ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 6 ᠳ᠋ᠤᠭ᠋ᠠᠷ ᠲᠣᠭ᠋ᠠᠲᠤ
ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠶᠡᠷᠦᠩᠬᠡᠢ ᠱᠦᠵᠢ ᠰᠢ ᠵᠢᠨ ᠫᠢᠩ᠎ᠤᠨ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠲᠤᠬᠠᠢ ᠰᠢᠷᠢᠰ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ᠎ᠤᠨ ᠤᠯᠠᠭ᠋ᠠᠨ ᠱᠤᠭᠤᠮ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠤᠨ ᠱᠠᠭ᠋ᠠᠷᠳᠠᠯᠭ᠎ᠠ ᠵᠢ ᠴᠢᠩᠭ᠎ᠠ ᠰᠠᠬᠢᠵᠤ᠂ ᠲᠠᠷᠢᠶᠠᠯᠠᠬᠤ ᠭᠠᠵᠠᠷ᠎ᠤᠨ ᠲᠤᠭ᠎ᠠ ᠬᠡᠮᠵᠢᠶ᠎ᠡ᠂ ᠴᠢᠨᠠᠷ᠂ ᠠᠮᠢ ᠠᠬᠤᠢ 《ᠭᠤᠷᠪᠠ ᠵᠢ ᠨᠢᠭᠡ ᠴᠣᠭᠴᠠᠵᠢᠭᠤᠯᠤᠭᠰᠠᠨ》 ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠤᠯᠤᠰ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠭᠤᠯᠭ᠋ᠠᠭᠰᠠᠨ ᠲᠠᠷᠢᠶᠠᠯᠠᠬᠤ ᠭᠠᠵᠠᠷ᠎ᠤᠨ ᠪᠠᠶ᠋ᠢᠬᠤ ᠬᠡᠮᠵᠢᠶ᠎ᠡ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠶ ᠵᠢ ᠪᠠᠭ᠋ᠠᠰᠬᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠵᠤ᠂ ᠲᠠᠷᠢᠶᠠᠯᠠᠬᠤ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠵᠦ᠂ ᠬᠠᠮᠠᠭ᠋ᠠᠯᠠᠯᠲᠠ ᠨᠠᠩ ᠬᠦᠴᠦᠲᠡᠢ᠂ ᠬᠡᠷᠡᠭᠵᠢᠭᠦᠯᠦᠯᠲᠡ ᠨᠠᠩ ᠤᠷᠤᠭᠰᠢᠲᠠᠢ᠂ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠰᠢᠨ᠎ᠡ ᠪᠠᠶ᠋ᠢᠷᠢᠰᠢᠯ᠎ᠢ ᠪᠣᠶ ᠪᠣᠯᠭ᠋ᠠᠬᠤ ᠵᠢ ᠠᠬᠢᠭᠤᠯᠬᠤ ᠵᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠶ᠋ᠢᠵᠢᠭᠤᠯᠤᠨ᠎ᠠ
(ᠨᠢᠭᠡ) ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠭᠤᠣᠯ ᠴᠣᠭᠴᠠ ᠵᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠨᠡᠶ᠋ᠢᠲᠡ ᠣᠷᠣᠯᠴᠠᠭᠰᠠᠨ᠂ ᠳᠡᠭᠡᠳᠦ ᠳᠣᠣᠷᠠᠳᠤ ᠱᠠᠲᠤ ᠵᠢᠨ᠎ᠬᠢᠨ ᠬᠤᠯᠪᠤᠭ᠋ᠠᠯᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠮᠲᠤ ᠵᠢᠨ ᠬᠠᠷᠢᠭᠤᠴᠠᠯᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ᠎ᠠᠴᠠ᠎ᠨᠢ ᠴᠢᠩᠭ᠎ᠠ ᠡᠵᠡᠮᠳᠡᠬᠦ᠂ ᠶᠠᠪᠤᠴᠠ ᠵᠢ᠎ᠨᠢ ᠴᠢᠩᠭ᠎ᠠ ᠬᠠᠮᠢᠶᠠᠷᠬᠤ᠂ ᠤᠷᠰᠢᠭ᠎ᠢ᠎ᠨᠢ ᠴᠢᠩᠭ᠎ᠠ ᠰᠢᠢ᠍ᠳᠬᠡᠬᠦ ᠵᠢ ᠪᠡᠶᠡᠯᠡᠭᠦᠯᠵᠦ᠂ ᠲᠣᠰ ᠭᠠᠵᠠᠷ ᠣᠷᠣᠨ᠎ᠤ᠎ᠪᠠᠨ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠣᠯ ᠬᠠᠷᠢᠭᠤᠴᠠᠯᠭ᠋ᠠᠲᠠᠨ ᠪᠣᠯ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠨ ᠮᠠᠯᠴᠢᠨ ᠪᠠ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢᠨ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠢᠳᠡᠪᠬᠢᠵᠢᠯ᠎ᠢ᠎ᠨᠢ ᠭᠦᠢ᠍ᠴᠡᠳ ᠳᠠᠶ᠋ᠢᠴᠢᠯᠠᠵᠤ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠢ᠃ 《ᠲᠠᠷᠢᠶᠠᠨ ᠭᠠᠵᠠᠷ᠎ᠤᠨ ᠳᠠᠷᠤᠭ᠎ᠠ ᠵᠢᠨ ᠳᠦᠷᠢᠮ》᠎ᠢ ᠰᠦᠪᠡᠭᠴᠢᠯᠡᠨ ᠪᠠᠶ᠋ᠢᠭᠤᠯᠵᠤ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ ᠭᠤᠷᠪᠠᠨ ᠱᠠᠲᠤ᠎ᠪᠠᠷ ᠵᠶ᠋ᠠᠨ ᠬᠤᠯᠪᠤᠭ᠋ᠠᠯᠠᠨ ᠬᠥᠳᠡᠯᠦᠯᠴᠡᠵᠦ ᠪᠦᠬᠦᠨ᠎ᠢ ᠬᠠᠮᠤᠷᠤᠭᠤᠯᠤᠭᠰᠠᠨ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠢᠯᠠᠩᠭᠤᠶ᠎ᠠ ᠰᠤᠮᠤ ᠰᠢᠶᠠᠩ ᠪᠠᠯᠭ᠋ᠠᠰᠤ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠦᠯᠲᠡ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠵᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠦᠯᠲᠡ ᠵᠢ ᠦᠨᠡᠨ ᠬᠦ᠌ ᠴᠢᠩᠭ᠋ᠠᠳᠬᠠᠵᠤ᠂ ᠲᠠᠷᠢᠶᠠᠯᠠᠬᠤ ᠭᠠᠵᠠᠷ᠎ᠢ ᠰᠦᠢ᠍ᠳᠬᠡᠵᠦ ᠪᠠᠶ᠋ᠢᠭ᠎ᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠭᠤᠣᠯ ᠴᠣᠭᠴᠠ ᠵᠢᠨ ᠬᠠᠷᠢᠭᠤᠴᠠᠯᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ ᠵᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠪᠠᠶ᠋ᠢᠩᠭᠤ ᠬᠢᠨᠠᠯᠲᠠ ᠲᠠᠯᠪᠢᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢᠳᠤᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠢ᠃
(ᠬᠤᠶᠠᠷ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ ᠡᠭᠦᠷᠭᠡ ᠵᠢᠨ᠎ᠬᠢᠨ ᠶᠣᠰᠣᠭ᠋ᠠᠷ᠂ ᠬᠠᠮᠵᠢᠯᠴᠠᠵᠤ ᠬᠤᠷᠰᠢᠯᠴᠠᠬᠤ᠎ᠪᠠᠨ ᠴᠢᠩᠭ᠋ᠠᠳᠬᠠᠨ᠂ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠢ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠵᠢᠨ ᠬᠠᠷᠢᠭᠤᠴᠠᠯᠭ᠋ᠠᠲᠤ ᠬᠠᠷᠠᠯᠲᠠ᠎ᠪᠠᠨ ᠨᠠᠷᠢᠯᠢᠭᠵᠢᠭᠤᠯᠤᠨ ᠵᠠᠳᠠᠯᠵᠤ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠢᠯᠠᠩᠭᠤᠶ᠎ᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠢᠶᠠᠷᠤᠨ ᠬᠠᠮᠠᠭ᠋ᠠᠯᠠᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠲᠠᠷᠢᠶᠠᠯᠠᠬᠤ ᠭᠠᠵᠠᠷ᠎ᠤᠨ ᠴᠢᠨᠠᠷ᠎ᠢ ᠬᠠᠮᠠᠭ᠋ᠠᠯᠠᠬᠤ ᠪᠠ ᠰᠠᠶ᠋ᠢᠵᠢᠷᠠᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ᠎ᠢ ᠰᠡᠯᠭᠦᠵᠦ ᠳᠠᠷᠢᠬᠤ ᠵᠢᠴᠢ ᠲᠠᠷᠢᠶᠠᠯᠠᠬᠤ ᠭᠠᠵᠠᠷ᠎ᠤᠨ ᠥᠩ ᠰᠢᠮ᠎ᠡ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠂ ᠲᠠᠷᠢᠶᠠᠯᠠᠬᠤ ᠭᠠᠵᠠᠷ᠎ᠢ ᠠᠲᠠᠷᠰᠢᠭᠤᠯᠵᠤ ᠲᠠᠷᠢᠶᠠᠯᠠᠬᠤ᠎ᠪᠠᠨ ᠪᠣᠯᠢᠬᠤ ᠦᠵᠡᠭᠳᠡᠯ᠎ᠢ ᠴᠢᠩᠭ᠎ᠠ ᠰᠡᠷᠭᠡᠶ᠋ᠢᠯᠡᠨ᠂ ᠲᠠᠷᠢᠶᠠᠯᠠᠬᠤ ᠮᠠᠯᠵᠢᠬᠤ ᠣᠷᠣᠨ᠎ᠤ ᠭᠠᠵᠠᠷ ᠰᠢᠷᠣᠢ᠎ᠪᠠᠨ ᠰᠢᠯᠵᠢᠭᠦᠯᠦᠨ ᠡᠷᠭᠢᠯᠳᠦᠭᠦᠯᠬᠦ ᠵᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠤᠭᠤᠳᠴᠤ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠲᠤ ᠠᠮᠤ ᠪᠤᠳᠠᠭ᠎ᠠ ᠲᠠᠷᠢᠬᠤ ᠵᠢ ᠬᠥᠲᠥᠯᠥᠨ ᠵᠢᠯᠤᠭᠤᠳᠴᠤ᠂ ᠲᠠᠷᠢᠶᠠᠯᠠᠬᠤ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠬᠦ ᠵᠢᠨ ᠬᠠᠮᠲᠤ᠂ ᠬᠥᠳᠡᠭᠡ ᠲᠣᠰᠬᠤᠨ᠎ᠤ ᠠᠷᠠᠳ᠎ᠤᠨ ᠬᠠᠤᠯᠢ ᠪᠤᠰᠤ᠎ᠪᠠᠷ ᠭᠠᠵᠠᠷ ᠰᠢᠷᠣᠢ ᠵᠢ ᠡᠵᠡᠯᠡᠨ ᠬᠡᠷᠡᠭᠯᠡᠵᠦ ᠣᠷᠣᠨ ᠰᠠᠭᠤᠴᠠ ᠪᠠᠶ᠋ᠢᠭᠤᠯᠬᠤ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ; ᠲᠠᠷᠢᠶᠠᠯᠠᠬᠤ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠪᠠᠶ᠋ᠢᠳᠠᠯ᠎ᠳᠤ ᠨᠠᠷᠢᠨ ᠪᠠᠶ᠋ᠢᠴᠠᠭ᠋ᠠᠯᠲᠠ ᠬᠢᠬᠦ ᠵᠢ ᠢᠳᠡᠪᠬᠢᠲᠡᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠵᠠᠷᠤᠳᠠᠯ᠎ᠢ ᠪᠠᠲᠤᠯᠠᠬᠤ ᠠᠷᠭ᠎ᠠ ᠵᠠᠮ ᠵᠶ᠋ᠠᠷ ᠳᠠᠮᠵᠢᠭᠤᠯᠤᠨ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠠᠵᠢᠯ᠎ᠢ ᠳᠡᠮᠵᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠯᠤᠭ᠎ᠠ ᠬᠠᠮᠲᠤ᠎ᠪᠠᠷ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠨᠢ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ᠎ᠤᠨ ᠪᠣᠬᠢᠷᠲᠤᠯ᠎ᠤᠨ ᠡᠬᠢ ᠡᠭᠦᠰᠦᠯ᠎ᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠬᠤ ᠬᠡᠷᠡᠭᠲᠡᠢ᠃ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠲᠤᠭ᠎ᠠ ᠪᠦᠷᠢᠳᠬᠡᠯ᠎ᠤᠨ ᠠᠵᠢᠯ ᠵᠶ᠋ᠠᠨ ᠰᠠᠶ᠋ᠢᠲᠤᠷ ᠬᠢᠵᠦ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠰᠢᠯᠭ᠋ᠠᠨ ᠬᠢᠨᠠᠬᠤ᠎ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ᠎ᠨᠢ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠢ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢ ᠬᠢᠨᠠᠨ ᠪᠤᠳᠤᠬᠤ ᠠᠭᠤᠯᠭ᠎ᠠ᠎ᠳᠤ ᠣᠷᠣᠭᠤᠯᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠤᠰᠤᠨ ᠠᠰᠢᠭᠯᠠᠯᠲᠠ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠨᠢ ᠲᠥᠯᠦᠪᠵᠢᠭᠦᠯᠭᠡ ᠨᠠᠶ᠋ᠢᠷᠠᠭᠤᠯᠤᠨ ᠵᠣᠬᠢᠶᠠᠬᠤ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶ᠋ᠢᠭᠤᠯᠬᠤ ᠠᠵᠢᠯ᠎ᠳᠤ᠎ᠪᠠᠨ ᠲᠠᠷᠢᠶᠠᠯᠠᠬᠤ ᠭᠠᠵᠠᠷ᠎ᠤᠨ ᠤᠯᠠᠭ᠋ᠠᠨ ᠱᠤᠭᠤᠮ᠎ᠤᠨ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠬᠥᠭᠵᠢᠯᠲᠡ ᠵᠢ ᠪᠠᠲᠤᠯᠠᠬᠤ ᠵᠢᠨ ᠬᠤᠭᠤᠷᠣᠨᠳᠣᠬᠢ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠬᠦᠴᠦᠲᠡᠢ ᠬᠠᠮᠠᠭ᠋ᠠᠯᠠᠬᠤ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ᠎ᠲᠠᠢ᠎ᠪᠠᠷ ᠨᠡᠭᠡᠭᠡᠨ ᠬᠥᠭᠵᠢᠭᠦᠯᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃
(ᠭᠤᠷᠪᠠ) ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ ᠵᠢ ᠰᠢᠯᠭ᠋ᠠᠨ ᠬᠢᠨᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ ᠵᠢᠨ ᠰᠢᠯᠭ᠋ᠠᠨ ᠬᠢᠨᠠᠬᠤ ᠳᠦᠷᠢᠮ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠤᠯ ᠲᠠᠷᠢᠶᠠᠯᠠᠬᠤ ᠭᠠᠵᠠᠷ᠎ᠤᠨ ᠪᠠᠶ᠋ᠢᠬᠤ ᠬᠡᠮᠵᠢᠶ᠎ᠡ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠶ ᠵᠢᠨ ᠰᠢᠯᠭ᠋ᠠᠨ ᠬᠢᠨᠠᠯᠲᠠ ᠪᠠᠶ᠋ᠢᠭᠰᠠᠨ᠎ᠠᠴᠠ᠎ᠪᠠᠨ ᠲᠠᠷᠢᠶᠠᠯᠠᠬᠤ ᠭᠠᠵᠠᠷ᠎ᠤᠨ ᠲᠤᠭ᠎ᠠ ᠬᠡᠮᠵᠢᠶ᠎ᠡ᠂ ᠴᠢᠨᠠᠷ᠂ ᠠᠮᠢ ᠠᠬᠤᠢ 《ᠭᠤᠷᠪᠠ ᠵᠢ ᠨᠢᠭᠡ ᠴᠣᠭᠴᠠᠵᠢᠭᠤᠯᠤᠭᠰᠠᠨ》 ᠰᠢᠯᠭ᠋ᠠᠨ ᠬᠢᠨᠠᠯᠲᠠ ᠲᠡᠶ᠋ᠢᠰᠢ ᠬᠤᠪᠢᠷᠠᠭᠤᠯᠬᠤ ᠬᠡᠷᠡᠭᠲᠡᠢ᠃ ᠲᠠᠷᠢᠶᠠᠯᠠᠬᠤ ᠭᠠᠵᠠᠷ᠎ᠤᠨ ᠪᠠᠶ᠋ᠢᠬᠤ ᠬᠡᠮᠵᠢᠶ᠎ᠡ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠶ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ᠎ᠤᠨ ᠴᠢᠨᠠᠷ ᠪᠠ ᠠᠮᠢ ᠠᠬᠤᠢ ᠵᠢᠨ ᠬᠦᠴᠦᠨ ᠵᠦᠢ᠍ᠯ᠎ᠢ ᠰᠢᠯᠭ᠋ᠠᠨ ᠬᠢᠨᠠᠬᠤ᠎ᠳᠠᠬᠢ ᠡᠵᠡᠯᠡᠬᠦ ᠬᠤᠪᠢᠳᠠᠯ᠎ᠢ ᠨᠡᠮᠡᠭᠳᠡᠭᠦᠯᠦᠨ᠎ᠡ᠃ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠡᠭᠦᠷᠭᠡ ᠬᠦᠨᠳᠦ᠂ ᠬᠠᠮᠠᠭ᠋ᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ᠎ᠪᠠᠷ ᠲᠣᠪᠣᠶ᠋ᠢᠮ᠎ᠠ ᠠᠶ᠋ᠢᠮᠠᠭ ᠬᠤᠲᠠ ᠵᠢ ᠰᠠᠶ᠋ᠢᠰᠢᠶᠠᠨ᠎ᠠ; ᠲᠤᠰᠢᠶᠠᠯ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠭᠰᠡᠨ ᠦᠭᠡᠢ᠂ ᠴᠢᠩᠭ᠎ᠠ ᠬᠢᠨᠠᠨ ᠬᠠᠮᠢᠶᠠᠷᠤᠭᠰᠠᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ᠎ᠳᠤ᠎ᠪᠠᠨ ᠣᠰᠣᠯᠳᠠᠭᠰᠠᠨ ᠪᠣᠯ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
(ᠳᠥᠷᠪᠡ) ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠲᠠᠯ᠎ᠠ᠎ᠪᠠᠷ᠎ᠬᠢ ᠢᠯᠡᠷᠡᠭᠦᠯᠵᠦ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠪᠥᠬᠦ ᠶᠠᠪᠤᠴᠠ᠎ᠳᠤ᠎ᠨᠢ ᠬᠢᠨᠠᠨ ᠬᠠᠮᠢᠶᠠᠷᠬᠤ᠂ ᠴᠠᠭ ᠲᠤᠬᠠᠢᠳᠤᠨᠢ ᠢᠯᠡᠷᠡᠭᠦᠯᠬᠦ᠂ ᠲᠦᠷᠭᠡᠨ ᠰᠢᠢ᠍ᠳᠪᠦᠷᠢᠯᠡᠬᠦ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠭᠠᠵᠠᠷ ᠰᠢᠷᠣᠢ ᠵᠢᠨ ᠳᠠᠭ᠋ᠠᠭᠤᠯᠢ ᠣᠳᠣᠨ᠎ᠤ ᠵᠢᠷᠤᠭ ᠳᠦᠷᠰᠦ᠎ᠪᠠᠷ ᠬᠠᠤᠯᠢ ᠬᠡᠷᠡᠭᠵᠢᠭᠦᠯᠬᠦ ᠠᠵᠢᠯ᠎ᠲᠠᠢ ᠤᠶᠠᠯᠳᠤᠭᠤᠯᠤᠨ᠂ ᠪᠥᠬᠦ ᠣᠷᠣᠨ᠎ᠤ ᠲᠠᠷᠢᠶᠠᠯᠠᠬᠤ ᠭᠠᠵᠠᠷ᠎ᠲᠤ ᠰᠠᠷ᠎ᠠ ᠪᠦᠷᠢ ᠨᠢᠭᠡ ᠤᠳᠠᠭ᠎ᠠ ᠪᠦᠬᠦᠨ᠎ᠢ ᠬᠠᠮᠤᠷᠤᠭᠤᠯᠤᠭᠰᠠᠨ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠵᠶ᠋ᠠᠷ ᠲᠣᠭᠤᠷᠢᠨ ᠪᠠᠶ᠋ᠢᠴᠠᠭ᠋ᠠᠬᠤ ᠵᠢᠨ ᠬᠠᠮᠲᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠎ᠪᠠᠷ ᠲᠣᠭᠤᠷᠢᠨ ᠪᠠᠶ᠋ᠢᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠤᠨ ᠨᠠᠷᠢᠨ ᠬᠠᠭᠤᠳᠠᠰᠤ ᠵᠢ 5 ᠡᠳᠦᠷ᠎ᠤᠨ ᠳᠣᠲᠣᠷ᠎ᠠ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠪᠠᠭᠤᠯᠭ᠋ᠠᠬᠤ ᠬᠡᠷᠡᠭᠲᠡᠢ; ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠠᠰᠠᠭᠤᠳᠠᠯ᠎ᠤᠨ ᠨᠠᠷᠢᠨ ᠬᠠᠭᠤᠳᠠᠰᠤ ᠵᠢ ᠬᠦᠯᠢᠶᠡᠨ ᠠᠪᠤᠭᠰᠠᠨ 5 ᠡᠳᠦᠷ᠎ᠤᠨ ᠳᠣᠲᠣᠷ᠎ᠠ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠪᠠᠭᠤᠯᠭ᠋ᠠᠨ᠎ᠠ; ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠬᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠲᠤᠬᠠᠢ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠯᠭ᠋ᠠᠵᠤ᠂ ᠬᠠᠤᠯᠢ᠎ᠠᠴᠠ ᠵᠥᠷᠢᠴᠡᠭᠰᠡᠨ᠎ᠢ᠎ᠨᠢ ᠨᠤᠲᠠᠯᠠᠭᠰᠠᠨ ᠪᠣᠯ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠲᠣᠭᠲᠠᠭ᠋ᠠᠭᠰᠠᠨ ᠴᠠᠭ ᠬᠢᠵᠠᠭ᠋ᠠᠷ᠎ᠤᠨ ᠶᠣᠰᠣᠭ᠋ᠠᠷ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠱᠠᠲᠤ ᠳᠠᠷᠠᠭ᠋ᠠᠯᠠᠨ ᠮᠡᠳᠡᠭᠦᠯᠬᠦ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠠᠰᠠᠭᠤᠳᠠᠯ᠎ᠤᠨ ᠨᠠᠷᠢᠨ ᠬᠠᠭᠤᠳᠠᠰᠤ ᠵᠢ ᠪᠠᠭᠤᠯᠭ᠋ᠠᠭᠰᠠᠨ ᠠᠬᠢᠴᠠ᠂ ᠬᠤᠰᠢᠭᠤ ᠰᠢᠶᠠᠨ (ᠬᠤᠲᠠ᠂ ᠲᠣᠭᠤᠷᠢᠭ) ᠪᠣᠯᠣᠨ ᠰᠤᠮᠤ ᠰᠢᠶᠠᠩ ᠪᠠᠯᠭ᠋ᠠᠰᠤ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠵᠢ ᠰᠢᠮᠳᠠᠭᠤᠯᠤᠨ ᠪᠠᠶ᠋ᠢᠴᠠᠭ᠋ᠠᠵᠤ᠂ ᠴᠠᠭ ᠲᠤᠬᠠᠢᠳᠤᠨᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠭᠰᠡᠨ ᠦᠭᠡᠢ ᠪᠠᠶ᠋ᠢᠬᠤ ᠵᠢ ᠣᠯᠵᠤ ᠮᠡᠳᠡᠪᠡᠯ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠴᠠᠭ ᠲᠤᠬᠠᠢᠳᠤᠨᠢ ᠮᠡᠳᠡᠭᠦᠯᠬᠦ ᠵᠢᠨ ᠬᠠᠮᠲᠤ᠂ ᠳᠡᠭᠡᠳᠦ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠮᠡᠳᠡᠭᠦᠯᠬᠦ ᠬᠡᠷᠡᠭᠲᠡᠢ᠃
(ᠲᠠᠪᠤ) ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠬᠤ ᠪᠠᠶ᠋ᠢᠭᠤᠯᠤᠮᠵᠢ ᠪᠣᠯ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠣᠯ ᠴᠣᠭᠴᠠ ᠪᠣᠯᠣᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠬᠡᠷᠡᠭᠵᠢᠭᠦᠯᠬᠦ ᠬᠦᠴᠦᠨ ᠵᠶ᠋ᠠᠨ ᠦᠨᠡᠨ ᠬᠦ᠌ ᠴᠢᠩᠭ᠋ᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭ᠋ᠠᠰᠤ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠢᠨᠠᠨ ᠰᠡᠷᠭᠡᠶ᠋ᠢᠯᠡᠬᠦ ᠠᠵᠢᠯ᠎ᠢ ᠤᠷᠢᠳ ᠵᠶ᠋ᠠᠷ ᠬᠢᠬᠦ᠂ ᠭᠤᠣᠯᠳᠠᠯᠭ᠎ᠠ᠎ᠪᠠᠨ ᠦᠨᠳᠦᠰᠦᠨ ᠱᠠᠲᠤᠨ᠎ᠳᠤ ᠰᠢᠯᠵᠢᠭᠦᠯᠬᠦ ᠵᠢ ᠠᠬᠢᠭᠤᠯᠵᠤ᠂ ᠲᠠᠷᠢᠶᠠᠯᠠᠬᠤ ᠭᠠᠵᠠᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠬᠦ ᠵᠢᠨ ᠬᠠᠮᠲᠤ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠰᠢᠮᠳᠠᠭᠤᠯᠤᠨ ᠪᠠᠶ᠋ᠢᠴᠠᠭ᠋ᠠᠬᠤ ᠪᠠᠶ᠋ᠢᠭᠤᠯᠤᠮᠵᠢ᠎ᠨᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠵᠤ᠂ ᠴᠢᠬᠤᠯᠠ ᠶᠡᠭᠡ ᠨᠡᠶ᠋ᠢᠲᠡᠯᠢᠭ ᠬᠡᠷᠡᠭ᠎ᠢ ᠢᠯᠡ᠎ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷᠡᠯᠡᠨ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠢᠯ ᠪᠦᠷᠢ ᠬᠠᠤᠯᠢ᠎ᠠᠴᠠ ᠵᠥᠷᠢᠴᠡᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ ᠲᠠᠯᠠᠪᠠᠶ ᠵᠢᠨ ᠬᠠᠷᠢᠴᠠᠯ ᠵᠶ᠋ᠠᠷ ᠥᠨᠳᠥᠷ᠂ ᠲᠠᠷᠢᠶᠠᠯᠠᠬᠤ᠎ᠪᠠᠨ ᠪᠣᠯᠢᠵᠤ ᠠᠲᠠᠷᠰᠢᠭᠤᠯᠤᠭᠰᠠᠨ ᠵᠶ᠋ᠠᠷ ᠬᠦᠨᠳᠦ ᠨᠣᠴᠢᠲᠠᠢ ᠡᠳᠦᠢ ᠲᠡᠳᠦᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠢ ᠰᠣᠩᠭᠤᠵᠤ ᠰᠢᠮᠳᠠᠭᠤᠯᠤᠨ ᠪᠠᠶ᠋ᠢᠴᠠᠭ᠋ᠠᠭᠰᠠᠨ ᠰᠠᠨᠠᠯ᠎ᠤᠨ ᠪᠢᠴᠢᠭ ᠪᠠᠭᠤᠯᠭ᠋ᠠᠵᠤ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ᠂ ᠦᠶᠯᠡ ᠪᠠᠶ᠋ᠢᠳᠠᠯ᠎ᠨᠢ ᠬᠦᠨᠳᠦ ᠨᠣᠴᠢᠲᠠᠢ ᠪᠣᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢ᠍ᠳᠪᠦᠷᠢᠯᠡᠯᠲᠡ ᠥᠭᠬᠦ᠎ᠪᠠᠷ ᠳᠤᠷᠠᠳᠤᠨ ᠳᠡᠪᠰᠢᠭᠦᠯᠦᠨ᠎ᠡ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠬᠤ ᠪᠠᠶ᠋ᠢᠭᠤᠯᠤᠮᠵᠢ᠎ᠨᠢ ᠲᠠᠷᠢᠶᠠᠯᠠᠬᠤ ᠭᠠᠵᠠᠷ᠎ᠢ ᠰᠦᠢ᠍ᠳᠬᠡᠵᠦ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶ᠋ᠢᠳᠠᠯ᠎ᠢ ᠪᠣᠶ ᠪᠣᠯᠭ᠋ᠠᠬᠤ ᠬᠡᠷᠡᠭᠲᠡᠢ᠃
ᠬᠤᠶᠠᠷ᠂ ᠲᠠᠷᠢᠶᠠᠯᠠᠬᠤ ᠭᠠᠵᠠᠷ᠎ᠤᠨ ᠲᠥᠯᠦᠪᠵᠢᠭᠦᠯᠭᠡ ᠪᠠ ᠬᠡᠷᠡᠭᠴᠡᠭᠡ ᠵᠢ ᠬᠠᠮᠢᠶᠠᠷᠤᠨ ᠡᠵᠡᠮᠳᠡᠬᠦ᠎ᠪᠠᠨ ᠪᠦᠬᠦ ᠲᠠᠯ᠎ᠠ᠎ᠪᠠᠷ ᠴᠢᠩᠭ᠋ᠠᠳᠬᠠᠨ᠎ᠠ
(ᠵᠢᠷᠭᠤᠭ᠎ᠠ) ᠲᠠᠷᠢᠶᠠᠯᠠᠬᠤ ᠭᠠᠵᠠᠷ᠎ᠤᠨ ᠲᠥᠯᠦᠪᠵᠢᠭᠦᠯᠭᠡ ᠵᠢ ᠬᠠᠮᠢᠶᠠᠷᠤᠨ ᠡᠵᠡᠮᠳᠡᠬᠦ᠎ᠪᠠᠨ ᠪᠥᠬᠦ ᠲᠠᠯ᠎ᠠ᠎ᠪᠠᠷ ᠴᠢᠩᠭ᠋ᠠᠳᠬᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠬᠤᠲᠠ ᠪᠠᠯᠭ᠋ᠠᠰᠤ᠂ ᠲᠠᠷᠢᠶᠠᠯᠠᠩ᠂ ᠠᠮᠢ ᠠᠬᠤᠢ ᠭᠤᠷᠪᠠᠨ ᠲᠦᠷᠦᠯ᠎ᠤᠨ ᠣᠷᠣᠨ ᠵᠠᠢ ᠵᠢ ᠵᠦᠢ ᠵᠣᠬᠢᠰᠲᠠᠢ ᠬᠤᠪᠢᠶᠠᠷᠢᠯᠠᠨ ᠲᠣᠭᠲᠠᠭ᠋ᠠᠵᠤ᠂ ᠭᠠᠵᠠᠷ ᠰᠢᠷᠣᠢ ᠵᠢᠨ ᠬᠡᠷᠡᠭᠴᠡᠭᠡ ᠵᠢ ᠵᠠᠬᠢᠷᠤᠨ ᠬᠠᠮᠢᠶᠠᠷᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠯᠡᠭᠡ ᠵᠢᠨ ᠲᠣᠬᠢᠷᠠᠭᠤᠯᠤᠯᠲᠠ ᠵᠢ ᠭᠠᠵᠠᠷ ᠰᠢᠷᠣᠢ ᠵᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ᠂ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠴᠢᠳᠠᠪᠤᠷᠢ᠎ᠯᠤᠭ᠎ᠠ ᠬᠤᠯᠪᠣᠭᠳᠠᠭᠤᠯᠬᠤ ᠪᠣᠳᠣᠯᠭ᠎ᠠ ᠵᠢ ᠬᠡᠷᠡᠭᠵᠢᠭᠦᠯᠵᠦ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠦᠯᠡᠳᠡᠭᠡᠯ ᠬᠡᠪᠴᠢᠶ᠎ᠡ᠎ᠨᠢ ᠨᠡᠯᠢᠶᠡᠳ ᠶᠡᠭᠡ᠂ ᠠᠰᠢᠭᠯᠠᠯᠲᠠ ᠪᠦᠳᠦᠭᠦᠯᠢᠭ᠂ ᠲᠠᠷᠢᠶᠠᠯᠠᠬᠤ ᠭᠠᠵᠠᠷ᠎ᠤᠨ ᠨᠥᠭᠡᠴᠡ ᠡᠬᠢ ᠪᠠᠶᠠᠯᠢᠭ ᠬᠦᠷᠦᠯᠴᠡᠬᠦ ᠦᠭᠡᠢ ᠭᠠᠵᠠᠷ ᠣᠷᠣᠨ᠎ᠳᠤ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠯᠡᠭᠡ ᠵᠢ ᠵᠦᠢ ᠵᠣᠬᠢᠰᠲᠠᠢ ᠲᠣᠬᠢᠷᠠᠭᠤᠯᠤᠨ ᠬᠠᠰᠤᠵᠤ᠂ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠲᠠᠷᠢᠶᠠᠯᠠᠬᠤ ᠭᠠᠵᠠᠷ᠎ᠢ ᠠᠯᠢ ᠴᠢᠳᠠᠬᠤ᠎ᠪᠠᠷ ᠡᠵᠡᠯᠡᠭᠦᠯᠬᠦ ᠦᠭᠡᠢ ᠪᠤᠶᠤ ᠳᠤᠲᠠᠭᠤ ᠡᠵᠡᠯᠡᠭᠦᠯᠦᠨ᠎ᠡ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠬᠦ ᠲᠠᠯ᠎ᠠ ᠵᠢᠨ ᠨᠤᠲᠠᠯᠠᠯᠲᠠ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠡᠵᠡᠯᠡᠨ ᠬᠡᠷᠡᠭᠯᠡᠬᠦ ᠲᠠᠷᠢᠶᠠᠯᠠᠬᠤ ᠭᠠᠵᠠᠷ᠎ᠤᠨ ᠬᠡᠪᠴᠢᠶ᠎ᠡ ᠵᠢ ᠴᠢᠩᠭ᠎ᠠ ᠬᠠᠷᠭᠤᠭᠤᠯᠤᠨ ᠲᠣᠭᠲᠠᠭ᠋ᠠᠵᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠠᠴᠠ ᠵᠥᠷᠢᠴᠡᠨ ᠳᠤᠷ᠎ᠠ᠎ᠪᠠᠷ ᠵᠶ᠋ᠠᠨ ᠭᠠᠵᠠᠷ ᠰᠣᠩᠭᠤᠵᠤ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠬᠦ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠨ᠎ᠠ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠱᠠᠭ᠋ᠠᠷᠳᠠᠯᠭ᠎ᠠ ᠶᠣᠰᠣᠭ᠋ᠠᠷ ᠥᠷᠨᠢᠭᠦᠯᠵᠦ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ ᠵᠢᠨ ᠣᠨᠣᠪᠴᠢᠲᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠤᠯᠠᠮ ᠨᠢᠭᠡ ᠠᠯᠬᠤᠮ ᠨᠡᠮᠡᠭᠳᠡᠭᠦᠯᠦᠨ᠂ ᠲᠠᠷᠢᠶᠠᠯᠠᠬᠤ ᠭᠠᠵᠠᠷ ᠢᠯᠠᠩᠭᠤᠶ᠎ᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠪᠠᠶ᠋ᠢᠷᠢᠰᠢᠭᠤᠯᠤᠯᠲᠠ ᠵᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃
