ᠠᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠳᠤ ᠲᠦᠷᠦᠭᠦᠯᠡᠬᠦ ᠰᠠᠯᠠᠭ᠎ᠠ ᠮᠥᠴᠢᠷ᠎ᠨᠢ ᠰᠢᠢ᠍ᠳᠪᠦᠷᠢᠯᠡᠭᠰᠡᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠰᠢᠢ᠍ᠳᠪᠦᠷᠢᠯᠡᠭᠰᠡᠨ ᠮᠡᠳᠡᠭᠦᠯᠦᠯᠲᠡ᠎ᠳᠤ ᠭᠤᠣᠯᠳᠠᠭᠤ᠄ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠬᠡᠷᠡᠭ᠎ᠤᠨ ᠰᠦᠪᠡᠭᠴᠢ᠂ ᠰᠢᠢ᠍ᠳᠪᠦᠷᠢᠯᠡᠭᠳᠡᠭᠰᠡᠨ ᠡᠲᠡᠭᠡᠳ᠎ᠤᠨ ᠦᠨᠳᠦᠰᠦᠨ ᠪᠠᠶ᠋ᠢᠳᠠᠯ᠂ ᠪᠠᠶ᠋ᠢᠴᠠᠭ᠋ᠠᠯᠲᠠ ᠬᠢᠵᠦ ᠭᠡᠷᠡᠴᠢ ᠴᠤᠭᠯᠠᠭᠤᠯᠤᠭᠰᠠᠨ ᠵᠢᠴᠢ ᠰᠢᠨᠵᠢ ᠴᠢᠨᠠᠷ᠎ᠢ ᠮᠠᠭ᠋ᠠᠳᠯᠠᠨ ᠲᠣᠭᠲᠠᠭ᠋ᠠᠭᠰᠠᠨ ᠪᠠᠶ᠋ᠢᠳᠠᠯ᠂ ᠬᠠᠤᠯᠢ ᠵᠢ ᠵᠥᠷᠢᠴᠡᠭᠰᠡᠨ ᠭᠤᠣᠯ ᠪᠣᠳᠠᠲᠤ ᠬᠡᠷᠡᠭ ᠪᠠ ᠭᠡᠷᠡᠴᠢ ᠪᠠᠷᠢᠮᠲᠠ᠂ ᠰᠢᠢ᠍ᠳᠪᠦᠷᠢᠯᠡᠬᠦ ᠠᠵᠢᠯ ᠳᠤᠮᠳᠠ ᠠᠪᠤᠭᠰᠠᠨ ᠠᠷᠭ᠎ᠠ ᠬᠡᠮᠵᠢᠶ᠎ᠡ ᠵᠢᠴᠢ ᠰᠢᠢ᠍ᠳᠪᠦᠷᠢᠯᠡᠭᠰᠡᠨ ᠦᠷ᠎ᠡ ᠳ᠋ᠦᠩ ᠵᠡᠷᠭᠡ ᠪᠠᠭᠲᠠᠨ᠎ᠠ᠃
      ᠭᠤᠴᠢᠨ ᠨᠠᠢ᠍ᠮᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠶᠠᠷᠢ ᠪᠠᠶ᠋ᠢᠭᠤᠯᠤᠮᠵᠢ᠂ ᠲᠣᠮᠢᠯᠠᠭᠰᠠᠨ ᠪᠠᠶ᠋ᠢᠭᠤᠯᠤᠮᠵᠢ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠠᠵᠢᠯ᠎ᠢ ᠰᠢᠢ᠍ᠳᠪᠦᠷᠢᠯᠡᠬᠦ᠎ᠳᠤ ᠳᠡᠮᠵᠢᠯᠭᠡ ᠦᠵᠡᠭᠦᠯᠵᠦ ᠬᠠᠮᠵᠢᠯᠴᠠᠬᠤ ᠬᠡᠷᠡᠭᠲᠡᠢ᠃
      ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠠᠵᠢᠯ᠎ᠢ ᠬᠤᠷᠢᠭᠯᠠᠬᠤ ᠪᠠ ᠬᠠᠷᠰᠢᠯᠠᠵᠤ ᠪᠣᠯᠬᠤ ᠦᠭᠡᠢ᠃
      ᠭᠤᠴᠢ ᠶᠢᠰᠦᠳᠦᠭᠡᠷ ᠵᠦᠢ᠍ᠯ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠢᠢ᠍ᠳᠪᠦᠷᠢᠯᠡᠬᠦ ᠶᠠᠪᠤᠴᠠ᠎ᠳᠤ᠂ ᠬᠤᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠲᠣᠭᠲᠠᠭ᠋ᠠᠵᠤ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠡᠮᠬᠢ ᠵᠢᠷᠤᠮ᠎ᠲᠠᠢ ᠪᠥᠭᠡᠳ ᠯᠠᠪᠳᠠᠭᠤᠨ ᠵᠶ᠋ᠠᠷ ᠰᠢᠢ᠍ᠳᠪᠦᠷᠢᠯᠡᠵᠦ᠂ ᠤᠯᠠᠨ ᠲᠦᠮᠡᠨ᠎ᠤ ᠬᠠᠤᠯᠢ ᠶᠣᠰᠣᠨ᠎ᠤ ᠬᠥᠭᠡᠭᠡᠴᠡᠯᠳᠦᠯ ᠱᠠᠭ᠋ᠠᠷᠳᠠᠯᠭ᠎ᠠ᠎ᠳᠤ ᠴᠠᠭ ᠲᠤᠬᠠᠢ᠎ᠳᠤ᠎ᠨᠢ ᠬᠠᠷᠢᠭᠤᠯᠲᠠ ᠥᠭᠴᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠬᠡᠷᠡᠭᠲᠡᠢ᠃
      ᠳᠥᠷᠪᠡᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
       ᠳᠥᠴᠢᠳᠦᠭᠡᠷ ᠵᠦᠢ᠍ᠯ ᠲᠣᠰ ᠨᠠᠷᠢᠨ ᠳᠦᠷᠢᠮ᠎ᠢ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
       ᠳᠥᠴᠢᠨ ᠨᠢᠭᠡᠳᠦᠭᠡᠷ ᠵᠦᠢ᠍ᠯ ᠲᠣᠰ ᠨᠠᠷᠢᠨ ᠳᠦᠷᠢᠮ᠎ᠢ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
       ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
      2023 ᠣᠨ᠎ᠤ 1 ᠳ᠋ᠦ᠍ᠭᠡᠷ ᠰᠠᠷ᠎ᠠ ᠵᠢᠨ 17᠎ᠤ ᠡᠳᠦᠷ ᠳᠠᠷᠤᠮᠠᠯᠯᠠᠨ ᠲᠠᠷᠬᠠᠭ᠋ᠠᠪᠠ
    
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