(ᠳᠣᠯᠤᠭ᠎ᠠ) ᠲᠠᠷᠢᠶᠠᠯᠠᠬᠤ ᠭᠠᠵᠠᠷ᠎ᠤᠨ ᠬᠡᠷᠡᠭᠴᠡᠭᠡ ᠵᠢ ᠵᠠᠬᠢᠷᠤᠨ ᠬᠠᠮᠢᠶᠠᠷᠬᠤ᠎ᠪᠠᠨ ᠪᠥᠬᠦ ᠲᠠᠯ᠎ᠠ᠎ᠪᠠᠷ ᠴᠢᠩᠭ᠋ᠠᠳᠬᠠᠨ᠎ᠠ᠃ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠤᠷᠢᠭᠯᠠᠬᠤ ᠲᠤᠬᠠᠢ ᠲᠥᠪ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠵᠢᠷᠭᠤᠭ᠋ᠠᠨ ᠴᠢᠩᠭ᠎ᠠ ᠴᠠᠭ᠋ᠠᠵᠠᠯᠠᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠬᠦ ᠬᠡᠷᠡᠭᠲᠡᠢ᠃ ᠲᠠᠷᠢᠶᠠᠯᠠᠬᠤ ᠭᠠᠵᠠᠷ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠵᠠᠬᠢᠷᠤᠨ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠤᠷᠢᠭᠯᠠᠨ ᠵᠣᠭᠰᠣᠭ᠋ᠠᠵᠤ᠂ ᠲᠠᠷᠢᠶᠠᠯᠠᠬᠤ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠨ ᠬᠤᠷᠢᠭᠯᠠᠨ᠎ᠠ᠃ ᠲᠠᠷᠢᠶᠠᠯᠠᠬᠤ ᠭᠠᠵᠠᠷ᠎ᠢ ᠠᠰᠢᠭᠯᠠᠬᠤ ᠲᠡᠷᠢᠭᠦᠨ᠎ᠤ ᠲᠡᠰ ᠳᠠᠷᠠᠭ᠋ᠠᠯᠠᠯ᠎ᠢ ᠲᠣᠳᠣᠷᠬᠠᠶ᠋ᠢᠯᠠᠵᠤ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠠᠮᠤ ᠪᠤᠳᠠᠭ᠎ᠠ ᠢᠯᠠᠩᠭᠤᠶ᠎ᠠ ᠬᠦᠨᠡᠰᠦᠨ ᠠᠮᠤ ᠵᠢᠨ ᠦᠢ᠍ᠯᠡᠳᠪᠦᠷᠢᠯᠡᠯ᠎ᠳᠤ ᠭᠤᠣᠯᠳᠠᠯᠭ᠎ᠠ᠎ᠲᠠᠢ ᠬᠡᠷᠡᠭᠯᠡᠵᠦ᠂ ᠡᠩ᠎ᠤᠨ ᠲᠠᠷᠢᠶᠠᠯᠠᠬᠤ ᠭᠠᠵᠠᠷ᠎ᠢ ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭ᠋ᠠᠨ᠎ᠤ ᠦᠢ᠍ᠯᠡᠳᠪᠦᠷᠢᠯᠡᠯ᠎ᠳᠤ ᠬᠡᠷᠡᠭᠯᠡᠨ᠎ᠡ᠃ ᠡᠩ᠎ᠤᠨ ᠲᠠᠷᠢᠶᠠᠯᠠᠬᠤ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠪᠤᠰᠤᠳ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠠᠮᠢᠶᠠᠷᠤᠨ ᠡᠵᠡᠮᠳᠡᠨ᠎ᠡ᠃ ᠲᠠᠷᠢᠶᠠᠯᠠᠬᠤ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠪᠤᠰᠤᠳ ᠭᠠᠵᠠᠷ ᠪᠣᠯᠭ᠋ᠠᠨ ᠬᠤᠪᠢᠷᠠᠭᠤᠯᠬᠤ ᠵᠢᠴᠢ ᠲᠠᠷᠢᠶᠠᠯᠠᠩ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠬᠤ᠎ᠳᠤ ᠣᠨ᠎ᠤ 《ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠰᠢᠭᠦᠯᠬᠦ》 ᠵᠢ ᠬᠡᠷᠡᠭᠵᠢᠭᠦᠯᠦᠨ᠎ᠡ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠭᠠᠵᠠᠷ᠎ᠤᠨ ᠣᠨ᠎ᠤ 《ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠰᠢᠭᠦᠯᠬᠦ》 ᠶᠡᠷᠦᠩᠬᠡᠢ ᠲᠥᠰᠥᠯ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠬᠤᠰᠢᠭᠤ ᠰᠢᠶᠠᠨ᠎ᠤ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠡᠯᠡ ᠮᠥᠩᠭᠦ ᠵᠢᠨ ᠳᠡᠮᠵᠢᠯᠭᠡ ᠦᠵᠡᠭᠦᠯᠬᠦ ᠬᠡᠷᠡᠭᠲᠡᠢ᠃ 《ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠰᠢᠭᠦᠯᠬᠦ》 ᠵᠢ ᠡᠩ ᠲᠡᠷᠢᠭᠦᠨ᠎ᠳᠤ ᠬᠤᠰᠢᠭᠤ ᠰᠢᠶᠠᠨ᠎ᠤ ᠬᠡᠪᠴᠢᠶᠡᠨ᠎ᠳᠤ ᠨᠠᠶ᠋ᠢᠳᠠᠪᠤᠷᠢᠵᠢᠭᠤᠯᠵᠤ᠂ ᠬᠤᠰᠢᠭᠤ ᠰᠢᠶᠠᠨ᠎ᠤ ᠬᠡᠪᠴᠢᠶᠡᠨ᠎ᠳᠤ ᠨᠠᠶ᠋ᠢᠳᠠᠪᠤᠷᠢᠵᠢᠭᠤᠯᠬᠤ ᠵᠢᠨ ᠠᠷᠭ᠎ᠠ ᠦᠭᠡᠢ ᠵᠢ᠎ᠨᠢ ᠠᠶ᠋ᠢᠮᠠᠭ ᠬᠤᠲᠠ ᠵᠢᠨ ᠬᠡᠪᠴᠢᠶᠡᠨ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ; ᠠᠶ᠋ᠢᠮᠠᠭ ᠬᠤᠲᠠ ᠵᠢᠨ ᠬᠡᠪᠴᠢᠶᠡᠨ᠎ᠳᠤ ᠮᠥᠨ ᠴᠦ᠍ ᠨᠠᠶ᠋ᠢᠳᠠᠪᠤᠷᠢᠵᠢᠭᠤᠯᠬᠤ ᠵᠢᠨ ᠠᠷᠭ᠎ᠠ ᠦᠭᠡᠢ ᠪᠣᠯ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠨᠢᠭᠡᠳᠦᠯᠲᠡᠢ ᠲᠥᠯᠥᠪᠯᠡᠨ ᠨᠠᠶ᠋ᠢᠳᠠᠪᠤᠷᠢᠵᠢᠭᠤᠯᠤᠨ᠎ᠠ᠃
(ᠨᠠᠢ᠍ᠮᠠ) ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠣᠨᠴᠠᠭ᠋ᠠᠢ ᠬᠠᠮᠠᠭ᠋ᠠᠯᠠᠯᠲᠠ ᠵᠢ ᠴᠢᠩᠭ᠋ᠠᠷᠠᠭᠤᠯᠤᠨ᠎ᠠ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠢᠶᠠᠷᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠪᠠ ᠬᠠᠮᠠᠭ᠋ᠠᠯᠠᠬᠤ ᠵᠢ ᠴᠢᠩᠳᠠᠯᠠᠨ᠎ᠠ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ᠎ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ᠎ᠪᠠᠷ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠵᠢ᠎ᠨᠢ ᠬᠤᠪᠢᠷᠠᠭᠤᠯᠵᠤ ᠪᠣᠯᠬᠤ ᠦᠭᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠣᠯᠣᠨ 《ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠳᠦᠷᠢᠮ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠤᠭᠤᠷᠬᠠᠢ ᠪᠠᠷᠢᠬᠤ᠂ ᠭᠡᠷ ᠪᠠᠷᠢᠬᠤ᠂ ᠪᠤᠯᠠᠰᠢ ᠵᠢᠨ ᠭᠠᠵᠠᠷ ᠪᠣᠯᠭ᠋ᠠᠬᠤ᠂ ᠬᠠᠶ᠋ᠢᠷ ᠮᠠᠯᠲᠠᠬᠤ᠂ ᠴᠢᠯᠠᠭᠤ ᠭᠠᠷᠭ᠋ᠠᠬᠤ᠂ ᠠᠭᠤᠷᠬᠠᠢ ᠮᠠᠯᠲᠠᠬᠤ᠂ ᠰᠢᠷᠣᠢ ᠠᠪᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠪᠣᠭ᠋ᠠᠯᠠᠬᠤ ᠪᠤᠶᠤ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠰᠦᠢ᠍ᠳᠬᠡᠬᠦ ᠪᠤᠰᠤᠳ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃
ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠣᠶ᠋ᠢᠲᠤ ᠭᠠᠵᠠᠷ᠂ ᠡᠪᠡᠰᠦᠲᠦ ᠭᠠᠵᠠᠷ᠂ ᠬᠠᠰᠢᠶ᠎ᠠ ᠵᠡᠷᠭᠡ ᠲᠠᠷᠢᠶᠠᠯᠠᠩ᠎ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠵᠤ ᠪᠣᠯᠬᠤ ᠦᠭᠡᠢ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠣᠶ ᠵᠢᠮᠢᠰ᠎ᠤᠨ ᠦᠢ᠍ᠯᠡᠰ᠎ᠢ ᠬᠥᠭᠵᠢᠭᠦᠯᠬᠦ ᠪᠠ ᠨᠠᠭᠤᠷ ᠮᠠᠯᠲᠠᠵᠤ ᠵᠢᠭ᠋ᠠᠰᠤ ᠲᠡᠵᠢᠭᠡᠬᠦ ᠵᠢ ᠴᠢᠩᠭ᠎ᠠ ᠴᠠᠭ᠋ᠠᠵᠠᠯᠠᠵᠤ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠴᠢᠬᠢ ᠮᠣᠳᠣ᠂ ᠬᠥᠷᠥᠰᠥ ᠤᠷᠭᠤᠮᠠᠯ ᠵᠡᠷᠭᠡ ᠨᠣᠭᠤᠭ᠋ᠠᠷᠠᠭᠤᠯᠵᠤ ᠴᠢᠮᠡᠭᠯᠡᠬᠦ᠎ᠳᠤ ᠬᠡᠷᠡᠭᠯᠡᠬᠦ ᠵᠢᠴᠢ ᠲᠠᠷᠢᠶᠠᠯᠠᠬᠤ ᠳᠠᠪᠬᠤᠷᠭ᠎ᠠ ᠵᠢ ᠡᠪᠳᠡᠬᠦ ᠪᠤᠰᠤᠳ ᠤᠷᠭᠤᠮᠠᠯ ᠲᠠᠷᠢᠵᠤ ᠵᠠᠶ᠋ᠢᠯᠠᠬᠤ ᠵᠢ ᠴᠢᠩᠭ᠎ᠠ ᠴᠠᠭ᠋ᠠᠵᠠᠯᠠᠵᠤ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭ᠋ᠠᠬᠤ᠂ ᠨᠣᠭᠤᠭ᠋ᠠᠷᠠᠭᠤᠯᠤᠯᠲᠠ ᠵᠢᠨ ᠪᠦᠰᠡ ᠪᠠᠶ᠋ᠢᠭᠤᠯᠬᠤ ᠵᠢ ᠴᠢᠩᠭ᠎ᠠ ᠴᠠᠭ᠋ᠠᠵᠠᠯᠠᠵᠤ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ᠂ ᠤᠰᠤᠨ ᠭᠠᠷᠤᠯᠲᠠ ᠲᠡᠵᠢᠭᠡᠨ ᠦᠷᠡᠵᠢᠭᠦᠯᠬᠦ ᠪᠡᠯᠡᠳᠬᠡᠮᠵᠢ ᠪᠠᠶ᠋ᠢᠭᠤᠯᠬᠤ ᠪᠠ ᠲᠠᠷᠢᠶᠠᠯᠠᠬᠤ ᠳᠠᠪᠬᠤᠷᠭ᠎ᠠ ᠵᠢ ᠡᠪᠳᠡᠬᠦ ᠲᠠᠷᠢᠮᠠᠯ᠎ᠤᠨ ᠦᠢ᠍ᠯᠡᠰ᠎ᠤᠨ ᠪᠡᠯᠡᠳᠬᠡᠮᠵᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠴᠠᠭ᠋ᠠᠵᠠᠯᠠᠨ᠎ᠠ᠃
ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠡᠯ᠎ᠡ ᠲᠦᠷᠦᠯ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠯ᠎ᠳᠠᠬᠢ ᠬᠢᠵᠠᠭ᠋ᠠᠷᠯᠠᠯ᠎ᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠪᠠᠶ᠋ᠢᠷᠢᠰᠢᠭᠤᠯᠬᠤᠳᠤᠪᠠᠨ ᠡᠷᠬᠡᠪᠰᠢ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠪᠠᠶ᠋ᠢᠷᠢᠰᠢᠭᠤᠯᠤᠯᠲᠠᠯᠤᠭᠠ ᠭᠦᠢ᠍ᠴᠡᠳ ᠵᠣᠯᠭ᠋ᠠᠭᠤᠯᠵᠤ᠂ ᠵᠠᠷᠴᠢᠮ ᠳᠡᠭᠡᠷ᠎ᠡ᠎ᠪᠠᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠢᠵᠠᠭ᠋ᠠᠷ᠎ᠢ ᠳᠠᠪᠠᠵᠤ ᠪᠣᠯᠬᠤ ᠦᠭᠡᠢ᠃ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ᠎ᠤᠨ ᠶᠠᠪᠤᠳᠠᠯ᠎ᠤᠨ ᠪᠡᠯᠡᠳᠬᠡᠮᠵᠢ ᠵᠡᠷᠭᠡ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠰᠣᠩᠭᠤᠬᠤ ᠭᠠᠵᠠᠷ᠎ᠢ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠵᠠᠶ᠋ᠢᠯᠠᠭᠤᠯᠬᠤ᠎ᠳᠤ ᠦᠨᠡᠬᠡᠷ ᠬᠦᠴᠢᠷᠲᠡᠢ ᠪᠠᠶ᠋ᠢᠪᠠᠯ᠂ ᠡᠷᠬᠡᠪᠰᠢ ᠪᠣᠯᠣᠮᠵᠢᠲᠤ ᠴᠢᠨᠠᠷ᠎ᠤᠨ ᠰᠤᠳᠤᠯᠤᠯ᠎ᠤᠨ ᠱᠠᠲᠤᠨ᠎ᠳᠤ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠪᠠ ᠨᠥᠬᠦᠪᠦᠷᠢᠯᠡᠨ ᠬᠤᠪᠢᠶᠠᠷᠢᠯᠠᠬᠤ ᠲᠥᠰᠥᠯ᠎ᠤᠨ ᠪᠣᠯᠣᠮᠵᠢᠲᠤ ᠴᠢᠨᠠᠷ᠎ᠲᠤ ᠴᠢᠩᠭ᠎ᠠ ᠨᠤᠲᠠᠯᠠᠯᠲᠠ ᠬᠢᠵᠦ᠂ ᠬᠠᠤᠯᠢ ᠶᠣᠰᠣᠭ᠋ᠠᠷ ᠵᠥᠪᠰᠢᠶᠡᠷᠡᠭᠦᠯᠬᠦ ᠵᠢᠨ ᠬᠠᠮᠲᠤ ᠬᠡᠷᠡᠭᠯᠡᠭᠰᠡᠨ ᠭᠠᠵᠠᠷ᠎ᠢ᠎ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠵᠢ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠤᠷᠳᠤ ᠬᠤᠭᠤᠴᠠᠭ᠎ᠠ᠎ᠪᠠᠷ ᠲᠣᠭᠲᠠᠪᠤᠷᠢᠲᠠᠢ ᠠᠰᠢᠭᠯᠠᠵᠤ ᠪᠣᠯᠬᠤ ᠲᠠᠷᠢᠶᠠᠯᠠᠬᠤ ᠭᠠᠵᠠᠷ᠎ᠲᠤ ᠨᠥᠬᠦᠪᠦᠷᠢᠯᠡᠨ ᠬᠤᠪᠢᠶᠠᠷᠢᠯᠠᠬᠤ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢ ᠳᠤᠷ᠎ᠠ᠎ᠪᠠᠷ ᠲᠣᠬᠢᠷᠠᠭᠤᠯᠬᠤ᠎ᠪᠠᠷ ᠳᠠᠮᠵᠢᠭᠤᠯᠤᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠪᠠᠨ ᠬᠢᠨᠠᠨ ᠵᠥᠪᠰᠢᠶᠡᠷᠡᠭᠦᠯᠬᠦ᠎ᠠᠴᠠ ᠵᠠᠶ᠋ᠢᠯᠠᠬᠤ ᠵᠢ ᠴᠢᠩᠭ᠎ᠠ ᠴᠠᠭ᠋ᠠᠵᠠᠯᠠᠨ᠎ᠠ᠃
ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠰᠤᠯᠠ ᠪᠠᠶ᠋ᠢᠯᠭ᠋ᠠᠬᠤ᠂ ᠠᠲᠠᠷᠰᠢᠭᠤᠯᠬᠤ ᠵᠢ ᠴᠠᠭ᠋ᠠᠵᠠᠯᠠᠨ᠎ᠠ᠃ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ᠎ᠳᠤ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠵᠠᠶ᠋ᠢᠯᠠᠭᠤᠯᠬᠤ ᠬᠡᠷᠡᠭᠲᠡᠢ᠃
(ᠶᠢᠰᠦ) ᠲᠠᠷᠢᠶᠠᠴᠢᠳ ᠮᠠᠯᠴᠢᠳ᠎ᠤᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠵᠦ ᠭᠡᠷ ᠪᠠᠷᠢᠬᠤ᠎ᠳᠠᠬᠢ ᠬᠠᠮᠢᠶᠠᠷᠤᠯᠲᠠ ᠵᠢ ᠴᠢᠩᠳᠠᠯᠠᠨ᠎ᠠ᠃ ᠠᠶ᠋ᠢᠯ ᠲᠣᠰᠬᠤᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠢᠳᠡᠪᠬᠢᠲᠡᠢ ᠡᠮᠬᠢ ᠵᠢᠷᠤᠮ᠎ᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠴᠡᠭ᠎ᠲᠤ ᠬᠡᠷᠡᠭᠯᠡᠬᠦ ᠭᠠᠵᠠᠷ᠎ᠤᠨ ᠪᠠᠶ᠋ᠢᠷᠢᠰᠢᠭᠤᠯᠤᠯᠲᠠ ᠪᠣᠯᠣᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠲᠠᠷᠢᠶᠠᠴᠢᠳ ᠮᠠᠯᠴᠢᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠲᠥᠪᠯᠡᠷᠡᠭᠦᠯᠦᠨ ᠭᠡᠷ ᠪᠠᠷᠢᠬᠤ ᠪᠤᠶᠤ ᠪᠠᠭᠤᠷᠢ ᠳᠡᠭᠡᠷ᠎ᠡ᠎ᠨᠢ ᠳᠠᠬᠢᠨ ᠪᠠᠷᠢᠭᠤᠯᠵᠤ᠂ ᠠᠶ᠋ᠢᠯ ᠲᠣᠰᠬᠤᠨ᠎ᠤ ᠳᠣᠲᠣᠭ᠋ᠠᠳᠤ᠎ᠳᠠᠬᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭ᠋ᠠᠳᠤᠢ ᠭᠠᠵᠠᠷ᠎ᠢ ᠭᠦᠢ᠍ᠴᠡᠳ ᠠᠰᠢᠭᠯᠠᠨ᠂ ᠲᠠᠷᠢᠶᠠᠯᠠᠬᠤ ᠭᠠᠵᠠᠷ᠎ᠢ ᠠᠯᠢ ᠴᠢᠳᠠᠬᠤ᠎ᠪᠠᠷ ᠡᠵᠡᠯᠡᠭᠦᠯᠬᠦ ᠦᠭᠡᠢ ᠪᠤᠶᠤ ᠪᠠᠭ᠎ᠠ ᠡᠵᠡᠯᠡᠭᠦᠯᠦᠨ᠎ᠡ᠃ ᠲᠠᠷᠢᠶᠠᠴᠢᠳ ᠮᠠᠯᠴᠢᠳ ᠭᠡᠷ ᠪᠠᠷᠢᠬᠤ᠎ᠳᠤ᠎ᠪᠠᠨ ᠵᠥᠪᠰᠢᠶᠡᠷᠡᠯ ᠵᠶ᠋ᠠᠷ ᠳᠠᠮᠵᠢᠭ᠋ᠠᠳ ᠲᠠᠷᠢᠶᠠᠯᠠᠬᠤ ᠭᠠᠵᠠᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠢ ᠪᠣᠯ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠠᠷᠢᠶᠠᠯᠠᠬᠤ ᠭᠠᠵᠠᠷ᠎ᠢ ᠡᠵᠡᠯᠡᠭᠰᠡᠨᠢᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠭᠡᠷ ᠪᠠᠷᠢᠬᠤ ᠵᠢ ᠴᠢᠩᠭ᠎ᠠ ᠴᠠᠭ᠋ᠠᠵᠠᠯᠠᠵᠤ᠂ 《ᠨᠢᠭᠡ ᠡᠷᠦᠬᠡ᠎ᠳᠤ ᠨᠢᠭᠡ ᠣᠷᠣᠨ ᠰᠠᠭᠤᠴᠠ ᠵᠢᠨ ᠰᠠᠭᠤᠷᠢ ᠭᠠᠵᠠᠷ᠎ᠲᠠᠢ ᠪᠠᠶ᠋ᠢᠬᠤ》 ᠳᠦᠷᠢᠮ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠲᠠᠯᠠᠪᠠᠶ ᠵᠢᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠴᠢᠳ ᠮᠠᠯᠴᠢᠳ᠎ᠤᠨ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠲᠠᠷᠢᠶᠠᠴᠢᠳ ᠮᠠᠯᠴᠢᠳ᠎ᠤᠨ ᠭᠡᠷ ᠪᠠᠷᠢᠬᠤ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠳᠡᠭᠡᠳᠦ ᠳᠣᠣᠷᠠᠳᠤ ᠱᠠᠲᠤ ᠵᠢᠨ᠎ᠬᠢᠨ ᠬᠤᠯᠪᠤᠭ᠋ᠠᠯᠠᠨ ᠬᠥᠳᠡᠯᠦᠯᠴᠡᠭᠰᠡᠨ᠂ ᠬᠠᠮᠵᠢᠯᠴᠠᠨ ᠬᠠᠪᠰᠤᠷᠤᠯᠴᠠᠭᠰᠠᠨ᠂ ᠴᠤᠭᠭ᠋ᠠᠷ ᠠᠳᠬᠤᠵᠤ ᠬᠠᠮᠲᠤᠳᠤᠨᠢ ᠬᠠᠮᠢᠶᠠᠷᠤᠭᠰᠠᠨ ᠲᠠᠷᠢᠶᠠᠴᠢᠳ ᠮᠠᠯᠴᠢᠳ᠎ᠤᠨ ᠭᠡᠷ ᠪᠠᠷᠢᠬᠤ ᠵᠢ ᠬᠠᠮᠢᠶᠠᠷᠤᠨ ᠡᠵᠡᠮᠳᠡᠬᠦ ᠪᠠᠶ᠋ᠢᠷᠢᠰᠢᠯ᠎ᠢ ᠪᠣᠶ ᠪᠣᠯᠭ᠋ᠠᠨ᠎ᠠ᠃
(ᠠᠷᠪᠠ) ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦ᠎ᠳᠤ᠎ᠪᠠᠨ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠴᠢᠩᠭ᠎ᠠ ᠰᠡᠷᠭᠡᠶ᠋ᠢᠯᠡᠨ᠎ᠡ᠃ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠬᠦ᠎ᠳᠤ᠎ᠪᠠᠨ ᠡᠷᠬᠡᠪᠰᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠂ ᠬᠡᠷᠡᠭᠴᠡᠭᠡ ᠵᠢ ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠳᠤ ᠨᠡᠶ᠋ᠢᠴᠡᠭᠰᠡᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠢ᠃ ᠲᠠᠷᠢᠶᠠᠯᠠᠩ᠎ᠤᠨ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠵᠢ ᠪᠠᠷᠢᠮᠲᠠᠯᠠᠵᠤ᠂ ᠲᠠᠷᠢᠶᠠᠯᠠᠩ᠎ᠤᠨ ᠭᠠᠵᠠᠷ᠎ᠢ ᠰᠢᠯᠵᠢᠭᠦᠯᠦᠨ ᠡᠷᠭᠢᠯᠳᠦᠭᠦᠯᠬᠦ ᠨᠡᠷ᠎ᠡ᠎ᠪᠠᠷ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠬᠢᠵᠦ ᠪᠣᠯᠬᠤ ᠦᠭᠡᠢ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠎ᠳᠤ᠎ᠪᠠᠨ ᠲᠠᠷᠢᠶᠠᠯᠠᠬᠤ ᠭᠠᠵᠠᠷ᠎ᠤᠨ ᠬᠡᠷᠡᠭᠴᠡᠭᠡ ᠵᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠳᠠᠪᠬᠤᠷᠭ᠎ᠠ ᠵᠢ ᠡᠪᠳᠡᠵᠦ ᠪᠣᠯᠬᠤ ᠦᠭᠡᠢ᠂ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠣᠯᠣᠨ ᠭᠠᠵᠠᠷ ᠰᠢᠷᠣᠢ ᠡᠵᠡᠩᠨᠡᠬᠦ ᠡᠷᠬᠡᠲᠦ ᠬᠥᠮᠥᠨ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠪᠠ ᠵᠦᠢ ᠵᠣᠬᠢᠰᠲᠠᠢ ᠠᠰᠢᠭᠯᠠᠬᠤ ᠡᠭᠦᠷᠭᠡ᠎ᠪᠠᠨ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠢ᠂ ᠠᠲᠠᠷᠰᠢᠭᠤᠯᠬᠤ᠂ ᠰᠤᠯᠠ ᠲᠠᠯᠪᠢᠬᠤ᠂ ᠲᠠᠷᠢᠶᠠᠯᠠᠬᠤ ᠭᠠᠵᠠᠷ᠎ᠤᠨ ᠬᠡᠷᠡᠭᠴᠡᠭᠡ ᠵᠢ ᠬᠤᠪᠢᠷᠠᠭᠤᠯᠬᠤ ᠵᠢᠴᠢ ᠲᠠᠷᠢᠶᠠᠯᠠᠬᠤ ᠭᠠᠵᠠᠷ᠎ᠢ ᠰᠦᠢ᠍ᠳᠬᠡᠬᠦ ᠪᠤᠰᠤᠳ ᠥᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃
ᠭᠤᠷᠪᠠ᠂ ᠲᠠᠷᠢᠶᠠᠯᠠᠬᠤ ᠭᠠᠵᠠᠷ᠎ᠢ ᠡᠵᠡᠯᠡᠭᠰᠡᠨᠢᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠮᠢᠶᠠᠷᠤᠯᠲᠠ ᠵᠢ ᠴᠢᠩᠭ᠋ᠠᠳᠬᠠᠨ᠎ᠠ
(ᠠᠷᠪᠠᠨ ᠨᠢᠭᠡ) ᠲᠠᠷᠢᠶᠠᠯᠠᠬᠤ ᠭᠠᠵᠠᠷ᠎ᠢ ᠡᠵᠡᠯᠡᠭᠰᠡᠨᠢᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ᠎ᠳᠤ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ ᠪᠠᠶ᠋ᠢᠪᠠᠯ᠂ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠡᠭᠦᠷᠭᠡ᠎ᠲᠠᠢ ᠨᠢᠭᠡᠴᠢ᠎ᠨᠢ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠡᠭᠦᠷᠭᠡ᠎ᠪᠠᠨ ᠡᠷᠬᠡᠪᠰᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠂ ᠲᠤᠭ᠎ᠠ ᠬᠡᠮᠵᠢᠶ᠎ᠡ᠂ ᠴᠢᠨᠠᠷ ᠵᠶ᠋ᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ᠎ᠢ ᠥᠪᠡᠷ ᠵᠶ᠋ᠠᠨ ᠨᠥᠬᠦᠪᠦᠷᠢᠯᠡᠵᠦ ᠳᠡᠶ᠋ᠢᠯᠬᠦ ᠦᠭᠡᠢ ᠪᠠᠶ᠋ᠢᠪᠠᠯ᠂ ᠲᠠᠷᠢᠶᠠᠯᠠᠬᠤ ᠭᠠᠵᠠᠷ᠎ᠢ ᠬᠠᠭ᠋ᠠᠯᠪᠤᠷᠢᠯᠠᠬᠤ ᠰᠦᠢ᠍ᠳᠬᠡᠯ᠎ᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠬᠤ ᠬᠡᠷᠡᠭᠲᠡᠢ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠬᠦ᠎ᠳᠤ 《ᠤᠷᠢᠳ ᠵᠶ᠋ᠠᠷ ᠨᠥᠬᠦᠪᠦᠷᠢᠯᠡᠵᠦ ᠳᠠᠷᠠᠭ᠎ᠠ᠎ᠨᠢ ᠡᠵᠡᠯᠡᠬᠦ᠂ ᠨᠢᠭᠡ ᠬᠡᠰᠡᠭ᠎ᠢ ᠡᠵᠡᠯᠡᠪᠡᠯ ᠲᠡᠷᠡ ᠬᠡᠰᠡᠭ᠎ᠢ᠎ᠨᠢ ᠨᠥᠬᠦᠪᠦᠷᠢᠯᠡᠬᠦ᠂ ᠰᠠᠶ᠋ᠢᠨ ᠭᠠᠵᠠᠷ᠎ᠢ ᠡᠵᠡᠯᠡᠪᠡᠯ ᠰᠠᠶ᠋ᠢᠨ ᠭᠠᠵᠠᠷ ᠵᠶ᠋ᠠᠷ ᠨᠥᠬᠦᠪᠦᠷᠢᠯᠡᠬᠦ᠂ ᠤᠰᠤᠨ ᠲᠠᠷᠢᠶ᠎ᠠ ᠵᠢ ᠡᠵᠡᠯᠡᠪᠡᠯ ᠤᠰᠤᠨ ᠲᠠᠷᠢᠶ᠎ᠠ᠎ᠪᠠᠷ ᠨᠥᠬᠦᠪᠦᠷᠢᠯᠡᠬᠦ》 ᠡᠨᠡ ᠬᠦ᠌ ᠡᠵᠡᠯᠡᠭᠰᠡᠨ ᠭᠠᠵᠠᠷ᠎ᠢ᠎ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠱᠠᠭ᠋ᠠᠷᠳᠠᠯᠭ᠎ᠠ ᠵᠢ ᠦᠨᠡᠨ ᠬᠦ᠌ ᠭᠦᠢ᠍ᠴᠡᠳᠬᠡᠬᠦ ᠬᠡᠷᠡᠭᠲᠡᠢ᠃ ᠦᠢ᠍ᠯᠡᠳᠪᠦᠷᠢ ᠠᠭᠤᠷᠬᠠᠢ ᠵᠢᠨ ᠬᠠᠶᠠᠭᠳᠠᠭᠰᠠᠨ ᠭᠠᠵᠠᠷ ᠪᠠ ᠬᠤᠳᠠ ᠬᠥᠳᠡᠭᠡ ᠵᠢᠨ ᠨᠡᠮᠡᠭᠳᠡᠯ ᠬᠠᠰᠤᠭᠳᠠᠯᠯᠤᠭᠠ ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠤᠭ᠎ᠠ ᠵᠢ ᠬᠡᠷᠡᠭᠯᠡᠭᠰᠡᠨ ᠪᠠᠶ᠋ᠢᠪᠠᠯ᠂ ᠰᠡᠷᠭᠦᠭᠡᠨ ᠬᠠᠭ᠋ᠠᠯᠪᠤᠷᠢᠯᠠᠬᠤ ᠵᠢ ᠬᠠᠷᠢᠭᠤᠴᠠᠬᠤ ᠬᠤᠰᠢᠭᠤ ᠰᠢᠶᠠᠨ (ᠬᠤᠳᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭ᠋ᠠᠷ ᠲᠠᠷᠢᠶᠠᠯᠠᠬᠤ ᠭᠠᠵᠠᠷ᠎ᠢ ᠰᠡᠷᠭᠦᠭᠡᠨ ᠬᠠᠭ᠋ᠠᠯᠪᠤᠷᠢᠯᠠᠬᠤ ᠡᠭᠦᠷᠭᠡ᠎ᠪᠠᠨ ᠪᠡᠶᠡᠯᠡᠭᠦᠯᠵᠦ᠂ ᠬᠤᠭᠤᠴᠠᠭ᠎ᠠ ᠬᠡᠲᠦᠷᠡᠪᠡᠯ ᠲᠤᠰ ᠬᠤᠰᠢᠭᠤ ᠰᠢᠶᠠᠨ (ᠬᠤᠳᠠ᠂ ᠲᠣᠭᠤᠷᠢᠭ)᠎ᠤ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠵᠣᠬᠢᠬᠤ ᠭᠦᠢ᠍ᠴᠡᠳᠬᠡᠯ ᠲᠤᠭ᠎ᠠ ᠵᠢ ᠬᠠᠰᠤᠵᠤ᠂ ᠬᠤᠰᠢᠭᠤ ᠰᠢᠶᠠᠨ (ᠬᠤᠳᠠ᠂ ᠲᠣᠭᠤᠷᠢᠭ)᠎ᠤ ᠭᠦᠢ᠍ᠴᠡᠳᠬᠡᠯ ᠲᠤᠭ᠎ᠠ ᠵᠢᠨ ᠦᠯᠡᠳᠡᠪᠦᠷᠢ᠎ᠨᠢ ᠬᠦᠷᠦᠯᠴᠡᠬᠦ ᠦᠭᠡᠢ ᠪᠣᠯ ᠲᠡᠭᠦᠨ᠎ᠤ ᠪᠠᠶ᠋ᠢᠭ᠎ᠠ ᠠᠶ᠋ᠢᠮᠠᠭ ᠬᠤᠳᠠ᠎ᠠᠴᠠ ᠨᠥᠬᠦᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠭᠠᠵᠠᠷ ᠰᠣᠩᠭᠤᠬᠤ᠎ᠳᠤ᠎ᠪᠠᠨ ᠬᠠᠷᠢᠶ᠎ᠠ ᠣᠷᠣᠨ᠎ᠤ ᠳᠣᠲᠣᠷᠠᠬᠢ ᠨᠥᠬᠦᠪᠦᠷᠢᠯᠡᠬᠦ ᠲᠠᠷᠢᠶᠠᠯᠠᠬᠤ ᠭᠠᠵᠠᠷ᠎ᠤᠨ ᠨᠥᠭᠡᠴᠡ ᠵᠢᠨ ᠪᠠᠶ᠋ᠢᠳᠠᠯ᠎ᠢ ᠭᠦᠢ᠍ᠴᠡᠳ ᠪᠣᠳᠣᠯᠬᠢᠯᠠᠵᠤ᠂ ᠲᠠᠷᠢᠶᠠᠯᠠᠬᠤ ᠭᠠᠵᠠᠷ᠎ᠢ ᠡᠵᠡᠯᠡᠭᠰᠡᠨᠢᠨᠢ ᠨᠥᠬᠦᠪᠦᠷᠢᠯᠡᠨ ᠲᠡᠩᠴᠡᠭᠦᠷᠢᠰᠢᠭᠦᠯᠬᠦᠳᠤᠪᠠᠨ ᠬᠤᠰᠢᠭᠤ ᠰᠢᠶᠠᠨ᠎ᠤ ᠬᠡᠪᠴᠢᠶᠡᠨ᠎ᠳᠤ ᠥᠪᠡᠷ ᠵᠶ᠋ᠠᠨ ᠲᠡᠩᠴᠡᠭᠦᠷᠢᠰᠢᠭᠦᠯᠬᠦ᠎ᠪᠠᠷ ᠭᠤᠣᠯᠯᠠᠭᠤᠯᠵᠤ᠂ ᠠᠶ᠋ᠢᠮᠠᠭ ᠬᠤᠲᠠ ᠵᠢᠨ ᠬᠡᠪᠴᠢᠶᠡᠨ᠎ᠳᠤ ᠲᠣᠬᠢᠷᠠᠭᠤᠯᠬᠤ᠎ᠪᠠᠷ ᠳᠡᠳ᠋ᠯᠡᠭᠦᠯᠵᠦ᠂ ᠥᠪᠡᠷᠲᠡᠭᠡᠨ ᠵᠠᠰᠠᠬᠤ ᠣᠷᠣᠨ ᠵᠣᠬᠢᠬᠤ ᠬᠡᠮᠵᠢᠶ᠎ᠡ᠎ᠪᠠᠷ ᠨᠢᠭᠡᠳᠦᠯᠲᠡᠢ ᠲᠥᠯᠥᠪᠯᠡᠬᠦ᠎ᠪᠠᠷ ᠨᠥᠬᠦᠪᠦᠷᠢ ᠪᠣᠯᠭ᠋ᠠᠬᠤ ᠬᠡᠷᠡᠭᠲᠡᠢ᠃
(ᠠᠷᠪᠠᠨ ᠬᠤᠶᠠᠷ) ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠢᠷᠡᠯᠲᠡ ᠵᠢᠨ ᠬᠠᠮᠢᠶᠠᠷᠤᠯᠲᠠ ᠵᠢ ᠴᠢᠩᠳᠠᠯᠠᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠵᠢ ᠪᠠᠷᠢᠮᠲᠠᠯᠠᠭᠰᠠᠨ ᠤᠷᠢᠲᠠᠯ ᠳᠣᠣᠷ᠎ᠠ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠠᠵᠢᠯ᠎ᠢ ᠡᠮᠬᠢ ᠵᠢᠷᠤᠮ᠎ᠲᠠᠢ᠎ᠪᠠᠷ ᠥᠷᠨᠢᠭᠦᠯᠬᠦ ᠬᠡᠷᠡᠭᠲᠡᠢ᠃ ᠦᠷᠭᠦᠯᠵᠢᠯᠡᠭᠰᠡᠨ ᠠᠰᠢᠭᠯᠠᠭ᠋ᠠᠳᠤᠢ ᠭᠠᠵᠠᠷ᠎ᠢ ᠨᠡᠭᠡᠭᠡᠨ ᠠᠰᠢᠭᠯᠠᠬᠤ ᠵᠢ ᠴᠢᠩᠭ᠎ᠠ ᠡᠵᠡᠮᠳᠡᠵᠦ᠂ ᠬᠦᠨᠳᠦ ᠨᠣᠴᠢᠲᠠᠢ ᠡᠯᠡᠰᠦᠵᠢᠭᠰᠡᠨ ᠭᠠᠵᠠᠷ᠎ᠢ ᠬᠠᠭ᠋ᠠᠯᠪᠤᠷᠢᠯᠠᠬᠤ ᠵᠢ ᠴᠠᠭ᠋ᠠᠵᠠᠯᠠᠵᠤ᠂ 15 ᠭ᠋ᠷᠡᠳᠦ᠋ᠰ᠎ᠠᠴᠠ ᠳᠡᠭᠡᠭᠰᠢᠬᠢ ᠡᠭᠴᠡ ᠬᠥᠲᠥᠯ᠎ᠳᠤ ᠲᠠᠷᠢᠶᠠᠯᠠᠬᠤ ᠭᠠᠵᠠᠷ ᠬᠠᠭ᠋ᠠᠯᠪᠤᠷᠢᠯᠠᠬᠤ ᠵᠢ ᠴᠠᠭ᠋ᠠᠵᠠᠯᠠᠵᠤ᠂ ᠲᠣᠭᠲᠠᠭ᠋ᠠᠯ᠎ᠠᠴᠠ ᠵᠥᠷᠢᠴᠡᠨ ᠣᠶ ᠰᠢᠭᠤᠢ ᠵᠢ ᠡᠪᠳᠡᠨ᠂ ᠡᠪᠡᠰᠦ ᠪᠡᠯᠴᠢᠭᠡᠷ᠎ᠢ ᠰᠦᠢ᠍ᠳᠬᠡᠵᠦ ᠲᠠᠷᠢᠶᠠᠯᠠᠬᠤ ᠭᠠᠵᠠᠷ ᠬᠠᠭ᠋ᠠᠯᠪᠤᠷᠢᠯᠠᠬᠤ ᠵᠢ ᠴᠠᠭ᠋ᠠᠵᠠᠯᠠᠵᠤ᠂ ᠨᠠᠭᠤᠷ᠎ᠢ ᠬᠦᠷᠢᠶᠡᠯᠡᠨ ᠲᠠᠷᠢᠶᠠᠯᠠᠬᠤ ᠭᠠᠵᠠᠷ ᠭᠠᠷᠭ᠋ᠠᠬᠤ ᠪᠠ ᠭᠤᠣᠯ᠎ᠤᠨ ᠲᠠᠩ᠎ᠢ ᠡᠵᠡᠯᠡᠬᠦ ᠵᠢ ᠴᠠᠭ᠋ᠠᠵᠠᠯᠠᠵᠤ᠂ ᠲᠣᠭᠲᠠᠭ᠋ᠠᠯ᠎ᠠᠴᠠ ᠵᠥᠷᠢᠴᠡᠨ ᠨᠤᠭᠤ ᠭᠠᠵᠠᠷ᠎ᠢ ᠳᠠᠷᠤᠵᠤ ᠲᠠᠷᠢᠶᠠᠯᠠᠬᠤ ᠭᠠᠵᠠᠷ ᠪᠣᠯᠭ᠋ᠠᠨ ᠬᠠᠭ᠋ᠠᠯᠪᠤᠷᠢᠯᠠᠬᠤ ᠵᠢ ᠴᠠᠭ᠋ᠠᠵᠠᠯᠠᠵᠤ᠂ ᠠᠮᠢ ᠠᠬᠤᠢ ᠵᠢᠨ ᠤᠯᠠᠭ᠋ᠠᠨ ᠱᠤᠭᠤᠮ᠎ᠤᠨ ᠬᠡᠪᠴᠢᠶᠡᠨ᠎ᠳᠤ ᠲᠠᠷᠢᠶᠠᠯᠠᠬᠤ ᠭᠠᠵᠠᠷ᠎ᠢ ᠬᠠᠭ᠋ᠠᠯᠪᠤᠷᠢᠯᠠᠭ᠋ᠠᠳ ᠬᠡᠷᠡᠭᠯᠡᠭᠰᠡᠨ᠎ᠢ᠎ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠵᠢ ᠴᠠᠭ᠋ᠠᠵᠠᠯᠠᠨ᠎ᠠ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠦᠪᠵᠢᠭᠦᠯᠭᠡ ᠵᠢ ᠦᠨᠳᠦᠰᠦᠯᠡᠨ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠤ ᠲᠣᠬᠢᠷᠠᠭᠤᠯᠤᠨ᠂ ᠵᠦᠢ ᠵᠣᠬᠢᠰᠲᠠᠢ ᠪᠠᠶ᠋ᠢᠷᠢᠰᠢᠭᠤᠯᠵᠤ᠂ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠠᠷᠭ᠎ᠠ ᠵᠢ ᠠᠯᠬᠤᠮ ᠠᠯᠬᠤᠮ ᠵᠶ᠋ᠠᠷ ᠬᠤᠪᠢᠷᠠᠭᠤᠯᠵᠤ᠂ ᠲᠠᠷᠢᠶᠠᠯᠠᠬᠤ᠎ᠳᠤ ᠲᠣᠬᠢᠷᠠᠮᠵᠢᠲᠠᠢ ᠭᠠᠵᠠᠷ ᠰᠢᠷᠣᠢ ᠵᠢᠨ ᠪᠡᠯᠡᠳᠬᠡᠯ ᠡᠬᠢ ᠪᠠᠶᠠᠯᠢᠭ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ ᠬᠡᠷᠡᠭᠲᠡᠢ᠃ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠲᠥᠷᠥᠯ ᠵᠦᠢ᠍ᠯ᠎ᠢ ᠲᠣᠭᠲᠠᠭ᠋ᠠᠬᠤ᠎ᠠᠴᠠ ᠡᠮᠦᠨ᠎ᠡ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠢ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠡᠷᠬᠢᠨ ᠲᠣᠭᠤᠷᠢᠨ᠎ᠤ ᠣᠷᠴᠢᠨ ᠲᠣᠭᠤᠷᠢᠨ᠎ᠤ ᠨᠥᠯᠥᠭᠡᠯᠡᠯ ᠪᠠ ᠪᠣᠯᠣᠮᠵᠢᠲᠤ ᠴᠢᠨᠠᠷ ᠵᠡᠷᠭᠡ ᠪᠠᠶ᠋ᠢᠳᠠᠯ᠎ᠳᠤ ᠭᠦᠢ᠍ᠴᠡᠳ ᠨᠤᠲᠠᠯᠠᠯᠲᠠ ᠬᠢᠵᠦ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠤᠭ᠎ᠠ ᠵᠢ ᠪᠣᠶ ᠪᠣᠯᠭ᠋ᠠᠭᠰᠠᠨ᠎ᠤ ᠳᠠᠷᠠᠭ᠎ᠠ ᠦᠷᠭᠦᠯᠵᠢᠯᠡᠨ ᠲᠣᠭᠲᠠᠭᠤᠨ ᠵᠶ᠋ᠠᠷ ᠲᠠᠷᠢᠶᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠠᠵᠠᠷ ᠰᠢᠷᠣᠢ ᠵᠢ ᠴᠡᠭᠴᠡᠯᠡᠨ ᠵᠠᠰᠠᠬᠤ ᠪᠠ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠲᠥᠷᠥᠯ ᠵᠦᠢ᠍ᠯ᠎ᠢ ᠲᠠᠷᠢᠶᠠᠯᠠᠬᠤ ᠵᠢ ᠵᠣᠭᠰᠤᠭ᠋ᠠᠬᠤ ᠬᠡᠪᠴᠢᠶᠡᠨ᠎ᠳᠤ ᠳᠤᠷ᠎ᠠ᠎ᠪᠠᠷ ᠣᠷᠣᠭᠤᠯᠬᠤ ᠵᠢ ᠴᠢᠩᠭ᠎ᠠ ᠴᠠᠭ᠋ᠠᠵᠠᠯᠠᠨ᠎ᠠ᠃
(ᠠᠷᠪᠠᠨ ᠭᠤᠷᠪᠠ) ᠨᠥᠬᠦᠪᠦᠷᠢᠯᠡᠭᠰᠡᠨ ᠲᠠᠷᠢᠶᠠᠯᠠᠬᠤ ᠭᠠᠵᠠᠷ᠎ᠲᠤ ᠪᠠᠶ᠋ᠢᠴᠠᠭ᠋ᠠᠯᠲᠠ ᠬᠢᠵᠦ ᠰᠢᠯᠭ᠋ᠠᠨ ᠠᠪᠬᠤ ᠠᠵᠢᠯ᠎ᠢ ᠴᠢᠩᠳᠠᠯᠠᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠰᠢᠷᠣᠢ ᠵᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠵᠢᠷᠤᠮᠵᠢᠭᠤᠯᠤᠨ᠂ ᠲᠥᠷᠥᠯ ᠵᠦᠢ᠍ᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠵᠢᠨ ᠠᠵᠢᠯ᠎ᠢ ᠬᠢᠨᠠᠨ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ᠎ᠢ ᠰᠠᠶ᠋ᠢᠲᠤᠷ ᠬᠢᠵᠦ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠲᠤᠭ᠎ᠠ ᠬᠡᠮᠵᠢᠶ᠎ᠡ ᠵᠢ ᠮᠠᠭ᠋ᠠᠳᠯᠠᠨ ᠲᠣᠭᠲᠠᠭ᠋ᠠᠬᠤ ᠪᠠ ᠴᠢᠨᠠᠷ᠎ᠢ᠎ᠨᠢ ᠦᠨᠡᠯᠡᠨ ᠲᠣᠭᠲᠠᠭ᠋ᠠᠬᠤ᠎ᠪᠠᠨ ᠴᠢᠩᠳᠠᠯᠠᠵᠤ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠲᠤ ᠤᠷᠢᠳ ᠵᠶ᠋ᠠᠷ ᠭᠠᠵᠠᠷ ᠰᠢᠷᠣᠢ ᠵᠢᠨ ᠲᠥᠷᠥᠯ᠎ᠢ᠎ᠨᠢ ᠬᠤᠪᠢᠷᠠᠭᠤᠯᠵᠤ ᠳᠠᠬᠢᠭ᠋ᠠᠳ ᠰᠢᠯᠭ᠋ᠠᠨ ᠠᠪᠴᠤ ᠮᠡᠳᠡᠭᠦᠯᠦᠨ ᠳᠠᠩᠰᠠᠯᠠᠭᠤᠯᠬᠤ ᠵᠢ ᠬᠡᠷᠡᠭᠵᠢᠭᠦᠯᠵᠦ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ᠎ᠤᠨ ᠲᠤᠭ᠎ᠠ ᠬᠡᠮᠵᠢᠶ᠎ᠡ ᠪᠠ ᠴᠢᠨᠠᠷ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
(ᠠᠷᠪᠠᠨ ᠳᠥᠷᠪᠡ) ᠨᠥᠬᠦᠪᠦᠷᠢᠯᠡᠭᠰᠡᠨ ᠲᠠᠷᠢᠶᠠᠯᠠᠬᠤ ᠭᠠᠵᠠᠷ᠎ᠲᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠨᠥᠬᠦᠪᠦᠷᠢᠯᠡᠭᠰᠡᠨ ᠲᠠᠷᠢᠶᠠᠯᠠᠬᠤ ᠭᠠᠵᠠᠷ᠎ᠲᠠᠬᠢ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ᠎ᠪᠠᠨ ᠴᠢᠩᠭ᠋ᠠᠳᠬᠠᠵᠤ᠂ ᠬᠠᠮᠢᠶᠠᠷᠤᠨ ᠬᠠᠮᠠᠭ᠋ᠠᠯᠠᠬᠤ ᠭᠤᠣᠯ ᠴᠣᠭᠴᠠ ᠵᠢ ᠲᠣᠳᠣᠷᠬᠠᠶ᠋ᠢᠯᠠᠨ᠂ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠮᠢᠶᠠᠷᠤᠨ ᠬᠠᠮᠠᠭ᠋ᠠᠯᠠᠬᠤ ᠵᠠᠷᠤᠳᠠᠯ᠎ᠢ ᠪᠠᠲᠤᠯᠠᠨ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ᠎ᠲᠤ ᠦᠷᠭᠦᠯᠵᠢᠯᠡᠨ ᠲᠣᠭᠲᠠᠭᠤᠨ ᠵᠶ᠋ᠠᠷ ᠳᠠᠷᠢᠵᠤ ᠪᠣᠯᠬᠤ ᠵᠢ ᠦᠨᠡᠨ ᠬᠦ᠌ ᠪᠠᠲᠤᠯᠠᠵᠤ᠂ ᠠᠲᠠᠷᠰᠢᠭᠤᠯᠵᠤ ᠬᠠᠭ᠋ᠠᠯᠪᠤᠷᠢᠯᠠᠬᠤ᠎ᠪᠠᠨ ᠪᠣᠯᠢᠬᠤ ᠪᠠ ᠦᠢ᠍ᠯᠡᠳᠪᠦᠷᠢᠯᠡᠬᠦ ᠴᠢᠳᠠᠮᠵᠢ ᠵᠢᠨ ᠪᠠᠭᠤᠷᠠᠬᠤ ᠵᠢ ᠰᠡᠷᠭᠡᠶ᠋ᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠵᠢᠯ ᠪᠦᠷᠢ ᠬᠥᠮᠥᠷᠭᠡ᠎ᠳᠤ ᠣᠷᠣᠭᠤᠯᠤᠭᠰᠠᠨ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠲᠥᠷᠥᠯ ᠵᠦᠢ᠍ᠯ᠎ᠳᠤ 1 ᠤᠳᠠᠭ᠎ᠠ ᠪᠥᠬᠦ ᠲᠠᠯ᠎ᠠ ᠵᠢᠨ ᠵᠢᠷᠤᠭ ᠳᠦᠷᠰᠦ ᠵᠢᠨ ᠬᠠᠷᠭᠤᠭᠤᠯᠤᠨ ᠪᠠᠶ᠋ᠢᠴᠠᠭ᠋ᠠᠯᠲᠠ ᠬᠢᠵᠦ᠂ ᠵᠢᠷᠤᠭ ᠳᠦᠷᠰᠦ᠎ᠳᠤ ᠰᠡᠵᠢᠭᠯᠡᠯᠲᠡᠢ ᠠᠰᠠᠭᠤᠳᠠᠯ᠎ᠲᠠᠢ ᠲᠥᠷᠥᠯ ᠵᠦᠢ᠍ᠯ᠎ᠢ 15%᠎ᠠᠴᠠ ᠳᠤᠲᠠᠭᠤ ᠦᠭᠡᠢ᠎ᠪᠠᠷ ᠰᠣᠩᠭᠤᠨ ᠠᠪᠴᠤ ᠪᠣᠳᠠᠲᠠᠢ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠯᠲᠠ ᠬᠢᠨ᠎ᠡ᠃ ᠠᠲᠠᠷᠰᠢᠭᠤᠯᠵᠤ ᠬᠠᠭ᠋ᠠᠯᠪᠤᠷᠢᠯᠠᠬᠤ᠎ᠪᠠᠨ ᠪᠣᠯᠢᠭᠰᠠᠨ ᠲᠠᠯᠠᠪᠠᠶ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠭᠦᠢ᠍ᠴᠡᠳᠬᠡᠯ ᠲᠤᠭ᠎ᠠ ᠵᠢᠨ ᠶᠡᠷᠦᠩᠬᠡᠢ ᠲᠠᠯᠠᠪᠠᠶ ᠵᠢᠨ 10%᠎ᠠᠴᠠ ᠳᠡᠭᠡᠭᠰᠢ᠎ᠳᠤ ᠬᠦᠷᠦᠭᠰᠡᠨ ᠪᠣᠯ᠂ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠵᠣᠬᠢᠬᠤ ᠭᠦᠢ᠍ᠴᠡᠳᠬᠡᠯ ᠲᠤᠭ᠎ᠠ ᠵᠢ ᠴᠡᠪᠳᠡᠭᠰᠢᠭᠦᠯᠵᠦ᠂ ᠲᠣᠰ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠰᠢᠨ᠎ᠡ᠎ᠪᠠᠷ ᠨᠡᠮᠡᠭᠳᠡᠬᠦ ᠲᠠᠷᠢᠶᠠᠯᠠᠬᠤ ᠭᠠᠵᠠᠷ᠎ᠢ ᠬᠠᠷᠭᠤᠭᠤᠯᠤᠨ ᠲᠣᠭᠲᠠᠭ᠋ᠠᠬᠤ ᠪᠠ ᠲᠥᠷᠥᠯ ᠵᠦᠢ᠍ᠯ᠎ᠤᠨ ᠭᠦᠢ᠍ᠴᠡᠳᠬᠡᠯ ᠲᠤᠭ᠎ᠠ ᠵᠢ ᠬᠥᠮᠥᠷᠭᠡ᠎ᠳᠤ ᠣᠷᠣᠭᠤᠯᠬᠤ ᠭᠤᠶᠤᠴᠢᠯᠠᠯ᠎ᠢ ᠲᠦᠷ ᠵᠣᠭᠰᠣᠭ᠋ᠠᠨ᠎ᠠ᠃ ᠬᠠᠮᠢᠶ᠎ᠠ ᠪᠦᠬᠦᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠴᠡᠭᠴᠡᠯᠡᠨ ᠰᠠᠶ᠋ᠢᠵᠢᠷᠠᠭᠤᠯᠬᠤ ᠵᠢ ᠢᠳᠡᠪᠬᠢᠲᠡᠢ ᠵᠣᠬᠢᠶᠠᠨ ᠪᠠᠶ᠋ᠢᠭᠤᠯᠵᠤ᠂ ᠲᠠᠷᠢᠶᠠᠯᠠᠬᠤ ᠭᠠᠵᠠᠷ᠎ᠢ ᠨᠥᠬᠦᠪᠦᠷᠢᠯᠡᠬᠦ ᠲᠥᠷᠥᠯ ᠵᠦᠢ᠍ᠯ᠎ᠢ ᠰᠢᠯᠭ᠋ᠠᠨ ᠬᠤᠷᠢᠶᠠᠬᠤ ᠰᠠᠯᠠᠭ᠎ᠠ ᠮᠥᠴᠢᠷ᠎ᠠᠴᠠ ᠳᠠᠬᠢᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠭ᠋ᠠᠳ ᠴᠡᠭᠴᠡᠯᠡᠨ ᠰᠠᠶ᠋ᠢᠵᠢᠷᠠᠭᠤᠯᠵᠤ ᠳᠠᠭᠤᠰᠤᠭᠰᠠᠨ᠎ᠤ ᠳᠠᠷᠠᠭ᠎ᠠ᠂ ᠵᠣᠬᠢᠬᠤ ᠭᠦᠢ᠍ᠴᠡᠳᠬᠡᠯ ᠲᠤᠭ᠎ᠠ ᠵᠢ᠎ᠨᠢ ᠴᠡᠪᠳᠡᠭᠰᠢᠯᠠᠴᠠ ᠲᠠᠶ᠋ᠢᠯᠬᠤ ᠵᠢᠨ ᠬᠠᠮᠲᠤ ᠬᠥᠮᠥᠷᠭᠡ᠎ᠳᠤ ᠣᠷᠣᠭᠤᠯᠬᠤ ᠭᠤᠶᠤᠴᠢᠯᠠᠯ᠎ᠢ ᠰᠡᠷᠭᠦᠭᠡᠵᠦ ᠭᠥᠯᠢᠶᠡᠨ ᠠᠪᠴᠤ ᠰᠢᠢ᠍ᠳᠪᠦᠷᠢᠯᠡᠨ᠎ᠡ᠃
ᠳᠥᠷᠪᠡ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ
(ᠠᠷᠪᠠᠨ ᠲᠠᠪᠤ) ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠪᠦᠷᠢᠳᠬᠡᠨ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠵᠢ ᠨᠠᠶ᠋ᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠷᠢᠳᠬᠡᠨ ᠳᠠᠩᠰᠠᠯᠠᠬᠤ ᠶᠠᠪᠤᠴᠠ᠎ᠳᠤ᠂ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ᠎ᠢ ᠴᠢᠩᠭ᠎ᠠ ᠬᠠᠮᠠᠭ᠋ᠠᠯᠠᠬᠤ᠂ ᠭᠠᠵᠠᠷ ᠰᠢᠷᠣᠢ ᠵᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠶᠣᠰᠣᠭ᠋ᠠᠷ ᠲᠤᠬᠠᠢ ᠵᠢᠨ ᠭᠠᠵᠠᠷ᠎ᠤᠨ ᠲᠠᠷᠢᠶᠠᠯᠠᠩ᠎ᠤᠨ ᠬᠥᠭᠵᠢᠯᠲᠡ ᠵᠢᠨ ᠲᠥᠯᠦᠪᠵᠢᠭᠦᠯᠭᠡ᠂ ᠲᠠᠷᠢᠶᠠᠯᠠᠩ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠲᠠᠷᠢᠶᠠᠯᠠᠩ ᠦᠢ᠍ᠯᠡᠳᠪᠦᠷᠢᠯᠡᠯ᠎ᠤᠨ ᠲᠥᠯᠥᠪᠯᠡᠭᠡ ᠪᠠ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠦᠨᠳᠦᠰᠦᠯᠡᠨ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠪᠠᠶ᠋ᠢᠷᠢᠯᠠᠭᠤᠯᠬᠤ ᠬᠡᠷᠡᠭᠲᠡᠢ᠃ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠎ᠨᠢ ᠬᠠᠮᠢᠶᠠᠷᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠨᠠᠶ᠋ᠢᠳᠠᠪᠤᠷᠢᠵᠢᠭᠤᠯᠵᠤ᠂ ᠲᠣᠭᠲᠠᠭ᠋ᠠᠯ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠭᠠᠵᠠᠷ ᠰᠢᠷᠣᠢ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠤᠰᠠᠭ᠋ᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ ᠪᠠ ᠲᠠᠷᠢᠶᠠᠴᠢᠳ ᠮᠠᠯᠴᠢᠳ᠎ᠤᠨ ᠭᠡᠷ᠎ᠤᠨ ᠵᠶ᠋ᠠᠨ ᠠᠷᠤ ᠥᠪᠥᠷ ᠵᠶ᠋ᠠᠷ ᠥᠪᠡᠷ ᠵᠶ᠋ᠠᠨ ᠪᠠᠶ᠋ᠢᠭᠤᠯᠤᠭᠰᠠᠨ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠢ ᠰᠠᠯᠭ᠋ᠠᠨ ᠬᠠᠮᠢᠶᠠᠷᠬᠤ ᠬᠡᠷᠡᠭᠲᠡᠢ᠃ ᠲᠠᠷᠢᠶᠠᠴᠣᠨ ᠮᠠᠯᠴᠢᠳ᠎ᠤᠨ ᠭᠡᠷ᠎ᠤᠨ ᠵᠶ᠋ᠠᠨ ᠠᠷᠤ ᠥᠪᠥᠷ ᠵᠶ᠋ᠠᠷ ᠥᠪᠡᠷ ᠵᠶ᠋ᠠᠨ ᠪᠠᠶ᠋ᠢᠭᠤᠯᠤᠭᠰᠠᠨ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠳᠤ ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠲᠠᠰ ᠳᠠᠷᠠᠭ᠋ᠠᠯᠠᠯ᠎ᠢ ᠳᠥᠭᠦᠮᠴᠢᠯᠡᠵᠦ᠂ ᠡᠬᠡ ᠲᠠᠩᠰᠠ ᠵᠢᠨ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ; ᠪᠦᠷᠢᠳᠬᠡᠨ ᠳᠠᠩᠰᠠᠯᠠᠭᠤᠯᠬᠤ ᠶᠠᠪᠤᠴᠠ᠎ᠳᠤ ᠲᠠᠷᠢᠶᠠᠴᠣᠨ ᠮᠠᠯᠴᠢᠳ᠎ᠠᠴᠠ ᠶᠠᠮᠠᠷᠪᠠ ᠰᠦᠢ᠍ᠳᠬᠡᠯ ᠬᠤᠷᠢᠶᠠᠬᠤ ᠵᠢ ᠴᠢᠩᠭ᠎ᠠ ᠴᠠᠭ᠋ᠠᠵᠠᠯᠠᠨ᠎ᠠ᠃ ᠲᠤᠰᠠᠭ᠋ᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠳᠤ ᠵᠢᠷᠤᠭᠲᠤ ᠲᠣᠳᠣᠷᠠᠭᠤᠯᠤᠨ ᠬᠥᠮᠥᠷᠭᠡ᠎ᠳᠤ ᠣᠷᠣᠭᠤᠯᠬᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠨᠢᠭᠡᠨᠲᠡ ᠪᠠᠶ᠋ᠢᠭᠤᠯᠤᠭᠰᠠᠨ᠂ ᠪᠠᠶ᠋ᠢᠭᠤᠯᠵᠤ ᠪᠠᠶ᠋ᠢᠭ᠎ᠠ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠷᠬᠡᠪᠰᠢ ᠲᠣᠭᠲᠠᠭᠰᠠᠨ ᠴᠠᠭ ᠬᠤᠭᠤᠴᠠᠭ᠋ᠠᠨ᠎ᠳᠤ ᠪᠦᠬᠦᠨ᠎ᠢ ᠵᠢᠷᠤᠭᠲᠤ ᠲᠣᠳᠣᠷᠠᠭᠤᠯᠤᠨ ᠬᠥᠮᠥᠷᠭᠡ᠎ᠳᠤ ᠣᠷᠣᠭᠤᠯᠵᠤ᠂ ᠰᠢᠨ᠎ᠡ᠎ᠪᠠᠷ ᠪᠠᠶ᠋ᠢᠭᠤᠯᠤᠭᠰᠠᠨ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠷᠢᠳᠬᠡᠨ ᠳᠠᠩᠰᠠᠯᠠᠭᠤᠯᠤᠭᠰᠠᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ ᠵᠢᠷᠤᠭᠲᠤ ᠲᠣᠳᠣᠷᠠᠭᠤᠯᠤᠨ ᠬᠥᠮᠥᠷᠭᠡ᠎ᠳᠤ ᠣᠷᠣᠭᠤᠯᠬᠤ ᠵᠢᠨ ᠬᠠᠮᠲᠤ᠂ ᠣᠨ᠎ᠤ ᠤᠯᠤᠰ᠎ᠤᠨ ᠭᠠᠵᠠᠷ ᠰᠢᠷᠣᠢ ᠵᠢᠨ ᠬᠤᠪᠢᠷᠠᠭ᠋ᠠᠬᠤ ᠪᠠᠶ᠋ᠢᠴᠠᠭ᠋ᠠᠯᠲᠠ᠎ᠳᠤ ᠭᠠᠵᠠᠷ ᠰᠢᠷᠣᠢ ᠵᠢᠨ ᠲᠥᠷᠥᠯ᠎ᠢ᠎ᠨᠢ ᠬᠤᠪᠢᠷᠠᠭᠤᠯᠬᠤ ᠬᠡᠷᠡᠭᠲᠡᠢ᠃
(ᠠᠷᠪᠠᠨ ᠵᠢᠷᠭᠤᠭ᠎ᠠ) ᠰᠢᠨ᠎ᠡ᠎ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠠᠬᠢ ᠬᠢᠨᠠᠯᠲᠠ ᠪᠠᠶ᠋ᠢᠴᠠᠭ᠋ᠠᠯᠲᠠ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠮᠡᠳᠡᠭᠡ ᠵᠠᠩᠭᠢᠴᠢᠯᠠᠯᠲᠠ ᠵᠢᠨ ᠠᠷᠭ᠎ᠠ ᠠᠪᠴᠠᠯ ᠵᠶ᠋ᠠᠷ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ ᠵᠢ ᠰᠢᠯᠭ᠋ᠠᠨ ᠬᠢᠨᠠᠬᠤ᠂ ᠭᠠᠵᠠᠷ ᠰᠢᠷᠣᠢ ᠵᠢᠨ ᠳᠠᠭ᠋ᠠᠭᠤᠯᠢ ᠣᠳᠣᠨ᠎ᠤ ᠵᠢᠷᠤᠭ ᠳᠦᠷᠰᠦ᠎ᠪᠠᠷ ᠬᠠᠤᠯᠢ ᠬᠡᠷᠡᠭᠵᠢᠭᠦᠯᠬᠦ᠂ ᠬᠠᠤᠯᠢ᠎ᠠᠴᠠ ᠵᠥᠷᠢᠴᠡᠵᠦ ᠭᠠᠵᠠᠷ ᠬᠡᠷᠡᠭᠯᠡᠭᠰᠡᠨ᠎ᠢ ᠴᠠᠭ ᠲᠤᠬᠠᠢᠳᠤᠨᠢ ᠬᠢᠨᠠᠨ ᠬᠠᠮᠢᠶᠠᠷᠬᠤ ᠵᠡᠷᠭᠡ ᠠᠵᠢᠯ᠎ᠤᠨ ᠶᠠᠪᠤᠴᠠ᠎ᠳᠤ᠎ᠪᠠᠨ ᠰᠢᠨ᠎ᠡ᠎ᠪᠠᠷ ᠨᠡᠮᠡᠭᠳᠡᠭᠰᠡᠨ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠠᠬᠢ ᠬᠢᠨᠠᠯᠲᠠ ᠪᠠᠶ᠋ᠢᠴᠠᠭ᠋ᠠᠯᠲᠠ᠎ᠪᠠᠨ ᠴᠢᠩᠭ᠋ᠠᠳᠬᠠᠵᠤ᠂ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠤᠨ ᠵᠢᠯ ᠪᠦᠷᠢ ᠵᠢᠨ ᠳᠣᠲᠣᠷᠠᠬᠢ ᠭᠠᠳᠠᠨᠠᠬᠢ ᠠᠵᠢᠯ ᠲᠦᠷᠦᠯ᠎ᠢ ᠪᠠᠶ᠋ᠢᠴᠠᠭ᠋ᠠᠬᠤ ᠬᠠᠷᠢᠴᠠᠯ᠎ᠢ 15%᠎ᠠᠴᠠ ᠳᠣᠣᠷ᠎ᠠ ᠪᠠᠶ᠋ᠢᠯᠭ᠋ᠠᠬᠤ ᠦᠭᠡᠢ᠃
ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ 《ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 32 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
2023 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ
(ᠲᠣᠰ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ ᠳᠠᠷᠤᠮᠠᠯᠯᠠᠨ ᠲᠠᠷᠬᠠᠭ᠋ᠠᠪᠠ